ᠭᠦᠬᠤᠰᠣ ᠪᠠᠯᠭᠠᠰᠤ ᠳᠥᠷᠪᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ 106 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/28
      6 ᠰᠠᠷ᠎ᠠ ᠶᠢᠨ 27 ᠤ ᠡᠳᠦᠷ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠭᠧ ᠸᠠᠨ ᠯᠦᠩ ᠭᠦᠬᠤᠰᠣ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ 106 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠦᠨᠡᠨ︾ ᠰᠡᠳᠬᠦᠯ ᠳᠤ ᠨᠡᠶᠢᠲᠡᠯᠡᠭᠰᠡᠨ ︽ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠪᠠ ᠴᠢᠬᠤᠯᠠ ᠬᠦᠴᠦᠯᠡᠬᠦ ᠴᠡᠭ ᠮᠥᠨ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠮᠠᠨ ᠤ ᠪᠠᠯᠭᠠᠰᠤᠨ ᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠡᠯᠪᠡᠭ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠮᠠᠨ ᠤ ᠪᠠᠯᠭᠠᠰᠤᠨ ᠤ ᠠᠵᠢᠯ ᠣᠯᠭᠤᠯᠲᠠ ᠶᠢᠨ ᠠᠵᠢᠯ ᠤᠨ ᠪᠠᠶᠢᠳᠠᠯ ᠢ ᠤᠯᠠᠮ ᠴᠢᠨᠠᠭᠰᠢᠳᠠ ᠵᠠᠳᠠᠯᠤᠨ ᠰᠤᠳᠤᠯᠵᠤ᠂ ᠭᠤᠣᠯᠳᠠᠯᠭ᠎ᠠ ᠲᠠᠢ ᠠᠵᠢᠯ ᠣᠯᠭᠤᠯᠲᠠ ᠶᠢᠨ ᠬᠠᠮᠲᠤᠯᠢᠭ ᠤᠨ ᠬᠠᠨᠳᠤᠯᠭᠠᠲᠤ ᠴᠢᠨᠠᠷ ᠤᠨ ᠲᠣᠭᠤᠷᠢᠨ ᠳᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠬᠠᠩᠭᠠᠬᠤ ᠬᠡᠷᠡᠭᠲᠡᠢ᠃ ᠠᠵᠢᠯ ᠣᠯᠭᠤᠯᠲᠠ ᠶᠢ ᠠᠬᠢᠭᠤᠯᠬᠤ ᠳᠤᠮᠳᠠᠬᠢ ᠵᠠᠰᠠᠭ ᠤᠨ ᠣᠷᠳᠣᠨ ᠤ ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠵᠤ᠂ ᠡᠳᠦᠷ ᠤᠨ ᠬᠦᠴᠦᠨ ᠤ ᠵᠠᠬ᠎ᠠ ᠳᠡᠯᠭᠡᠭᠦᠷ ᠤᠨ ᠲᠠᠪᠴᠠᠩ ᠢ ᠠᠰᠢᠭᠯᠠᠨ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠵᠦ᠂ ᠭᠤᠣᠯᠳᠠᠯᠭ᠎ᠠ ᠲᠠᠢ ᠬᠥᠮᠥᠰ ᠤᠨ ᠠᠵᠢᠯ ᠣᠯᠭᠤᠯᠲᠠ ᠶᠢ ᠭᠠᠷᠬᠤ ᠵᠠᠮ ᠲᠠᠢ᠂ ᠠᠮᠢᠳᠤᠷᠠᠯ ᠢ ᠪᠠᠲᠤᠯᠠᠭ᠎ᠠ ᠲᠠᠢ ᠪᠣᠯᠭᠠᠵᠤ᠂ ᠠᠷᠠᠳ ᠤᠨ ᠠᠮᠢᠳᠤᠷᠠᠯ ᠤᠨ ᠦᠨᠳᠦᠰᠦᠨ ᠵᠦᠢᠯ ᠢ ᠪᠠᠲᠤᠯᠠᠬᠤ ᠠᠮᠤᠷ ᠲᠦᠪᠰᠢᠨ ᠤ ᠲᠣᠣᠷ ᠢ ᠨᠡᠩ ᠨᠢᠭᠲᠠ᠂ ᠨᠡᠩ ᠪᠠᠲᠤ ᠰᠦᠯᠵᠢᠬᠦ ᠪᠠᠷ ᠴᠢᠷᠮᠠᠶᠢᠬᠤ ᠬᠡᠷᠡᠭᠲᠡᠢ᠃      ᠬᠤᠷᠠᠯ ᠠᠴᠠ ︽ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠳᠦᠷᠢᠮ︾ ᠢ ᠤᠯᠠᠮᠵᠢᠯᠠᠨ ᠰᠤᠷᠤᠯᠴᠠᠵᠤ᠂ ᠬᠦᠬᠤᠰᠣ ᠪᠠᠯᠭᠠᠰᠤᠨ ᠤ 2024 ᠣᠨ ᠤ ᠳᠡᠭᠡᠷ᠎ᠡ ᠬᠠᠭᠠᠰ ᠵᠢᠯ ᠤᠨ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠪᠣᠯᠣᠨ ᠬᠡᠷᠡᠭ ᠢ ᠳᠠᠭᠠᠭᠠᠴᠢᠯᠠᠨ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠬᠦ ᠶᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠬᠥᠮᠦᠰ ᠢ ᠲᠣᠭᠲᠠᠭᠤᠨ ᠢᠶᠠᠷ ᠡᠵᠡᠮᠳᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠡᠷᠡᠭ ᠢ ᠳᠠᠭᠠᠭᠠᠴᠢᠯᠠᠭᠰᠠᠨ ᠤᠳᠤᠷᠢᠳᠤᠯᠭ᠎ᠠ ᠪᠠ ᠲᠣᠭᠲᠠᠭᠤᠨ ᠡᠵᠡᠮᠳᠡᠬᠦ ᠬᠠᠷᠢᠭᠤᠴᠠᠯᠭᠠᠲᠠᠨ ᠪᠠᠶᠢᠩᠭᠤ ᠶᠢᠨ ᠴᠢᠨᠠᠷᠲᠠᠶ ᠵᠠᠬᠢᠳᠠᠯ ᠰᠤᠷᠪᠤᠯᠵᠢᠯᠠᠭ᠎ᠠ ᠬᠢᠭᠰᠡᠳ ᠢ ᠰᠤᠷᠪᠤᠯᠵᠢᠯᠠᠬᠤ ᠠᠵᠢᠯ ᠢ ᠰᠠᠶᠢᠲᠤᠷ ᠬᠢᠵᠦ᠂ ᠵᠠᠬᠢᠳᠠᠯ ᠰᠤᠷᠪᠤᠯᠵᠢᠯᠠᠭ᠎ᠠ ᠬᠢᠭᠰᠡᠳ ᠤᠨ ᠦᠵᠡᠯ ᠰᠠᠨᠠᠭᠠᠨ ᠤ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠱᠠᠲᠤ ᠠᠯᠤᠰᠯᠠᠨ ᠳᠡᠭᠡᠭᠰᠢ ᠰᠤᠷᠪᠤᠯᠵᠢᠯᠠᠬᠤ ᠴᠤᠬᠤᠶᠢᠯᠲᠠ ᠶᠢᠨ ᠬᠠᠨᠳᠤᠰᠢ ᠶᠢ ᠢᠯᠡᠷᠡᠭᠦᠯᠵᠦ᠂ ᠰᠤᠷᠪᠤᠯᠵᠢᠯᠠᠭ᠎ᠠ ᠶᠢ ᠬᠦᠯᠢᠶᠡᠨ ᠠᠪᠬᠤ ᠬᠥᠮᠦᠰ ᠢ ᠲᠡᠷᠡ ᠳᠠᠷᠤᠶ ᠳᠤᠨᠢ ᠲᠤᠬᠢᠷᠠᠭᠤᠯᠤᠨ ᠠᠵᠢᠯ ᠢᠶᠠᠨ ᠥᠷᠨᠢᠭᠦᠯᠵᠦ᠂ ᠠᠵᠢᠯᠲᠠᠨ ᠤ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠬᠦᠬᠤᠰᠣ ᠪᠠᠯᠭᠠᠰᠤᠨ ᠤ ᠪᠠᠷᠢᠯᠭ᠎ᠠ ᠶᠢᠨ ᠬᠤᠭ ᠨᠣᠪᠰᠢ ᠶᠢ ᠲᠤᠰᠬᠠᠶ ᠴᠡᠭᠴᠡᠯᠡᠨ ᠵᠠᠰᠠᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠤᠭᠤᠷᠢᠭ ᠤᠨ ᠨᠠᠮ ᠤᠨ ᠬᠤᠷᠢᠶ᠎ᠠ ᠶᠢᠨ ᠱᠠᠯᠠᠪᠳᠠᠭᠤᠯᠤᠨ ᠪᠠᠶᠢᠴᠠᠭᠠᠵᠤ ᠢᠯᠡᠷᠡᠭᠦᠯᠦᠭᠰᠡᠨ ᠡᠯ᠎ᠡ ᠲᠥᠷᠥᠯ ᠤᠨ ᠠᠰᠠᠭᠤᠳᠠᠯ ᠤᠨ ᠲᠣᠭᠤᠷᠢᠨ ᠳᠤ ᠨᠢᠭᠡ ᠠᠴᠠ ᠨᠥᠭᠦᠭᠡ ᠶᠢ ᠵᠦᠢᠴᠢᠯᠡᠨ ᠮᠡᠳᠡᠵᠦ᠂ ᠠᠵᠤ ᠠᠬᠤᠶᠢᠯᠠᠯ ᠤᠨ ᠡᠷᠬᠢᠨ ᠲᠣᠭᠤᠷᠢᠨ ᠤ ᠣᠷᠣᠨ ᠪᠦᠰᠡ ᠶᠢᠨ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠵᠢᠴᠢ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠲᠣᠭᠤᠷᠢᠨ ᠪᠠᠶᠢᠴᠠᠭᠠᠬᠤ ᠤᠳᠠᠭ᠎ᠠ ᠶᠢ ᠨᠢᠭᠤᠴᠠᠯᠠᠵᠤ᠂ ᠳᠣᠲᠣᠭᠠᠳᠤ ᠶᠢ ᠬᠠᠮᠠᠭᠠᠯᠠᠬᠤ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠡᠷᠭᠡ ᠰᠠᠯᠠᠭ᠎ᠠ ᠮᠥᠴᠢᠷ ᠲᠠᠢ ᠴᠠᠭ ᠲᠤᠬᠠᠶ ᠳᠤᠨᠢ ᠨᠡᠪᠲᠡᠷᠡᠯᠴᠡᠨ ᠵᠣᠬᠢᠴᠠᠭᠤᠯᠵᠤ᠂ ᠬᠠᠤᠯᠢ ᠲᠣᠭᠲᠠᠭᠠᠯ ᠶᠣᠰᠣᠭᠠᠷ ᠪᠠᠷᠢᠯᠭ᠎ᠠ᠂ ᠠᠮᠢᠳᠤᠷᠠᠯ ᠤᠨ ᠬᠤᠭ ᠨᠣᠪᠰᠢ ᠶᠢ ᠠᠰᠬᠠᠬᠤ ᠦᠶ᠋ᠯᠡ ᠠᠵᠢᠯᠯᠠᠭ᠎ᠠ ᠶᠢ ᠰᠢᠳᠬᠡᠵᠦ᠂ ᠡᠬᠢ ᠡᠭᠦᠰᠦᠯ ᠠᠴᠠ ᠨᠢ ᠪᠠᠭᠠᠰᠬᠠᠬᠤ ᠶᠢ ᠦᠨᠡᠨ ᠬᠦ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠬᠦᠬᠤᠰᠣ ᠪᠠᠯᠭᠠᠰᠤᠨ ᠤ 2024 ᠣᠨ ᠤ ᠳᠡᠭᠡᠷ᠎ᠡ ᠬᠠᠭᠠᠰ ᠵᠢᠯ ᠤᠨ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ᠪᠠᠭ ᠤᠨ ᠪᠦᠷᠢᠯᠳᠦᠬᠦᠨ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠴᠢᠩᠭ᠎ᠠ ᠨᠠᠶᠢᠳᠠᠪᠤᠷᠢᠵᠢᠭᠤᠯᠵᠤ᠂ ᠲᠣᠰ ᠪᠡᠶ᠎ᠡ ᠶᠢᠨ ᠠᠵᠢᠯ ᠤᠨ ᠰᠢᠨᠵᠢ ᠴᠢᠨᠠᠷ ᠢᠶᠠᠨ ᠦᠨᠳᠦᠰᠦᠯᠡᠨ ᠶᠠᠷᠢᠶ᠎ᠠ ᠬᠡᠯᠡᠯᠴᠡᠭᠡᠨ ᠤ ᠪᠠᠶᠢᠳᠠᠯ ᠣᠯᠠᠨ ᠭᠠᠷᠳᠠᠭ ᠪᠠᠶᠢᠳᠠᠯ ᠢ ᠴᠠᠭ ᠲᠤᠬᠠᠶ ᠳᠤᠨᠢ ᠮᠥᠷᠳᠡᠵᠦ᠂ ᠡᠯ᠎ᠡ ᠵᠦᠢᠯ ᠤᠨ ᠴᠤᠬᠤᠶᠢᠯᠲᠠ ᠶᠢᠨ ᠴᠢᠨᠠᠷᠲᠠᠶ᠂ ᠬᠡᠯᠪᠡᠷᠢᠯ ᠤᠨ ᠴᠢᠨᠠᠷᠲᠠᠶ ᠠᠰᠠᠭᠤᠳᠠᠯ ᠢ ᠢᠯᠡᠷᠡᠭᠦᠯᠬᠦ ᠳᠡᠭᠡᠨ ᠴᠢᠳᠠᠮᠠᠭᠠᠶ ᠪᠠᠶᠢᠵᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠳᠠᠯᠳᠠ ᠬᠡᠮ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠴᠢᠷᠮᠠᠶᠢᠨ ᠠᠷᠢᠯᠭᠠᠵᠤ᠂ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ ᠪᠠᠨ ᠤᠯᠠᠮ ᠨᠢᠭᠡ ᠠᠯᠬᠤᠮ ᠴᠢᠩᠭᠠᠳᠬᠠᠨ᠂ ᠰᠡᠷᠭᠡᠶᠢᠯᠡᠨ ᠵᠠᠰᠠᠬᠤ ᠶᠢ ᠵᠡᠷᠭᠡ ᠪᠠᠷ ᠠᠳᠬᠤᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号