ᠢᠦᠢ ᡁᠢ ᠶᠦᠩ ︽ᠲᠤᠯᠤᠭᠠᠨ ᠰᠠᠷ᠎ᠠ ᠶᠢᠨ ᠨᠢᠭᠡᠨ︾ ᠠᠴᠠ ᠡᠮᠦᠨ᠎ᠡ ᠠᠬᠠᠮᠠᠳ ᠨᠠᠮ ᠤᠨ ᠭᠡᠰᠢᠭᠦᠨ᠂ ᠬᠦᠴᠢᠷᠳᠡᠯᠲᠡᠶ ᠨᠠᠮ ᠤᠨ ᠭᠡᠰᠢᠭᠦᠨ ᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2024/6/28
      6 ᠰᠠᠷ᠎ᠠ ᠶᠢᠨ 27 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠢᠦᠢ ᡁᠢ ᠶᠦᠩ ᠠᠬᠠᠮᠠᠳ ᠨᠠᠮ ᠤᠨ ᠭᠡᠰᠢᠭᠦᠨ᠂ ᠬᠦᠴᠢᠷᠳᠡᠯᠲᠡᠢ ᠨᠠᠮ ᠤᠨ ᠭᠡᠰᠢᠭᠦᠨ ᠢ ᠲᠣᠬᠤᠨᠢᠭᠤᠯᠵᠤ᠂ ᠲᠡᠳᠡᠨ ᠳᠤ ᠨᠠᠮ ᠤᠨ ᠬᠠᠶᠢᠷ᠎ᠠ ᠬᠠᠯᠠᠮᠵᠢ ᠶᠢ ᠬᠦᠷᠭᠡᠭᠰᠡᠨ ᠪᠥᠭᠡᠳ ᠲᠡᠳᠡᠨ ᠳᠤ ᠴᠢᠩ ᠰᠡᠳᠬᠢᠯ ᠤᠨ ᠮᠡᠨᠳᠦᠴᠢᠯᠡᠯ ᠪᠠ ᠪᠠᠶᠠᠷ ᠤᠨ ᠡᠳᠦᠷ ᠤᠨ ᠵᠥᠩᠨᠡᠯ ᠳᠡᠪᠰᠢᠭᠦᠯᠪᠡ᠃      ᠲᠣᠬᠤᠨᠢᠭᠤᠯᠬᠤ ᠶᠠᠪᠤᠴᠠ ᠳᠤ᠂ ᠢᠦᠢ ᡁᠢ ᠶᠦᠩ ᠤᠷᠢᠳ ᠬᠤᠵᠢᠳ ᠰᠢᠤᠢ ᠰᠢᠤ ᠯᠠᠨ᠂ ᠵᠠᠩ ᠭᠦᠸᠧ ᠢᠦᠢ ᠬᠤᠶᠠᠷ ᠨᠠᠮ ᠤᠨ ᠭᠡᠰᠢᠭᠦᠨ ᠨᠥᠬᠦᠳ ᠤᠨ ᠭᠡᠷ ᠲᠤ ᠬᠦᠷᠴᠦ᠂ ᠲᠡᠳᠡᠨ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠬᠦᠴᠢᠷᠳᠡᠯ ᠪᠣᠯᠤᠨ ᠬᠡᠷᠡᠭᠴᠡᠭᠡ ᠶᠢ ᠤᠢᠢᠯᠠᠭᠠᠭᠰᠠᠨ ᠪᠥᠭᠡᠳ ᠲᠣᠬᠤᠨᠢᠭᠤᠯᠬᠤ ᠮᠥᠩᠭᠦ ᠬᠦᠷᠭᠡᠵᠦ᠂ ᠲᠡᠳᠡᠨ ᠤ ᠨᠤᠲᠤᠭ ᠤᠰᠤᠨ ᠤ ᠪᠠᠨ ᠪᠦᠳᠦᠭᠡᠨ ᠪᠠᠶᠢᠭᠤᠯᠤᠯᠲᠠ ᠪᠣᠯᠤᠨ ᠨᠠᠮ ᠤᠨ ᠦᠢᠯᠡᠰ ᠲᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ᠂ ᠲᠡᠳᠡᠨ ᠢ ᠢᠲᠡᠭᠡᠯ ᠵᠣᠷᠢᠭ ᠢᠶᠠᠨ ᠪᠠᠲᠤᠳᠬᠠᠵᠤ᠂ ᠪᠠᠶᠠᠰᠤᠩᠭᠤᠢ ᠠᠮᠢᠳᠤᠷᠠᠬᠤ ᠶᠢ ᠵᠣᠷᠢᠭᠵᠢᠭᠤᠯᠪᠠ᠃ ᠡᠭᠦᠨ ᠤ ᠬᠠᠮᠲᠤ ᠲᠡᠳᠡᠨ ᠢ ᠥᠩᠭᠡᠷᠡᠭᠰᠡᠨ ᠲᠠᠢ ᠪᠠᠨ ᠠᠳᠠᠯᠢ ᠪᠠᠷ ᠬᠠᠶᠢᠨᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠠᠯᠠᠮᠵᠢᠯᠠᠨ ᠳᠡᠮᠵᠢᠵᠦ᠂ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠪᠦᠬᠦ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠨᠢᠭᠲᠠᠷᠠᠭᠤᠯᠵᠤ᠂ ᠭᠡᠷᠡᠯ ᠭᠢᠯᠪᠠᠭ᠎ᠠ ᠪᠠᠨ ᠰᠠᠴᠤᠷᠠᠭᠤᠯᠬᠤ ᠶᠢ ᠬᠦᠰᠡᠵᠦ ᠪᠠᠶᠢᠨ᠎ᠠ ᠭᠡᠵᠡᠢ᠃ ᠢᠦᠢ ᡁᠢ ᠶᠦᠩ ᠬᠡᠯᠡᠭᠰᠡᠨ ᠨᠢ᠂ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠡᠳᠬᠢᠯ ᠲᠠᠯᠪᠢᠨ ᠰᠠᠶᠢᠲᠤᠷ ᠬᠢᠵᠦ᠂ ᠡᠯ᠎ᠡ ᠲᠠᠯ᠎ᠠ ᠶᠢᠨ ᠬᠦᠴᠦᠨ ᠢ ᠲᠠᠶᠢᠴᠢᠯᠠᠨ ᠠᠬᠠᠮᠠᠳ ᠨᠠᠮ ᠤᠨ ᠭᠡᠰᠢᠭᠦᠨ᠂ ᠠᠮᠢᠳᠤᠷᠠᠯ ᠨᠢ ᠬᠦᠴᠢᠷᠳᠡᠯᠲᠡᠢ ᠨᠠᠮ ᠤᠨ ᠭᠡᠰᠢᠭᠦᠨ ᠢ ᠬᠠᠯᠠᠮᠵᠢᠯᠠᠨ ᠲᠡᠳᠬᠦᠵᠦ ᠬᠠᠪᠰᠤᠷᠤᠨ ᠲᠡᠳᠬᠦᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠣᠳᠠᠲᠠᠢ ᠶᠠᠪᠤᠳᠠᠯ ᠬᠢᠵᠦ᠂ ᠰᠠᠶᠢᠨ ᠶᠠᠪᠤᠳᠠᠯ ᠬᠢᠵᠦ᠂ ᠬᠦᠴᠢᠷ ᠶᠠᠪᠤᠳᠠᠯ ᠢ ᠨᠢ ᠰᠢᠢᠳᠪᠦᠷᠢᠯᠡᠵᠦ᠂ ᠨᠠᠮ ᠤᠨ ᠬᠠᠶᠢᠷ᠎ᠠ ᠬᠠᠯᠠᠮᠵᠢ ᠶᠢ ᠦᠨᠡᠨᠬᠦ ᠲᠡᠳᠡᠨ ᠤ ᠰᠡᠳᠬᠢᠯ ᠳᠤ ᠬᠦᠷᠭᠡᠬᠦ ᠬᠡᠷᠡᠭᠲᠡᠢ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号