ᠬᠠᠶᠢᠨᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠮᠠᠨ ᠤ ᠲᠤᠭᠤᠷᠢᠭ ᠤᠨ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠠᠵᠢᠯ ᠤᠨ ᠪᠠᠶᠢᠳᠠᠯ ᠢ ᠲᠤᠰᠬᠠᠶ ᠰᠡᠳᠦᠪ ᠢᠶᠠᠷ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/6/26
      ᠮᠠᠨ ᠤ ᠲᠤᠭᠤᠷᠢᠭ ᠤᠨ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠠᠵᠢᠯ ᠤᠨ ᠠᠵᠢᠯᠯᠠᠭᠠᠨ ᠤ ᠲᠣᠭᠲᠠᠴᠠ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠰᠠᠶᠢᠵᠢᠷᠠᠭᠤᠯᠬᠤ ᠴᠢᠭᠯᠡᠯ ᠢ ᠪᠥᠬᠦ ᠲᠠᠯ᠎ᠠ ᠪᠠᠷ ᠣᠶᠢᠯᠠᠭᠠᠬᠤ ᠶᠢᠨ ᠲᠥᠯᠥᠭᠡ᠂ 6 ᠰᠠᠷ᠎ᠠ ᠶᠢᠨ 24 ᠤ ᠡᠳᠦᠷ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠸᠠᠩ ᠵᠢᠶᠦ᠋ᠨ ᠫᠢᠩ ᠳᠡᠳ᠋ ᠡᠷᠬᠢᠯᠡᠭᠴᠢ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠬᠠᠤᠯᠢ ᠴᠠᠭᠠᠵᠠ ᠶᠢᠨ ᠠᠵᠢᠯ ᠤᠨ ᠵᠥᠪᠯᠡᠯ ᠤᠨ ᠬᠡᠰᠡᠭ ᠭᠡᠰᠢᠭᠦᠨ ᠢᠶᠠᠷ ᠪᠦᠷᠢᠯᠳᠦᠬᠦᠨ ᠪᠣᠯᠭᠠᠭᠰᠠᠨ ᠪᠠᠶᠢᠴᠠᠭᠠᠨ ᠰᠤᠳᠤᠯᠬᠤ ᠳᠤᠭᠤᠶᠢᠯᠠᠩ ᠢ ᠪᠦᠷᠢᠯᠳᠦᠭᠦᠯᠵᠦ᠂ ᠮᠠᠨ ᠤ ᠲᠤᠭᠤᠷᠢᠭ ᠤᠨ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠠᠵᠢᠯ ᠤᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠴᠢᠩ ᠲᠢᠩ ᠵᠢᠶᠠ ᠶᠤᠸᠠᠨ ᠰᠠᠭᠤᠭᠠᠯᠢ ᠠᠷᠠᠳ ᠤᠨ ᠲᠣᠭᠤᠷᠢᠭ᠂ ᠾᠧ ᠫᠢᠩ ᠠᠷᠠᠳ ᠲᠤ ᠲᠦᠬᠦᠮ ᠦᠵᠡᠭᠦᠯᠬᠦ ᠵᠠᠬ᠎ᠠ ᠳᠡᠯᠭᠡᠭᠦᠷ᠂ ᠶᠢᠨ ᠬᠠᠢ ᠰᠤᠯᠠ ᠢᠳᠡᠭᠡᠨ ᠤ ᠵᠡᠭᠡᠯᠢ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠬᠤᠶᠢᠲᠤ ᠲᠠᠯ᠎ᠠ ᠶᠢᠨ ᠬᠠᠷᠮᠠᠨ ᠴᠡᠴᠡᠷᠯᠢᠭ᠂ ᠤᠢ ᠰᠢᠭᠤᠢ ᠶᠢᠨ ᠴᠡᠴᠡᠷᠯᠢᠭ ᠤᠨ ᠣᠷᠣᠨ ᠰᠠᠭᠤᠴᠠ ᠶᠢᠨ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ᠂ ᠬᠠᠳᠤᠨ ᠭᠤᠣᠯ ᠤᠨ ᠵᠠᠬ᠎ᠠ ᠳᠡᠯᠭᠡᠭᠦᠷ ᠤᠨ ᠬᠤᠶᠢᠲᠤ ᠲᠠᠯ᠎ᠠ ᠶᠢᠨ ᠠᠮᠢᠳᠤᠷᠠᠯ ᠤᠨ ᠬᠤᠭ ᠨᠣᠪᠰᠢ ᠶᠢ ᠰᠢᠯᠵᠢᠭᠦᠯᠦᠨ ᠲᠡᠭᠡᠭᠡᠪᠦᠷᠢᠯᠡᠬᠦ ᠦᠷᠳᠡᠭᠡ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠮᠠᠨ ᠤ ᠲᠣᠭᠤᠷᠢᠭ ᠤᠨ ᠪᠠᠭ᠎ᠠ ᠲᠣᠭᠤᠷᠢᠭ ᠤᠨ ᠪᠦᠳᠦᠭᠡᠨ ᠪᠠᠶᠢᠭᠤᠯᠤᠯᠲᠠ᠂ ᠬᠤᠳᠠ ᠶᠢᠨ ᠦᠵᠡᠮᠵᠢ ᠶᠢᠨ ᠣᠷᠴᠢᠨ ᠲᠣᠭᠤᠷᠢᠨ᠂ ᠵᠠᠬ᠎ᠠ ᠳᠡᠯᠭᠡᠭᠦᠷ ᠤᠨ ᠬᠠᠮᠢᠶᠠᠷᠤᠯᠲᠠ᠂ ᠴᠡᠴᠡᠷᠯᠢᠭ ᠤᠨ ᠨᠣᠭᠤᠭᠠᠷᠠᠭᠤᠯᠤᠯᠲᠠ᠂ ᠬᠤᠳᠠ ᠶᠢᠨ ᠶᠠᠪᠤᠳᠠᠯ ᠤᠨ ᠲᠥᠬᠦᠭᠡᠷᠦᠮᠵᠢ ᠶᠢᠨ ᠠᠵᠢᠯᠯᠠᠭᠠᠨ ᠵᠡᠷᠭᠡ ᠲᠠᠯ᠎ᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠬᠤᠳᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠠᠵᠢᠯ ᠤᠨ ᠲᠤᠬᠠᠢ ᠬᠤᠯᠪᠣᠭᠳᠠᠯ ᠪᠦᠬᠦᠢ ᠬᠥᠮᠦᠰ ᠲᠠᠢ ᠲᠤᠬᠠᠢ ᠶᠢᠨ ᠭᠠᠵᠠᠷ ᠲᠤᠨᠢ ᠰᠠᠨᠠᠯ ᠢᠶᠠᠨ ᠰᠣᠯᠢᠯᠴᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠬᠤᠲᠠ ᠶᠢᠨ ᠬᠠᠮᠢᠶᠠᠷᠤᠯᠲᠠ ᠶᠢᠨ ᠠᠵᠢᠯ ᠮᠢᠩᠭ᠎ᠠ ᠲᠦᠮᠡ ᠭᠠᠷᠤᠶ ᠪᠠᠶᠢᠵᠤ᠂ ᠲᠤᠭᠤᠷᠢᠭ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠷᠭ᠎ᠠ︾ ︽ᠦᠬᠠᠶ ᠬᠤᠲᠠ ᠶᠢᠨ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠦᠷᠢᠮ︾ ᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠴᠤᠭᠭᠠᠷ ᠠᠳᠬᠤᠨ ᠬᠠᠮᠲᠤ ᠪᠠᠷ ᠬᠠᠮᠢᠶᠠᠷᠴᠤ᠂ ᠬᠤᠲᠠ ᠶᠢᠨ ᠬᠠᠮᠢᠶᠠᠷᠤᠯᠲᠠ ᠶᠢᠨ ᠠᠵᠢᠯ ᠢ ᠪᠥᠬᠦ ᠲᠠᠯ᠎ᠠ ᠪᠠᠷ ᠰᠠᠶᠢᠲᠤᠷ ᠠᠳᠬᠤᠬᠤ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠠᠭᠤᠷᠠᠢ ᠭᠤᠭᠴᠤᠭ᠎ᠠ ᠶᠢ ᠴᠢᠩᠭ᠎ᠠ ᠠᠩᠬᠠᠷᠴᠤ᠂ ᠵᠠᠮ ᠬᠠᠷᠢᠯᠴᠠᠭᠠᠨ ᠤ ᠳᠦᠷᠢᠮ ᠠᠴᠠ ᠵᠥᠷᠢᠴᠡᠭᠰᠡᠨ᠂ ᠲᠡᠷᠭᠡ ᠬᠥᠰᠬᠡ ᠶᠢᠨ ᠵᠣᠭᠰᠣᠭᠠᠯ ᠲᠣᠭᠲᠠᠭᠠᠯ ᠠᠴᠠ ᠵᠥᠷᠢᠴᠡᠭᠰᠡᠨ᠂ ︽ᠡᠪᠦᠭᠡᠨ︾ ᠲᠣᠭᠲᠠᠭᠠᠯ ᠠᠴᠠ ᠵᠥᠷᠢᠴᠡᠨ ᠬᠥᠮᠦᠨ ᠠᠴᠢᠶᠠᠯᠠᠭᠰᠠᠨ᠂ ᠵᠠᠮ ᠡᠵᠡᠯᠡᠨ ᠡᠵᠡᠩᠨᠡᠭᠰᠡᠨ ᠵᠡᠷᠭᠡ ᠠᠰᠠᠭᠤᠳᠠᠯ ᠳᠤ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠬᠤᠳᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ︽ᠴᠡᠭᠴᠡᠯᠡᠨ ᠰᠠᠶᠢᠵᠢᠷᠠᠭᠤᠯᠬᠤ ᠶᠢ ᠠᠳᠬᠤᠬᠤ︾ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠬᠤᠲᠠ ᠶᠢᠨ ᠬᠠᠮᠢᠶᠠᠷᠤᠯᠲᠠ ᠶᠢᠨ ᠠᠵᠢᠯ ᠤᠨ ᠲᠤᠬᠠᠶ ᠠᠷᠠᠳ ᠣᠯᠠᠨ ᠤ ᠰᠠᠨᠠᠯ ᠰᠠᠨᠠᠭᠤᠯᠭ᠎ᠠ ᠶᠢ ᠭᠦᠢᠴᠡᠳ ᠰᠣᠨᠣᠰᠴᠤ᠂ ᠮᠠᠨ ᠤ ᠲᠤᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠬᠤ᠂ ᠰᠢᠨᠵᠢᠯᠡᠬᠦ ᠤᠬᠠᠭᠠᠨᠴᠢᠯᠠᠬᠤ᠂ ᠬᠠᠤᠯᠢ ᠳᠦᠷᠢᠮᠵᠢᠭᠦᠯᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠶ ᠭᠡᠵᠡᠢ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号