ᠭᠦᠬᠤᠰᠣ ᠪᠠᠯᠭᠠᠰᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/1
      ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠥᠳᠡᠯᠦᠩᠭᠦᠶ ᠬᠠᠮᠢᠶᠠᠷᠤᠯᠲᠠ ᠶᠢᠨ ᠲᠣᠭᠲᠠᠴᠠ ᠶᠢ ᠤᠯᠠᠮ ᠨᠢᠭᠡ ᠠᠯᠬᠤᠮ ᠵᠢᠷᠤᠮᠵᠢᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠤᠨ ᠠᠪᠤᠷᠠᠨ ᠲᠤᠰᠠᠯᠠᠬᠤ ᠶᠢᠨ ᠨᠠᠷᠢᠯᠢᠭ ᠣᠨᠣᠪᠴᠢᠲᠤ ᠴᠢᠨᠠᠷ ᠢ ᠳᠡᠭᠡᠭᠰᠢᠯᠡᠭᠦᠯᠦᠨ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠵᠤ᠂ ᠨᠡᠶᠢᠭᠡᠮ ᠤᠨ ᠲᠥᠪ ᠭᠤᠤᠯᠴᠢ ᠰᠢᠳᠤᠷᠭᠤ ᠶᠣᠰᠣ ᠶᠢ ᠬᠠᠮᠠᠭᠠᠯᠠᠬᠤ ᠶᠢᠨ ᠲᠥᠯᠥᠭᠡ᠃ 6 ᠰᠠᠷ᠎ᠠ ᠶᠢᠨ 28 ᠤ ᠡᠳᠦᠷ᠂ ᠬᠦᠬᠤᠰᠤ ᠪᠠᠯᠭᠠᠰᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠸᠠᠩ ᠢ ᠽᠧ ᠪᠣᠯᠤᠨ ᠬᠤᠪᠢᠳᠠᠨ ᠬᠠᠮᠢᠶᠠᠷᠴᠤ ᠪᠠᠶᠢᠭ᠎ᠠ ᠪᠠᠯᠭᠠᠰᠤᠨ ᠤ ᠳᠡᠳ᠋ ᠳᠠᠷᠤᠭ᠎ᠠ ᠣᠷᠣᠯᠴᠠᠵᠤ᠂ ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠭᠡᠷ ᠵᠢᠴᠢ ᠨᠡᠶᠢᠭᠡᠮ ᠲᠣᠭᠤᠷᠢᠭ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ ᠬᠠᠷᠢᠭᠤᠴᠠᠵᠤ ᠪᠠᠶᠢᠭ᠎ᠠ ᠠᠵᠢᠯᠲᠠᠳ ᠬᠤᠷᠠᠯ ᠳᠤ ᠣᠷᠣᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠥᠳᠡᠯᠦᠩᠭᠦᠶ ᠬᠠᠮᠢᠶᠠᠷᠤᠯᠲᠠ ᠶᠢᠨ ᠠᠵᠢᠯ ᠪᠣᠯ ᠬᠤᠯᠪᠣᠭᠳᠠᠬᠤ ᠬᠡᠪᠴᠢᠶ᠎ᠡ ᠥᠷᠭᠡᠨ᠂ ᠲᠥᠷᠥ ᠶᠢᠨ ᠪᠣᠳᠣᠯᠭ᠎ᠠ ᠶᠢᠨ ᠴᠢᠨᠠᠷ ᠢᠶᠠᠷ ᠴᠢᠩᠭ᠎ᠠ᠂ ᠣᠯᠠᠨ ᠲᠦᠮᠡᠨ ᠤ ᠠᠩᠬᠠᠷᠤᠯ ᠤᠨ ᠬᠡᠮᠵᠢᠶ᠎ᠡ ᠥᠨᠳᠥᠷ ᠨᠢᠭᠡ ᠵᠦᠢᠯ ᠤᠨ ᠴᠢᠬᠤᠯᠠ ᠶᠠᠪᠤᠳᠠᠯ ᠶᠡᠭᠡ ᠶᠠᠪᠤᠳᠠᠯ ᠮᠥᠨ᠂ ᠡᠯ᠎ᠡ ᠨᠡᠶᠢᠭᠡᠮ ᠲᠣᠭᠤᠷᠢᠭ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠪᠥᠬᠦ ᠲᠠᠯ᠎ᠠ ᠪᠠᠷ ᠭᠦᠢᠴᠡᠳᠬᠡᠵᠦ᠂ ︽ᠦᠬᠠᠶ ᠬᠤᠲᠠ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠢ ᠮᠠᠭᠠᠳᠯᠠᠨ ᠲᠣᠭᠲᠠᠭᠠᠬᠤ ᠠᠷᠭ᠎ᠠ︾ ᠶᠢ ᠴᠢᠩᠭ᠎ᠠ ᠠᠳᠬᠤᠵᠤ᠂ ᠲᠠᠰ ᠳᠠᠷᠠᠭᠠᠯᠠᠯ ᠢ ᠴᠢᠩᠳᠠᠯᠠᠵᠤ᠂ ᠨᠠᠷᠢᠨ ᠪᠣᠳᠠᠲᠠᠶ ᠠᠳᠬᠤᠵᠤ᠂ ᠪᠠᠲᠤᠯᠠᠬᠤ ᠶᠣᠰᠣᠲᠠᠶ ᠶᠢ ᠨᠢ ᠪᠦᠬᠦᠨ ᠢ ᠪᠠᠲᠤᠯᠠᠵᠤ᠂ ᠪᠤᠴᠠᠭᠠᠬᠤ ᠶᠣᠰᠣᠲᠠᠶ ᠶᠢ ᠨᠢ ᠪᠦᠬᠦᠨ ᠢ ᠪᠤᠴᠠᠭᠠᠬᠤ ᠶᠢ ᠴᠢᠩᠭ᠎ᠠ ᠨᠠᠶᠢᠳᠠᠪᠤᠷᠢᠵᠢᠭᠤᠯᠵᠤ᠂ ᠰᠢᠯᠵᠢᠭᠦᠯᠬᠦ ᠶᠣᠰᠣᠲᠠᠶ ᠶᠢ ᠨᠢ ᠪᠦᠬᠦᠨ ᠢ ᠲᠣᠬᠢᠷᠠᠭᠤᠯᠬᠤ ᠶᠢ ᠴᠠᠭ ᠲᠤᠬᠠᠶ ᠳᠤᠨᠢ ᠪᠡᠶᠡᠯᠡᠭᠦᠯᠬᠦ ᠬᠡᠷᠡᠭᠲᠡᠶ᠃      ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ ᠭᠤᠤᠯᠳᠠᠯᠭ᠎ᠠ ᠲᠠᠢ ᠭᠤᠭᠴᠤᠭ᠎ᠠ ᠶᠢᠨ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠠᠵᠢᠯ ᠢ ᠬᠠᠨᠳᠤᠯᠭᠠᠲᠤ ᠴᠢᠨᠠᠷᠲᠠᠶ ᠪᠠᠷ ᠥᠷᠨᠢᠭᠦᠯᠬᠦ ᠬᠡᠷᠡᠭᠲᠡᠶ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠠᠩᠰᠠ ᠡᠪᠬᠡᠮᠡᠯ ᠢ ᠵᠢᠷᠤᠮᠵᠢᠭᠤᠯᠤᠨ ᠡᠮᠬᠢᠯᠡᠬᠦ ᠪᠠᠷ ᠭᠠᠷᠳᠠᠴᠠ ᠪᠣᠯᠭᠠᠵᠤ᠂ ᠠᠪᠤᠷᠠᠨ ᠲᠤᠰᠠᠯᠠᠬᠤ ᠡᠲᠡᠭᠡᠳ ᠢ ᠬᠢᠨᠠᠨ ᠬᠠᠷᠭᠤᠭᠤᠯᠵᠤ ᠮᠠᠭᠠᠳᠯᠠᠨ ᠲᠣᠭᠲᠠᠭᠠᠬᠤ᠂ ᠪᠠᠲᠤᠯᠠᠭ᠎ᠠ ᠶᠢᠨ ᠪᠠᠷᠢᠮᠵᠢᠶ᠎ᠠ ᠶᠢ ᠪᠤᠳᠤᠵᠤ ᠲᠣᠭᠲᠠᠭᠠᠬᠤ ᠵᠡᠷᠭᠡ ᠭᠤᠤᠯᠳᠠᠯᠭ᠎ᠠ ᠲᠠᠢ ᠭᠤᠭᠴᠤᠭ᠎ᠠ ᠶᠢᠨ ᠲᠣᠭᠤᠷᠢᠨ ᠳᠤ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠶᠢ ᠥᠷᠨᠢᠭᠦᠯᠵᠦ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠨᠥᠬᠦᠴᠡᠯ ᠳᠤ ᠨᠡᠶᠢᠴᠡᠬᠦ ᠥᠬᠡᠶ ᠬᠥᠮᠦᠰ ᠢ ᠬᠥᠳᠡᠯᠦᠩᠭᠦᠶ ᠪᠠᠷ ᠢᠯᠭᠠᠷᠠᠭᠤᠯᠤᠨ ᠭᠠᠷᠭᠠᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠣᠨᠣᠪᠴᠢᠲᠤ ᠴᠢᠨᠠᠷ ᠢ ᠪᠠᠲᠤᠯᠠᠨ᠎ᠠ᠃ ᠡᠭᠦᠨ ᠤ ᠬᠠᠮᠲᠤ᠂ ᠲᠤᠰᠬᠠᠶ ᠠᠵᠢᠯ ᠢ ᠥᠷᠨᠢᠭᠦᠯᠬᠦ ᠳᠤᠮᠳᠠ ᠨᠡᠶᠢᠭᠡᠮ ᠤᠨ ᠠᠪᠤᠷᠠᠨ ᠲᠤᠰᠠᠯᠠᠬᠤ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠣᠯᠠᠨ ᠲᠦᠮᠡᠨ ᠤ ᠲᠤᠰᠬᠠᠭᠰᠠᠨ ᠪᠤᠬᠢᠨᠢᠳᠤᠯ ᠲᠠᠢ ᠶᠠᠪᠤᠳᠠᠯ᠂ ᠰᠠᠨᠠᠭ᠎ᠠ ᠵᠣᠪᠠᠭ᠋ᠤ ᠶᠠᠪᠤᠳᠠᠯ᠂ ᠰᠡᠳᠬᠢᠯ ᠵᠣᠪᠠᠭ᠋ᠤ ᠶᠠᠪᠤᠳᠠᠯ ᠵᠢᠴᠢ ᠦᠨᠳᠦᠰᠦᠨ ᠵᠦᠢᠯ ᠢ ᠪᠠᠲᠤᠯᠠᠬᠤ ᠶᠢ ᠬᠢᠵᠠᠭᠠᠷᠯᠠᠵᠤ ᠪᠠᠶᠢᠭ᠎ᠠ ᠠᠵᠢᠯ ᠪᠠ ᠨᠡᠶᠢᠭᠡᠮ ᠤᠨ ᠠᠪᠤᠷᠠᠨ ᠲᠤᠰᠠᠯᠠᠬᠤ ᠬᠦᠷᠢᠶᠡᠨ ᠳᠠᠬᠢ ᠲᠦᠭᠵᠢᠷᠡᠯ᠂ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠬᠤᠶᠠᠷ ᠲᠤ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠥᠳᠡᠯᠦᠩᠭᠦᠶ ᠲᠣᠬᠢᠷᠠᠭᠤᠯᠤᠯᠲᠠ ᠶᠢᠨ ᠠᠵᠢᠯ ᠢ ᠪᠠᠶᠢᠩᠭᠤᠵᠢᠭᠤᠯᠤᠨ ᠰᠠᠶᠢᠲᠤᠷ ᠬᠢᠬᠦ ᠬᠡᠷᠡᠭᠲᠡᠶ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠥᠳᠡᠯᠦᠩᠭᠦᠶ ᠬᠠᠮᠢᠶᠠᠷᠤᠯᠲᠠ ᠶᠢᠨ ᠲᠣᠭᠲᠠᠴᠠ ᠶᠢ ᠴᠢᠩᠭᠠᠷᠠᠭᠤᠯᠤᠨ᠂ ᠡᠲᠡᠭᠡᠳ ᠢ ᠮᠠᠭᠠᠳᠯᠠᠨ ᠲᠣᠭᠲᠠᠭᠠᠬᠤ ᠨᠢ ᠣᠨᠣᠪᠴᠢᠲᠠᠶ᠂ ᠪᠠᠲᠤᠯᠠᠭ᠎ᠠ ᠶᠢᠨ ᠪᠠᠷᠢᠮᠵᠢᠶ᠎ᠠ ᠨᠢ ᠵᠦᠶ ᠵᠣᠬᠢᠰᠲᠠᠶ᠂ ᠬᠠᠮᠢᠶᠠᠷᠤᠯᠲᠠ ᠠᠵᠢᠯᠯᠠᠭᠠᠨ ᠨᠢ ᠥᠨᠳᠥᠷ ᠪᠦᠲᠦᠮᠵᠢᠲᠡᠶ ᠪᠠᠶᠢᠬᠤ ᠶᠢ ᠪᠡᠶᠡᠯᠡᠭᠦᠯᠵᠦ᠂ ᠡᠯ᠎ᠡ ᠨᠡᠶᠢᠭᠡᠮ ᠲᠣᠭᠤᠷᠢᠭ ᠨᠢ ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠬᠡᠷ ᠯᠦᠭᠡ ᠵᠣᠬᠢᠴᠠᠯᠳᠤᠨ ᠬᠠᠮᠲᠤᠷᠠᠯᠴᠠᠬᠤ ᠪᠠᠨ ᠴᠢᠩᠭᠠᠳᠬᠠᠨ᠂ ᠮᠠᠲ᠋ᠧᠷᠢᠶᠠᠯ ᠴᠤᠭᠯᠠᠭᠤᠯᠬᠤ᠂ ᠡᠷᠦᠬᠡ ᠳᠤ ᠬᠠᠷᠭᠤᠭᠤᠯᠤᠨ ᠪᠠᠶᠢᠴᠠᠭᠠᠬᠤ᠂ ᠲᠥᠷᠥ ᠶᠢᠨ ᠪᠣᠳᠣᠯᠭ᠎ᠠ ᠪᠠᠷ ᠮᠠᠳᠠᠭ ᠲᠠᠢ ᠠᠰᠠᠭᠤᠳᠠᠯ ᠢ ᠬᠠᠷᠢᠭᠤᠯᠬᠤ ᠵᠡᠷᠭᠡ ᠡᠯ᠎ᠡ ᠵᠦᠢᠯ ᠤᠨ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠡᠷᠦᠬᠡ ᠶᠢᠨ ᠣᠷᠣᠨ ᠰᠠᠭᠤᠴᠠ ᠶᠢᠨ ᠨᠥᠬᠦᠴᠡᠯ᠂ ᠠᠵᠢᠯ ᠣᠯᠬᠤ ᠰᠤᠷᠭᠠᠭᠤᠯᠢ ᠳᠤ ᠣᠷᠣᠬᠤ᠂ ᠡᠷᠡᠭᠦᠯ ᠮᠡᠨᠳᠦ ᠶᠢᠨ ᠪᠠᠶᠢᠳᠠᠯ ᠵᠡᠷᠭᠡ ᠦᠨᠳᠦᠰᠦᠨ ᠮᠡᠳᠡᠭᠡ ᠵᠠᠩᠭᠢ ᠶᠢ ᠣᠯᠠᠨ ᠠᠷᠭ᠎ᠠ ᠵᠠᠮ ᠢᠶᠠᠷ ᠬᠢᠨᠠᠨ ᠬᠠᠷᠭᠤᠭᠤᠯᠵᠤ᠂ ︽ᠲᠣᠭᠲᠠᠭᠠᠯ ᠳᠤ ᠨᠡᠶᠢᠴᠡᠬᠦ᠂ ᠪᠤᠴᠠᠨ ᠭᠠᠷᠬᠤ ᠳᠤ ᠦᠨᠳᠦᠰᠦ ᠪᠠᠷᠢᠮᠲᠠ ᠲᠠᠢ ᠪᠠᠶᠢᠬᠤ︾ ᠶᠢ ᠦᠨᠡᠨᠬᠦ ᠪᠠᠲᠤᠯᠠᠵᠤ᠂ ᠬᠥᠳᠡᠯᠦᠩᠭᠦᠶ ᠪᠠᠷ ᠳᠣᠭᠢᠷᠠᠭᠤᠯᠬᠤ ᠠᠵᠢᠯ ᠤᠨ ᠡᠷᠬᠡ ᠲᠡᠭᠰᠢ᠂ ᠲᠥᠪ ᠭᠤᠤᠯᠴᠢ᠂ ᠢᠯᠡ ᠪᠣᠯᠭᠠᠬᠤ ᠶᠢ ᠪᠡᠶᠡᠯᠡᠭᠦᠯᠬᠦ ᠬᠡᠷᠡᠭᠲᠡᠶ ᠭᠡᠵᠡᠢ᠃      ᠲᠠᠷᠠᠭᠠᠴᠢ ᠶᠢᠨ ᠠᠯᠬᠤᠮ ᠳᠤ᠂ ᠭᠦᠬᠤᠰᠣ ᠪᠠᠯᠭᠠᠰᠤ ᠬᠤᠷᠠᠯ ᠠᠴᠠ ᠲᠣᠳᠣᠷᠬᠠᠶᠢᠯᠠᠭᠰᠠᠨ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠪᠣᠯᠤᠨ ᠱᠠᠳᠤ ᠦᠶ᠎ᠡ ᠶᠢᠨ ᠡᠭᠦᠷᠭᠡ ᠶᠣᠰᠣᠭᠠᠷ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠡᠮᠬᠢ ᠵᠢᠷᠤᠮ ᠲᠠᠢ ᠠᠬᠢᠭᠤᠯᠵᠤ᠂ ᠣᠳᠣᠬᠠᠨ ᠤ ᠠᠰᠢᠭᠲᠠᠢ ᠴᠠᠭ ᠲᠣᠬᠢᠶᠠᠯ ᠢ ᠴᠢᠩᠭ᠎ᠠ ᠠᠳᠬᠤᠵᠤ᠂ ᠲᠣᠭᠲᠠᠭᠰᠠᠨ ᠬᠠᠷᠠᠯᠲᠠ ᠪᠠᠨ ᠴᠠᠭ ᠲᠤᠬᠠᠢ ᠳᠤᠨᠢ ᠪᠠᠲᠤᠯᠠᠨ ᠪᠡᠶᠡᠯᠡᠭᠦᠯᠵᠦ᠂ ᠬᠦᠴᠢᠷᠳᠡᠯᠲᠡᠢ ᠤᠯᠠᠨ ᠲᠦᠮᠡᠨ ᠤ ᠵᠣᠯ ᠵᠢᠷᠭᠠᠯᠲᠤ ᠲᠦᠷᠦᠭᠳᠡᠯ ᠢ ᠦᠷᠭᠦᠯᠵᠢᠯᠡᠨ ᠳᠡᠭᠡᠭᠰᠢᠯᠡᠭᠦᠯᠵᠦ᠂ ᠨᠡᠶᠢᠭᠡᠮ ᠤᠨ ᠠᠪᠤᠷᠠᠨ ᠲᠤᠰᠠᠯᠠᠬᠤ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号