ᠪᠠᠢ ᠴᠦᠨ ᠯᠸᠢ ᠦᠶᠡᠷ ᠢ ᠰᠡᠷᠭᠡᠶᠢᠯᠡᠬᠦ ᠪᠡᠯᠡᠳᠬᠡᠯ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2024/6/5
      6 ᠰᠠᠷ᠎ᠠ ᠶᠢᠨ 4 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠴᠦᠨ  ᠰᠢᠳᠠᠮ ᠤᠨ ᠭᠤᠣᠯ᠂ ᠬᠠᠶ ᠮᠢᠩ ᠵᠠᠮ ᠤᠨ ᠬᠥᠭᠦᠷᠭᠡ ᠶᠢᠨ ᠳ᠋ᠦᠩ ᠵᠡᠷᠭᠡ ᠭᠠᠵᠠᠷ ᠲᠤ ᠬᠦᠷᠴᠦ ᠦᠶᠡᠷ ᠢ ᠰᠡᠷᠭᠡᠶᠢᠯᠡᠬᠦ ᠪᠡᠯᠡᠳᠬᠡᠯ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃
5.jpg
       ᠰᠢᠳᠠᠮ ᠤᠨ ᠭᠤᠣᠯ᠂ ᠬᠠᠢ ᠮᠢᠩ ᠵᠠᠮ ᠤᠨ ᠬᠥᠭᠦᠷᠭᠡ ᠶᠢᠨ ᠨᠦᠬᠡᠨ ᠳᠤ᠂ ᠪᠠᠢ ᠴᠦᠨ ᠯᠸᠢ ᠲᠤᠬᠠᠢ ᠶᠢᠨ ᠲᠠᠯᠠᠪᠠᠢ ᠳᠤ ᠬᠥᠭᠦᠷᠭᠡ ᠶᠢᠨ ᠭᠤᠯᠳᠤᠩ ᠤᠨ ᠤᠰᠤ ᠬᠤᠷᠠᠭᠰᠠᠨ ᠵᠢᠴᠢ ᠤᠰᠤ ᠥᠩᠭᠡᠷᠡᠭᠰᠡᠨ ᠵᠠᠮ ᠤᠨ ᠪᠠᠶᠢᠳᠠᠯ ᠢ ᠪᠠᠶᠢᠴᠠᠭᠠᠨ ᠦᠵᠡᠪᠡ᠃ ᠲᠡᠷᠡ᠂ ᠦᠶᠡᠷ ᠢ ᠰᠡᠷᠭᠡᠶᠢᠯᠡᠵᠦ ᠦᠶᠡᠷ ᠢ ᠪᠡᠯᠡᠳᠬᠡᠬᠦ ᠠᠵᠢᠯ ᠨᠢ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠲᠠᠢ ᠬᠤᠯᠪᠣᠭᠳᠠᠨ᠎ᠠ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠦᠶᠡᠷ ᠢ ᠰᠡᠷᠭᠡᠶᠢᠯᠡᠬᠦ ᠠᠵᠢᠯ ᠤᠨ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠶᠡᠭᠡ ᠦᠶᠡᠷ ᠢ ᠰᠡᠷᠭᠡᠶᠢᠯᠡᠬᠦ᠂ ᠶᠡᠭᠡ ᠠᠶᠤᠯ ᠠᠴᠠ ᠠᠪᠤᠷᠠᠬᠤ᠂ ᠶᠡᠭᠡ ᠭᠠᠮᠰᠢᠭ ᠠᠴᠠ ᠠᠪᠤᠷᠠᠬᠤ ᠳᠤ ᠰᠠᠭᠤᠷᠢᠯᠠᠵᠤ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠶ᠃ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠲᠤᠰ ᠡᠭᠡᠯᠵᠢ ᠶᠢᠨ ᠪᠣᠷᠣᠭᠠᠨ ᠣᠷᠣᠬᠤ ᠬᠥᠭᠵᠢᠯᠲᠡ ᠶᠢᠨ ᠬᠠᠨᠳᠤᠰᠢ ᠪᠣᠯᠤᠨ ᠦᠶᠡᠷ ᠢ ᠰᠡᠷᠭᠡᠶᠢᠯᠡᠬᠦ ᠪᠠᠶᠢᠳᠠᠯ ᠢ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ᠂ ᠠᠮᠠᠷᠬᠠᠨ ᠬᠤᠷᠠᠵᠤ ᠤᠰᠤᠳᠤᠬᠤ ᠴᠡᠭ ᠵᠡᠷᠭᠡ ᠭᠤᠣᠯᠳᠠᠯᠭ᠎ᠠ ᠲᠠᠢ ᠬᠡᠰᠡᠭ ᠢ ᠴᠢᠩᠭ᠎ᠠ ᠠᠩᠬᠠᠷᠴᠤ᠂ ᠬᠢᠨᠠᠨ ᠬᠡᠮᠵᠢᠬᠦ ᠪᠠ ᠲᠣᠭᠤᠷᠢᠨ ᠪᠠᠶᠢᠴᠠᠭᠠᠬᠤ ᠪᠠᠨ ᠴᠢᠩᠭᠠᠳᠬᠠᠵᠤ᠂ ᠪᠣᠷᠣᠭᠠᠨ ᠤ ᠬᠡᠮᠵᠢᠶ᠎ᠡ ᠶᠢ ᠦᠨᠳᠦᠰᠦᠯᠡᠨ ᠦᠳᠲᠡᠷ ᠲᠦᠷᠭᠡᠨ ᠠᠷᠭ᠎ᠠ ᠬᠡᠮᠵᠢᠶ᠎ᠡ ᠠᠪᠴᠤ᠂ ᠠᠷᠠᠳ ᠤᠯᠠᠨ ᠤ ᠶᠠᠪᠤᠵᠤ ᠰᠠᠭᠤᠬᠤ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠵᠢᠵᠢᠭᠦᠷᠯᠡᠨ ᠰᠠᠬᠢᠬᠤ᠂ ᠲᠣᠭᠤᠷᠢᠨ ᠪᠠᠶᠢᠴᠠᠭᠠᠵᠤ ᠬᠠᠮᠠᠭᠠᠯᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠤᠷᠢᠳᠠᠪᠠᠷ ᠰᠢᠲᠠᠷ᠎ᠠ ᠶᠢ ᠰᠠᠶᠢᠲᠤᠷ ᠲᠠᠯᠪᠢᠵᠤ᠂ ᠰᠠᠨᠠᠭᠠᠴᠢᠯᠠᠭᠠᠲᠤ ᠲᠡᠶᠢᠨ ᠢ ᠰᠠᠶᠢᠲᠤᠷ ᠬᠢᠵᠦ᠂ ᠦᠶᠡᠷ ᠢ ᠰᠡᠷᠭᠡᠶᠢᠯᠡᠬᠦ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠬᠦ ᠬᠡᠷᠡᠭᠲᠡᠶ ᠭᠡᠵᠡᠢ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号