2024 ᠣᠨ ᠤ 6 ᠰᠠᠷ᠎ᠠ ᠶᠢᠨ 27 ᠤ ᠡᠳᠦᠷ ᠤᠨ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠠᠵᠢᠯ ᠤᠨ ᠪᠠᠶᠢᠳᠠᠯ
ᠨᠡᠶᠢᠲᠡᠯᠡᠭᠰᠡᠨ ᠴᠠᠭ᠄
2024/6/28
      ᠪᠠᠢ ᠴᠦᠨ ᠯᠸᠢ᠄ ᠦᠳᠡ ᠶᠢᠨ ᠡᠮᠦᠨ᠎ᠡ ᠬᠤᠳᠠ ᠶᠢᠨ ᠵᠠᠰᠠᠭ ᠤᠨ ᠣᠷᠳᠣᠨ ᠤ ᠲᠤᠰᠬᠠᠢ ᠰᠡᠳᠦᠪᠲᠦ ᠬᠤᠷᠠᠯ ᠳᠤ ᠣᠷᠣᠯᠴᠠᠵᠤ᠂ ᠦᠳᠡ ᠶᠢᠨ ᠬᠤᠶᠢᠨ᠎ᠠ ᠨᠡᠭᠦᠷᠡᠰᠦ ᠤᠬᠢᠶᠠᠵᠤ ᠰᠣᠩᠭᠤᠬᠤ ᠠᠵᠤ ᠦᠢᠯᠡᠰ ᠤᠨ ᠬᠦᠷᠢᠶᠡᠯᠡᠩ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃      ᠱᠢ ᠯᠢ ᠴᠢᠶᠠᠩ ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦ᠋ ᠵᠢᠩ ᠨᠡᠶᠢᠳᠡᠮ ᠪᠠᠶᠢᠴᠠᠭᠠᠬᠤ ᠳᠤᠭᠤᠶᠢᠯᠠᠩ ᠳᠤ ᠪᠠᠷ᠎ᠠ ᠪᠣᠯᠪᠠ᠃      ᠰᠢᠤ ᠹᠠᠩ᠄ ᠦᠳᠡ ᠶᠢᠨ ᠡᠮᠦᠨ᠎ᠡ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠷᠪᠠᠳᠤᠭᠠᠷ ᠬᠤᠭᠤᠴᠠᠭᠠᠨ ᠤ ᠬᠤᠷᠢᠳᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠪᠥᠬᠦ ᠬᠤᠲᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠲᠤᠰᠬᠠᠶ ᠰᠡᠳᠦᠪᠲᠦ ᠠᠰᠠᠭᠤᠨ ᠯᠠᠪᠯᠠᠬᠤ ᠳᠤ ᠣᠷᠣᠯᠴᠠᠵᠤ᠂ ᠦᠳᠡ ᠶᠢᠨ ᠬᠤᠶᠢᠨ᠎ᠠ ᠠᠵᠢᠯ ᠤᠨ ᠪᠠᠶᠢᠷᠢ ᠳᠠᠭᠠᠨ ᠪᠠᠶᠢᠨ᠎ᠠ᠃      ᠴᠧᠨ ᠬᠠᠢ ᠰᠢᠶᠤᠤ᠄ ᠦᠳᠡ ᠶᠢᠨ ᠡᠮᠦᠨ᠎ᠡ ᠶᠢᠨ ᠾᠧ ᠲᠠᠢ ᠬᠡᠰᠡᠭ ᠬᠤᠳᠠᠯᠳᠤᠭᠠᠨ ᠤ ᠲᠤᠰᠬᠠᠢ ᠰᠡᠳᠦᠪᠲᠦ ᠬᠤᠷᠠᠯ᠂ ᠬᠠᠢ ᠹᠧᠩ  ᠰᠠᠭᠤᠭᠠᠯᠢ ᠠᠷᠠᠳ ᠤᠨ ᠲᠣᠭᠤᠷᠢᠭ ᠤᠨ ᠰᠠᠭᠤᠷᠢ ᠠᠴᠠ ᠨᠢ ᠪᠤᠴᠠᠭᠠᠬᠤ ᠵᠢᠴᠢ ᠰᠠᠭᠤᠷᠢ ᠬᠤᠳᠠᠯᠳᠤᠭᠠᠨ ᠤ ᠬᠡᠷᠡᠭᠴᠡᠭᠡ ᠶᠢᠨ ᠲᠤᠰᠬᠠᠢ ᠰᠡᠳᠦᠪᠲᠦ ᠬᠤᠷᠠᠯ᠂ ᠭᠤᠸᠠᠩ ᠵᠢᠤᠢ ᠭᠠᠯ ᠤᠨᠲᠠᠷᠠᠭᠠᠬᠤ ᠰᠢᠯᠭᠠᠨ ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠬᠤᠷᠠᠯ᠂ ᠠᠭᠤᠷᠬᠠᠢ ᠶᠢᠨ ᠣᠷᠣᠨ ᠤ ᠵᠠᠮ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠲᠦᠷᠦᠯ ᠵᠦᠢᠯ ᠤᠨ ᠭᠡᠷ᠎ᠡ ᠶᠢ ᠦᠷᠭᠦᠯᠵᠢᠯᠡᠭᠦᠯᠬᠦ ᠬᠤᠷᠠᠯ ᠢ ᠡᠷᠬᠢᠯᠡᠨ ᠬᠤᠷᠠᠯᠳᠤᠭᠤᠯᠵᠤ᠂ ᠦᠳᠡ ᠶᠢᠨ ᠬᠤᠶᠢᠨ᠎ᠠ ᠤᠰᠤᠨ ᠤ ᠴᠢᠨᠠᠷ ᠤᠨ ᠠᠵᠢᠯᠯᠠᠭᠠᠨ ᠤ ᠪᠠᠶᠢᠳᠠᠯ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠰᠤᠳᠤᠯᠪᠠ᠃      ᠯᠢᠦ ᠵᠢᠶᠠᠨ ᠫᠢᠩ᠄ ᠦᠳᠡ ᠶᠢᠨ ᠡᠮᠦᠨ᠎ᠡ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠪᠡ᠃       ᠸᠠᠩ ᠬᠤᠩ ᠼᠦᠨ᠄ ᠪᠦᠬᠦᠯᠢ ᠡᠳᠦᠷ ᠠᠵᠢᠯ ᠤᠨ ᠪᠠᠶᠢᠷᠢ ᠳᠠᠭᠠᠨ ᠪᠠᠶᠢᠨ᠎ᠠ ᠃    ᠯᠢᠦ ᠲᠢᠶᠠᠨ ᠴᠢᠩ᠄ ᠦᠳᠡ ᠶᠢᠨ ᠡᠮᠦᠨ᠎ᠡ ᠦᠬᠠᠶ ᠶᠢᠨ ᠡᠨᠧᠷᠭᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠵᠢᠷᠭᠤᠳᠤᠭᠠᠷ ᠪᠦᠯᠦᠭ ᠤᠨ ᠤᠯᠤᠰ ᠤᠨ ᠠᠵᠤ ᠦᠢᠯᠡᠳᠪᠦᠷᠢ ᠶᠢᠨ ᠥᠪ ᠢ ᠮᠠᠭᠠᠳᠯᠠᠨ ᠲᠣᠭᠲᠠᠭᠠᠬᠤ ᠲᠤᠬᠠᠶ ᠶᠢᠨ ᠲᠠᠯᠠᠪᠤᠷ ᠤᠨ ᠬᠢᠨᠠᠨ ᠪᠠᠶᠢᠴᠠᠭᠠᠬᠤ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠵᠤ᠂ ᠦᠳᠡ ᠶᠢᠨ ᠬᠤᠶᠢᠨ᠎ᠠ ᠤᠯᠤᠰ ᠤᠨ ᠬᠢᠨᠠᠨ ᠪᠤᠳᠤᠬᠤ ᠵᠠᠬᠢᠷᠭ᠎ᠠ ᠶᠢᠨ ᠲᠠᠶᠢᠶᠤᠸᠠᠨ ᠤ ᠣᠨᠴᠠ ᠲᠣᠮᠢᠯᠠᠭᠰᠠᠨ ᠠᠯᠪᠠᠨ ᠬᠡᠷ ᠲᠤ ᠪᠠᠷ᠎ᠠ ᠪᠣᠯᠵᠣ ᠬᠠᠶᠢᠨᠠᠨ ᠲᠣᠭᠤᠷᠢᠭ ᠤᠨ ᠬᠡᠤᠷᠰᠢᠭᠦᠯᠬᠦ ᠲᠥᠷᠥᠯ ᠵᠦᠢᠯ ᠳᠤ ᠪᠠᠶᠢᠴᠠᠭᠠᠨ ᠰᠤᠳᠤᠯᠤᠯᠲᠠ ᠬᠢᠪᠠ᠃      ᠸᠠᠩ ᠶᠦᠩ ᠱᠧᠩ ᠄ ᠦᠳᠡ ᠶᠢᠨ ᠡᠮᠦᠨ᠎ᠡ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠵᠤ᠂ ᠦᠳᠡ ᠶᠢᠨ ᠬᠤᠶᠢᠨ᠎ᠠ ᠠᠵᠢᠯ ᠤᠨ ᠪᠠᠶᠢᠷᠢ ᠳᠠᠭᠠᠨ ᠪᠠᠶᠢᠨ᠎ᠠ᠃     ᠭᠤᠣ ᠵᠧᠨ ᠭᠠᠩ᠄ 6 ᠰᠠᠷ᠎ᠠ ᠶᠢᠨ 17 ᠤ ᠡᠳᠦᠷ ᠠᠴᠠ 30 ᠤ ᠡᠳᠦᠷ ᠪᠣᠯᠲᠠᠯ᠎ᠠ ᠪᠡᠭᠡᠵᠢᠩ ᠲᠢᠶᠠᠨᠵᠢᠨ ᠾᠧᠪᠧᠢ ᠥᠪᠥᠷ ᠮᠣᠩᠭᠤᠯ ᠤᠨ ᠠᠷᠠᠳᠴᠢᠯᠠᠭᠰᠠᠨ ᠨᠠᠮ ᠪᠦᠯᠦᠭ ᠤᠨ ᠢᠳᠡᠷ ᠵᠠᠯᠠᠭᠤ ᠭᠤᠣᠯᠯᠠᠭᠴᠢ ᠪᠣᠯᠪᠠᠰᠤᠷᠠᠯ ᠤᠨ ᠠᠩᠭᠢ ᠳᠤ ᠣᠷᠣᠯᠴᠠᠪᠠ᠃     ᠵᠠᠩ ᠨᠢᠩ᠄ ᠦᠳᠡ ᠶᠢᠨ ᠡᠮᠦᠨ᠎ᠡ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠵᠦ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠳᠤ  ᠣᠷᠣᠯᠴᠠᠪᠠ ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号