ᠢᠦᠶ ᡁᠢ ᠶᠦᠩ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠶᠢᠨ ᠲᠥᠷᠥᠯ ᠵᠦᠢᠯ ᠪᠣᠯᠤᠨ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ᠂ ᠨᠡᠭᠦᠷᠡᠰᠦᠨ ᠤ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠵᠢᠴᠢ ᠠᠵᠢᠯᠯᠠᠭᠠᠨ ᠵᠡᠷᠭᠡ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/6/9
      6 ᠰᠠᠷ᠎ᠠ ᠶᠢᠨ 7 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠢᠦᠢ ᡁᠢ ᠶᠦᠩ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠦᠷᠦᠯ ᠵᠦᠢᠯ ᠪᠣᠯᠤᠨ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ᠂ ᠨᠡᠭᠦᠷᠡᠰᠦᠨ ᠤ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠵᠢᠴᠢ ᠠᠵᠢᠯᠯᠠᠭᠠᠨ ᠵᠡᠷᠭᠡ ᠪᠠᠶᠢᠳᠠᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠤᠳᠤᠷᠢᠳᠤᠯᠭ᠎ᠠ ᠮᠠ ᠺᠠᠢ᠂ ᠴᠧᠨ ᠬᠠᠢ ᠰᠢᠶᠤᠤ᠂ ᠸᠠᠩ ᠬᠤᠩ ᠼᠦᠨ ᠣᠷᠣᠯᠴᠠᠪᠠ᠃
11.jpg
      ᠥᠪᠥᠷ ᠮᠣᠩᠭᠤᠯ ᠤᠨ ᠷᠦᠩ ᠰᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠦᠬᠠᠢ ᠬᠤᠳᠠ ᠶᠢᠨ ᠭᠦᠬᠤᠰᠣ ᠨᠡᠭᠦᠷᠡᠰᠦᠨ ᠤ ᠦᠢᠯᠡᠰ ᠤᠨ ᠬᠢᠵᠠᠭᠠᠷᠲᠤ ᠺᠣᠮᠫᠠᠨᠢ᠂ ᠦᠬᠠᠢ ᠬᠤᠳᠠ ᠶᠢᠨ ᠮᠢᠩ ᠰᠢᠩ ᠨᠡᠭᠦᠷᠡᠰᠦ ᠬᠢᠮᠢ ᠶᠢᠨ ᠠᠵᠤ ᠦᠢᠯᠡᠰ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠶᠢᠨ ᠷᠦᠩ ᠨᠡᠭᠦᠷᠡᠰᠦᠨ ᠤ ᠦᠢᠯᠡᠰ ᠤᠨ ᠬᠢᠵᠠᠭᠠᠷᠲᠤ ᠺᠣᠮᠫᠠᠨᠢ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠢᠦᠢ ᡁᠢ ᠶᠦᠩ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ᠂ ᠠᠵᠢᠯᠯᠠᠭᠠᠨ ᠤ ᠴᠢᠬᠤᠯᠠ ᠪᠠᠲᠤᠯᠠᠭ᠎ᠠ ᠪᠣᠯᠤᠨ᠎ᠠ᠂ ᠠᠵᠤ ᠠᠬᠤᠶᠢᠯᠠᠯ ᠤᠨ ᠬᠢᠨ ᠠᠶᠤᠯᠭᠦᠢ ᠦᠢᠯᠡᠳᠪᠦᠷᠢᠯᠡᠯ ᠤᠨ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠢ ᠠᠵᠤ ᠠᠬᠤᠶᠢᠯᠠᠯ ᠤᠨ ᠦᠢᠯᠡᠳᠪᠦᠷᠢᠯᠡᠯ ᠤᠨ ᠪᠦᠬᠦ ᠶᠠᠪᠤᠴᠠ ᠳᠤ ᠦᠨᠡᠨᠬᠦ ᠲᠤᠤᠱᠯᠠᠭᠤᠯᠵᠤ᠂ ︽ᠴᠠᠭ ᠢᠮᠠᠭᠲᠠ ᠰᠠᠨᠠᠭ᠎ᠠ ᠠᠮᠤᠷ ᠦᠭᠡᠢ︾ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠪᠦᠬᠦ ᠲᠠᠯ᠎ᠠ ᠪᠠᠷ ᠲᠦᠢᠯᠪᠤᠷᠢᠲᠠᠢ ᠥᠷᠨᠢᠭᠦᠯᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠠᠮᠤᠷ ᠲᠦᠪᠰᠢᠨ ᠪᠣᠯᠤᠨ ᠬᠥᠭᠵᠢᠯᠲᠡ ᠶᠢᠨ ᠲᠣᠭᠲᠠᠭᠤᠨ ᠢ ᠪᠠᠲᠤᠯᠠᠬᠤ ᠬᠡᠷᠡᠭᠲᠡᠢ ᠭᠡᠵᠦ ᠬᠡᠯᠡᠪᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠡᠳ᠋ ᠪᠣᠳᠠᠰ ᠢ ᠪᠦᠷᠢᠨ ᠭᠦᠢᠴᠡᠳ ᠪᠡᠯᠡᠳᠬᠡᠵᠦ᠂ ᠬᠢᠮᠢ ᠶᠢᠨ ᠠᠵᠤ ᠦᠢᠯᠡᠳᠪᠦᠷᠢ᠂ ᠠᠭᠤᠷᠬᠠᠢ ᠵᠡᠷᠭᠡ ᠭᠤᠣᠯᠳᠠᠯᠭ᠎ᠠ ᠲᠠᠢ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠠᠵᠤ ᠠᠬᠤᠶᠢᠯᠠᠯ ᠯᠤᠭ᠎ᠠ ᠶᠢᠨ ᠤᠯᠤᠯᠴᠠᠭ᠎ᠠ ᠬᠠᠷᠢᠯᠴᠠᠭ᠎ᠠ ᠪᠠᠨ ᠴᠢᠩᠭᠠᠳᠬᠠᠵᠤ᠂ ᠠᠵᠤ ᠠᠬᠤᠶᠢᠯᠠᠯ ᠤᠨ ᠪᠣᠳᠠᠲᠠᠢ ᠠᠰᠠᠭᠤᠳᠠᠯ ᠪᠣᠯᠤᠨ ᠬᠥᠭᠵᠢᠯᠲᠡ ᠶᠢᠨ ᠬᠡᠷᠡᠭᠴᠡᠭᠡ ᠶᠢ ᠴᠠᠭ ᠲᠤᠬᠠᠢ ᠳᠤᠨᠢ ᠣᠨᠣᠪᠴᠢᠲᠠᠢ ᠡᠵᠡᠮᠰᠢᠵᠦ᠂ ᠠᠵᠤ ᠠᠬᠤᠶᠢᠯᠠᠯ ᠳᠤ ᠦᠢᠯᠡᠴᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠵᠧᠨ ᠰᠢᠩ ᠬᠤᠷᠢᠶᠠᠯᠠᠯ᠂ ᠲᠢᠶᠠᠨ ᠯᠢ ᠬᠤᠷᠢᠶᠠᠯᠠᠯ᠂ ᠳ᠋ᠧ ᠱᠦᠨ ᠬᠤᠷᠢᠶᠠᠯᠠᠯ᠂ ᠶᠠᠩ ᠭᠤᠸᠠᠩ ᠬᠤᠷᠢᠶᠠᠯᠠᠯ ᠳᠤ᠂ ᠢᠦᠢ ᡁᠢ ᠶᠦᠩ ᠬᠠᠭᠤᠴᠢᠨ ᠬᠤᠷᠢᠶᠠᠯᠠᠯ ᠢ ᠥᠭᠡᠷᠡᠴᠢᠯᠡᠨ ᠪᠠᠶᠢᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠂ ᠲᠡᠷᠡ᠂ ᠬᠠᠭᠤᠴᠢᠨ ᠬᠤᠷᠢᠶᠠᠯᠠᠯ ᠢ ᠥᠭᠡᠷᠡᠴᠢᠯᠡᠨ ᠰᠢᠨᠡᠳᠬᠡᠬᠦ ᠪᠣᠯ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠪᠣᠯᠤᠨ᠎ᠠ᠃ ᠶᠠᠰᠤ ᠴᠢᠨᠠᠷ ᠤᠨ ᠪᠣᠭᠤᠮᠲᠠ ᠶᠢ ᠰᠠᠶᠢᠲᠤᠷ ᠰᠠᠬᠢᠵᠤ᠂ ᠮᠠᠲ᠋ᠧᠷᠢᠶᠠᠯ ᠤᠨ ᠶᠠᠰᠤ ᠴᠢᠨᠠᠷ᠂ ᠪᠠᠷᠢᠯᠭ᠎ᠠ ᠶᠢᠨ ᠶᠠᠰᠤ ᠴᠢᠨᠠᠷ᠂ ᠪᠠᠷᠢᠯᠭ᠎ᠠ ᠶᠢᠨ ᠶᠠᠰᠤ ᠴᠢᠨᠠᠷ ᠢ ᠴᠢᠩᠭ᠎ᠠ ᠡᠵᠡᠮᠳᠡᠵᠦ᠂ ᠭᠠᠵᠠᠷ ᠳᠣᠣᠷᠠᠬᠢ ᠬᠤᠭᠤᠯᠠᠢ ᠲᠣᠣᠷ ᠢ ᠥᠭᠡᠷᠡᠴᠢᠯᠡᠬᠦ᠂ ᠬᠡᠷᠡᠮ ᠤᠨ ᠳᠤᠯᠠᠭᠠᠨ ᠢ ᠬᠠᠮᠠᠭᠠᠯᠠᠬᠤ᠂ ᠣᠷᠣᠨ ᠵᠠᠢ ᠶᠢ ᠰᠢᠯᠢᠳᠡᠭᠵᠢᠭᠦᠯᠬᠦ ᠵᠡᠷᠭᠡ ᠰᠠᠭᠤᠭᠠᠯᠢ ᠠᠷᠠᠳ ᠤᠨ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠨᠠᠮ ᠰᠡᠯᠡᠭᠦᠨ ᠲᠠᠭᠠᠯᠠᠮᠵᠢᠲᠠᠢ᠂ ᠦᠵᠡᠰᠬᠦᠯᠡᠩᠲᠦ ᠰᠠᠶᠢᠬᠠᠨ ᠣᠷᠣᠨ ᠰᠠᠭᠤᠴᠠ ᠶᠢᠨ ᠣᠷᠴᠢᠨ ᠲᠣᠭᠤᠷᠢᠨ ᠢ ᠪᠦᠬᠦ ᠲᠠᠯ᠎ᠠ ᠪᠠᠷ ᠪᠠᠶᠢᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠥᠮᠦᠨ ᠢᠶᠠᠷ ᠦᠨᠳᠦᠰᠦ ᠪᠣᠯᠭᠠᠬᠤ ᠪᠠᠷᠢᠯᠭ᠎ᠠ ᠶᠢᠨ ᠤᠢᠢᠯᠠᠭᠠᠭᠳᠠᠬᠤᠨ ᠢ ᠪᠠᠷᠢᠮᠲᠠᠯᠠᠵᠤ᠂ ᠪᠠᠷᠢᠯᠭ᠎ᠠ ᠶᠢᠨ ᠠᠵᠢᠯ ᠤᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ᠰᠠᠭᠤᠭᠠᠯᠢ ᠠᠷᠠᠳ ᠤᠨ ᠡᠳᠦᠷ ᠲᠤᠳᠤᠮ ᠤᠨ ᠠᠮᠢᠳᠤᠷᠠᠯ ᠳᠤ ᠳᠥᠭᠦᠮ ᠦᠭᠡᠢ ᠪᠠᠶᠢᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠵᠤ᠂ ᠦᠨᠡᠨᠬᠦ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠠᠢ ᠶᠠᠪᠤᠳᠠᠯ ᠢ ᠪᠣᠳᠠᠲᠠᠢ ᠬᠢᠵᠦ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠶᠢ ︽ᠰᠡᠳᠬᠢᠯ ᠢ ᠳᠤᠯᠠᠭᠠᠴᠠᠭᠤᠯᠬᠤ︾ ᠢᠨᠵᠧᠨᠧᠷᠢᠩ ᠪᠣᠯᠭᠠᠵᠤ᠂ ᠰᠠᠭᠤᠭᠠᠯᠢ ᠠᠷᠠᠳ ᠲᠤ ᠪᠤᠶᠠᠨ ᠦᠢᠯᠡᠳᠬᠦ ᠬᠡᠷᠡᠭᠲᠡᠢ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号