ᠷᠠᠰᠠᠩ ᠰᠦᠮ᠎ᠡ ᠪᠠᠯᠭᠠᠰᠤ ᠳᠥᠷᠪᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ 90 ᠳ᠋ᠤᠭᠡᠷ ᠤᠳᠠᠭᠠᠨ ᠤ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/1
      6 ᠰᠠᠷ᠎ᠠ ᠶᠢᠨ 28 ᠤ ᠡᠳᠦᠷ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠠᠩ ᠶᠤᠸᠠᠢ ᠯᠦᠩ ᠷᠠᠰᠠᠩ ᠰᠦᠮ᠎ᠡ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ 90 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠬᠥᠬᠡᠨᠠᠭᠤᠷ᠂ ᠨᠢᠩᠰᠢᠶᠠ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠴᠢᠨᠠᠭᠰᠢᠳᠠ ᠰᠠᠶᠢᠲᠤᠷ ᠬᠢᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠬᠦᠷᠢᠶᠡᠯᠡᠩ ᠪᠠᠶᠢᠭᠤᠯᠤᠭᠳᠠᠭᠰᠠᠨ 30 ᠵᠢᠯ ᠤᠨ ᠤᠢ ᠳᠤ ᠥᠭᠭᠦᠭᠰᠡᠨ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ᠂ ︽ᠦᠨᠡᠨ︾ ᠰᠡᠳᠬᠦᠯ ᠳᠤ ᠨᠡᠶᠢᠲᠡᠯᠡᠭᠰᠡᠨ ︽ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠪᠠ ᠴᠢᠬᠤᠯᠠ ᠬᠦᠴᠦᠯᠡᠬᠦ ᠴᠡᠭ ᠮᠥᠨ︾ ᠭᠡᠬᠦ ᠴᠢᠬᠤᠯᠠ ᠵᠣᠬᠢᠶᠠᠯ ︽ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠪᠠ ᠴᠢᠬᠤᠯᠠ ᠬᠦᠴᠦᠯᠡᠬᠦ ᠴᠡᠭ ᠮᠥᠨ︾ ᠭᠡᠬᠦ ᠴᠢᠬᠤᠯᠠ ᠵᠣᠬᠢᠶᠠᠯ ︽ᠦᠬᠠᠢ ᠬᠤᠳᠠ ᠶᠢᠨ ᠥᠪᠡᠷᠲᠡᠭᠡᠨ ᠵᠠᠰᠠᠬᠤ ᠣᠷᠣᠨ ᠤ ︿ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠨᠠᠭᠰᠢᠳᠠ ᠴᠢᠩᠭᠠᠳᠬᠠᠵᠤ ᠬᠦᠨᠳᠦ ᠶᠡᠭᠡ ᠣᠨᠴᠠ ᠶᠡᠭᠡ ᠠᠳᠡᠯ ᠢ ᠡᠷᠡᠰ ᠰᠡᠷᠭᠡᠶᠢᠯᠡᠨ ᠬᠤᠷᠢᠭᠯᠠᠬᠤ ᠲᠤᠬᠠᠢ ᠰᠠᠨᠠᠭᠤᠯᠭ᠎ᠠ︾ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ︽ᠬᠠᠶᠢᠨᠠᠨ ᠲᠣᠭᠤᠷᠢᠭ ᠤᠨ ︿ᠮᠢᠩᠭᠠᠨ ᠲᠣᠰᠬᠤᠨ ᠤ ᠵᠢᠱᠢᠶ᠎ᠡ ᠦᠵᠡᠭᠦᠯᠬᠦ᠂ ᠲᠦᠮᠡᠨ ᠲᠣᠰᠬᠤᠨ ᠢ ᠴᠡᠭᠴᠡᠯᠡᠨ ᠵᠠᠰᠠᠬᠤ︾ ᠢᠨᠵᠧᠨᠧᠷᠢᠩ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠵᠦ᠂ ︽ᠷᠠᠰᠢᠶᠠᠨᠰᠦ᠋ᠮ᠎ᠡ ᠪᠠᠯᠭᠠᠰᠤᠨ ᠤ ᠨᠠᠮ ᠤᠨ ᠬᠤᠷᠢᠶᠠᠨ ᠤ 2024 ᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ 3 ᠬᠠᠷᠢᠭᠤᠴᠠᠯᠭ᠎ᠠ ᠶᠢᠨ ᠨᠠᠷᠢᠨ ᠲᠠᠩᠰᠠ︾᠂ ︽ᠷᠠᠰᠢᠶᠠᠨᠰᠦ᠋ᠮ᠎ᠡ ᠪᠠᠯᠭᠠᠰᠤᠨ ᠤ ᠨᠠᠮ ᠤᠨ ᠬᠤᠷᠢᠶᠠᠨ ᠤ 2024 ᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ 3 ᠬᠠᠷᠢᠭᠤᠴᠠᠯᠭ᠎ᠠ ᠶᠢᠨ ᠨᠠᠷᠢᠨ ᠲᠠᠩᠰᠠ︾ ᠶᠢ ᠬᠢᠨᠠᠨ ᠵᠥᠪᠯᠡᠵᠦ᠂ ᠮᠠᠨ ᠤ ᠪᠠᠯᠭᠠᠰᠤᠨ ᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠲᠦᠷᠢᠮ ᠢ ᠴᠢᠩᠳᠠᠯᠠᠵᠤ᠂ ᠣᠳᠣᠬᠠᠨ ᠤ ᠶᠠᠭ ᠥᠷᠨᠢᠭᠦᠯᠵᠦ ᠪᠠᠶᠢᠭ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠤᠨ᠂ ᠨᠠᠩ ᠡᠷᠡᠰ ᠴᠢᠩᠭ᠎ᠠ ᠣᠪᠣᠷ᠂ ᠨᠠᠩ ᠬᠦᠴᠦᠲᠡᠶ ᠠᠷᠭ᠎ᠠ ᠬᠡᠮᠵᠢᠶ᠎ᠡ ᠪᠠᠷ ᠪᠠᠯᠭᠠᠰᠤᠨ ᠤ ᠵᠠᠰᠠᠭ ᠤᠨ ᠣᠷᠳᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠠᠬᠢᠭᠤᠯᠵᠤ᠂ ᠷᠠᠰᠠᠩ ᠰᠦᠮ᠎ᠡ ᠪᠠᠯᠭᠠᠰᠤᠨ ᠤ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠤᠯᠤᠰ ᠲᠥᠷᠥ ᠶᠢᠨ ᠪᠠᠲᠤᠯᠠᠭ᠎ᠠ ᠬᠠᠩᠭᠠᠬᠤ ᠬᠡᠷᠡᠭᠲᠡᠶ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠣᠯᠤᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢ ᠡᠳᠦᠷ ᠳᠤᠳᠤᠮ ᠤᠨ ᠡᠯ᠎ᠡ ᠵᠦᠢᠯ ᠤᠨ ᠠᠵᠢᠯ ᠲᠠᠢ ᠵᠡᠷᠭᠡᠪᠡᠷ ᠲᠥᠯᠥᠪᠵᠢᠭᠦᠯᠵᠦ᠂ ᠵᠡᠷᠭᠡᠪᠡᠷ ᠪᠠᠶᠢᠷᠢᠯᠠᠭᠤᠯᠵᠤ᠂ ᠵᠡᠷᠭᠡᠪᠡᠷ ᠠᠬᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠶᠣᠰᠣ ᠳᠦᠷᠢᠮ ᠤᠨ ᠤᠬᠠᠮᠰᠠᠷ᠂ ᠰᠠᠬᠢᠯᠭ᠎ᠠ ᠪᠠᠲᠤ ᠶᠢᠨ ᠤᠬᠠᠮᠰᠠᠷ ᠪᠣᠯᠤᠨ ᠲᠦᠷᠢᠮ ᠤᠨ ᠤᠬᠠᠮᠰᠠᠷ ᠢ ᠲᠠᠰᠤᠷᠠᠯᠲᠠ ᠦᠭᠡᠢ ᠴᠢᠩᠭᠠᠳᠬᠠᠵᠤ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠬᠤ᠂ ᠤᠷᠳᠤ ᠬᠤᠭᠤᠴᠠᠭ᠎ᠠ ᠪᠠᠷ ᠪᠦᠲᠦᠮᠵᠢᠲᠡᠢ ᠪᠣᠯᠭᠠᠬᠤ ᠶᠢ ᠠᠬᠢᠭᠤᠯᠬᠤ ᠬᠡᠷᠡᠭᠲᠡᠢ᠃ ᠬᠠᠮᠢᠶᠠᠷᠤᠯᠲᠠ ᠬᠢᠨᠠᠯᠲᠠ ᠶᠢ ᠪᠣᠳᠠᠲᠠᠢ ᠠᠳᠬᠤᠵᠤ᠂ ᠴᠢᠬᠤᠯᠠ ᠶᠡᠭᠡ ᠤᠴᠢᠷ ᠶᠠᠪᠤᠳᠠᠯ ᠤᠨ ᠲᠤᠬᠠᠢ ᠵᠢᠭᠠᠪᠤᠷᠢ ᠠᠪᠴᠤ ᠮᠡᠳᠡᠭᠦᠯᠬᠦ ᠲᠦᠷᠢᠮ᠂ ︽ᠭᠤᠷᠪᠠᠨ ᠴᠢᠬᠤᠯᠠ ᠨᠢᠭᠡ ᠶᠡᠭᠡ︾ ᠤᠴᠢᠷ ᠶᠠᠪᠤᠳᠠᠯ ᠤᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠦᠷᠢᠮ ᠢ ᠴᠢᠩᠭ᠎ᠠ ᠬᠡᠷᠡᠭᠵᠢᠭᠦᠯᠵᠦ᠂ ︽ᠭᠤᠷᠪᠠᠨ ᠵᠦᠢᠯ ᠤᠨ ᠡᠳ᠋ ᠬᠥᠷᠥᠩᠭᠡ︾ ᠶᠢᠨ ᠬᠠᠮᠢᠶᠠᠷᠤᠯᠲᠠ᠂ ᠠᠵᠤ ᠦᠢᠯᠡᠰ ᠤᠨ ᠬᠥᠭᠵᠢᠯᠲᠡ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ ᠦᠨᠡᠯᠡᠨ ᠲᠣᠭᠲᠠᠭᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠷᠠᠳ ᠲᠤ ᠠᠰᠢᠭ ᠬᠦᠷᠲᠡᠭᠡᠬᠦ ᠲᠠᠷᠢᠶᠠᠴᠢᠳ ᠲᠤ ᠠᠰᠢᠭ ᠬᠦᠷᠲᠡᠭᠡᠬᠦ ᠪᠡᠯᠡ ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠵᠡᠷᠭᠡ ᠭᠤᠣᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢᠨ ᠴᠡᠭ ᠢ ᠡᠷᠢᠵᠦ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂ ᠰᠠᠬᠢᠯᠭ᠎ᠠ ᠪᠠᠲᠤ ᠶᠢ ᠵᠥᠷᠢᠴᠡᠭᠰᠡᠨ ᠠᠰᠠᠭᠤᠳᠠᠯ ᠡᠭᠦᠰᠬᠦ ᠶᠢ ᠡᠬᠢ ᠡᠭᠦᠰᠦᠯ ᠠᠴᠠ ᠨᠢ ᠰᠡᠷᠭᠡᠶᠢᠯᠡᠨ ᠪᠠᠭᠠᠰᠬᠠᠵᠤ᠂ ᠡᠷᠬᠡ ᠶᠢᠨ ᠵᠥᠪ ᠵᠠᠮ ᠢᠶᠠᠷ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号