ᠪᠠᠢ ᠴᠦᠨ ᠯᠸᠢ ᠨᠡᠭᠦᠷᠡᠰᠦ ᠤᠬᠢᠶᠠᠵᠤ ᠰᠣᠩᠭᠤᠬᠤ ᠠᠵᠤ ᠦᠢᠯᠡᠰ ᠤᠨ ᠬᠦᠷᠢᠶᠡᠯᠡᠩ ᠤᠨ ᠠᠬᠢᠴᠠ ᠶᠢᠨ ᠪᠠᠶᠢᠳᠠᠯ ᠪᠣᠯᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2024/7/1
      6 ᠰᠠᠷ᠎ᠠ ᠶᠢᠨ 28 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ᠨᠡᠭᠦᠷᠡᠰᠦ ᠤᠬᠢᠶᠠᠵᠤ ᠰᠣᠩᠭᠤᠬᠤ ᠠᠵᠤ ᠦᠶ᠋ᠯᠡᠰ ᠤᠨ ᠬᠦᠷᠢᠶᠡᠯᠡᠩ ᠢ ᠠᠬᠢᠭᠤᠯᠤᠭᠰᠠᠨ ᠪᠠᠶᠢᠳᠠᠯ ᠪᠣᠯᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃ ᠲᠣᠭᠤᠷᠢᠭ ᠤᠨ ᠤᠳᠤᠷᠢᠳᠤᠯᠭ᠎ᠠ ᠸᠠᠩ ᠬᠤᠩ ᠼᠦᠨ ᠣᠷᠣᠯᠴᠠᠪᠠ᠃
1.jpg
      ᠬᠤᠸᠠ ᠽᠢ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠶᠡᠷᠦᠩᠬᠡᠶᠢᠯᠡᠨ ᠠᠰᠢᠭᠯᠠᠬᠤ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ ᠪᠠᠢ ᠴᠦᠨ ᠯᠸᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ ᠵᠡᠷᠭᠡ ᠠᠷᠭ᠎ᠠ ᠬᠡᠯᠪᠡᠷᠢ ᠪᠠᠷ ᠲᠦᠷᠦᠯ ᠵᠦᠢᠯ ᠢ ᠠᠬᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠨᠡᠭᠦᠷᠡᠰᠦ ᠤᠬᠢᠶᠠᠵᠤ ᠰᠢᠯᠢᠬᠦ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠨᠢ ᠮᠠᠨ ᠤ ᠲᠣᠭᠤᠷᠢᠭ ᠤᠨ ᠠᠵᠤ ᠦᠢᠯᠡᠰ ᠤᠨ ᠪᠦᠲᠦᠴᠡ ᠶᠢ ᠲᠤᠬᠢᠷᠠᠭᠤᠯᠤᠨ ᠰᠢᠯᠢᠳᠡᠭᠵᠢᠭᠦᠯᠬᠦ᠂ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ᠂ ᠨᠡᠭᠦᠷᠡᠰᠦᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠲᠠᠢ ᠶᠤᠮ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠵᠢᠯ ᠤᠨ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠴᠢᠨᠠᠭᠰᠢᠳᠠ ᠴᠢᠩᠭᠠᠳᠬᠠᠵᠤ᠂ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠶᠠᠪᠤᠴᠠ ᠳᠤ ᠲᠤᠯᠭᠠᠷᠠᠭᠰᠠᠨ ᠬᠦᠴᠢᠷ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠰᠤᠳᠤᠯᠤᠨ ᠰᠢᠢᠳᠪᠦᠷᠢᠯᠡᠵᠦ᠂ ᠠᠵᠤ ᠠᠬᠤᠶᠢᠯᠠᠯ ᠢ ᠵᠢᠯᠣᠭᠤᠳᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠲᠦᠷᠭᠡᠨ ᠬᠢᠯᠭᠡᠵᠦ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠲᠦᠷᠦᠯ ᠵᠦᠢᠯ ᠢ ᠡᠷᠲᠡ ᠠᠵᠢᠯ ᠡᠬᠢᠯᠡᠭᠦᠯᠬᠦ᠂ ᠡᠷᠲᠡ ᠪᠦᠳᠦᠭᠡᠨ ᠪᠠᠶᠢᠭᠤᠯᠬᠤ᠂ ᠡᠷᠲᠡ ᠠᠰᠢᠭᠯᠠᠯᠲᠠ ᠳᠤ ᠣᠷᠣᠭᠤᠯᠬᠤ ᠶᠢ ᠦᠨᠡᠨᠬᠦ ᠠᠬᠢᠭᠤᠯᠬᠤ ᠬᠡᠷᠡᠭᠲᠡᠢ᠃ ᠠᠵᠤ ᠠᠬᠤᠶᠢᠯᠠᠯ ᠤᠳ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠪᠥᠬᠦ ᠬᠦᠴᠦᠨ ᠢᠶᠠᠷ ᠢᠶᠠᠨ ᠲᠦᠷᠭᠡᠳᠬᠡᠨ ᠠᠬᠢᠭᠤᠯᠵᠤ᠂ ᠠᠵᠤ ᠦᠢᠯᠡᠰ ᠤᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠥᠬᠡᠶ ᠥᠷᠭᠡᠳᠬᠡᠨ ᠤᠷᠲᠤᠳᠬᠠᠵᠤ᠂ ᠪᠣᠬᠢᠷᠲᠤᠯ ᠥᠬᠡᠶ ᠦᠷᠭᠦᠯᠵᠢᠯᠡᠬᠦ ᠬᠥᠭᠵᠢᠯᠲᠡ ᠶᠢ ᠦᠨᠡᠨ ᠬᠦ ᠪᠡᠶᠡᠯᠡᠭᠦᠯᠵᠦ᠂ ᠮᠠᠨ ᠤ ᠲᠤᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭᠲᠡᠶ᠃      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠡᠳᠦᠪᠲᠦ ᠴᠡᠴᠡᠷᠯᠢᠭ ᠲᠤ᠂ ᠪᠠᠢ ᠴᠦᠨ ᠯᠸᠢ ᠭᠤᠣᠯ ᠰᠡᠳᠦᠪᠲᠦ ᠴᠡᠴᠡᠷᠯᠢᠭ ᠤᠨ ᠰᠠᠭᠤᠷᠢ ᠲᠥᠬᠦᠭᠡᠷᠦᠮᠵᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠭᠦᠳᠦᠨ ᠪᠠᠶᠢᠭᠤᠯᠬᠤ ᠬᠢᠯᠠᠰ ᠴᠡᠭ ᠢ ᠤᠯᠠᠮ ᠴᠢᠨᠠᠭᠰᠢᠳᠠ ᠪᠣᠯᠪᠠᠰᠤᠷᠠᠭᠤᠯᠵᠤ᠂ ᠠᠵᠢᠯ ᠤᠨ ᠰᠡᠳᠬᠢᠴᠡ ᠪᠠᠨ ᠥᠷᠭᠡᠳᠬᠡᠵᠦ᠂ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠠᠭᠤᠷ ᠠᠮᠢᠰᠬᠤᠯ ᠢ ᠪᠤᠢ ᠪᠣᠯᠭᠠᠬᠤ᠂ ᠵᠢᠱᠢᠶ᠎ᠡ ᠦᠵᠡᠭᠦᠯᠦᠨ ᠬᠦᠳᠦᠯᠦᠨ ᠳᠠᠭᠠᠭᠤᠯᠬᠤ᠂ ᠠᠵᠢᠯ ᠢ ᠤᠶᠠᠯᠳᠤᠭᠤᠯᠬᠤ ᠵᠡᠷᠭᠡ ᠲᠠᠯ᠎ᠠ ᠪᠠᠷ ᠲᠠᠬᠢᠨ ᠭᠦᠨᠵᠡᠭᠡᠶᠢᠷᠡᠭᠦᠯᠵᠦ᠂ ᠲᠠᠬᠢᠨ ᠳᠡᠭᠡᠭᠰᠢᠯᠡᠭᠦᠯᠵᠦ᠂ ᠲᠠᠬᠢᠨ ᠰᠢᠪᠲᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠣᠳᠠᠲᠠᠢ ᠲᠦᠷᠦᠭᠳᠡᠯ ᠲᠠᠢ ᠪᠦᠲᠦᠮᠵᠢᠲᠡᠢ ᠪᠠᠲᠤ ᠴᠣᠭᠴᠠᠯᠠᠬᠤ ᠬᠡᠷᠡᠭᠲᠡᠢ ᠭᠡᠵᠦ ᠬᠡᠯᠡᠪᠡ᠃ ᠢᠯᠡ ᠲᠣᠳᠣ ᠭᠤᠣᠯ ᠰᠡᠳᠦᠪ ᠢ ᠳᠤᠪᠤᠶᠢᠯᠭᠠᠵᠤ᠂ ᠴᠡᠴᠡᠷᠯᠢᠭ ᠤᠨ ᠠᠭᠤᠯᠤᠭᠳᠠᠬᠤᠨ ᠢ ᠪᠠᠶᠠᠯᠢᠭᠵᠢᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠦᠢᠯᠡᠴᠢᠯᠡᠬᠦ ᠪᠠ ᠰᠤᠷᠭᠠᠨ ᠬᠥᠮᠦᠵᠢᠭᠦᠯᠵᠦ ᠬᠦᠳᠦᠯᠦᠨ ᠵᠢᠯᠣᠭᠤᠳᠬᠤ ᠪᠠᠷ ᠵᠣᠷᠢᠯᠭ᠎ᠠ ᠪᠣᠯᠭᠠᠵᠤ᠂ ᠭᠤᠣᠯ ᠰᠡᠳᠦᠪᠲᠦ ᠴᠡᠴᠡᠷᠯᠢᠭ ᠤᠨ ᠤᠬᠠᠭᠤᠯᠭ᠎ᠠ ᠬᠥᠮᠦᠵᠢᠯ ᠤᠨ ᠠᠭᠤᠯᠭ᠎ᠠ ᠶᠢ ᠰᠢᠯᠢᠳᠡᠭᠵᠢᠭᠦᠯᠵᠦ᠂ ᠬᠠᠶᠢᠨᠠᠨ ᠲᠣᠭᠤᠷᠢᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠷᠢᠯᠴᠠᠨ ᠠᠭᠤᠰᠤᠯᠴᠠᠭᠰᠠᠨ᠂ ᠬᠠᠷᠢᠯᠴᠠᠨ ᠳᠣᠲᠣᠨᠣᠴᠢᠯᠠᠭᠰᠠᠨ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ ᠠᠮᠢᠳᠤᠯᠢᠭ ᠦᠯᠢᠭᠡᠷ ᠢ ᠰᠠᠶᠢᠲᠤᠷ ᠶᠠᠷᠢᠬᠤ ᠬᠡᠷᠡᠭᠲᠡᠢ᠃      ᠪᠠᠶ ᠴᠦᠨ ᠯᠸᠢ ᠪᠠᠰᠠ X166 ᠴᠢ ᠫᠠᠨ ᠵᠢᠩ - ᠬᠠᠶᠢᠨᠠᠨ ᠲᠣᠭᠤᠷᠢᠭ ᠤᠨ ᠵᠠᠰᠠᠮᠠᠯ ᠵᠠᠮ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ ᠬᠡᠯᠡᠬᠦ ᠳᠡᠭᠡᠨ᠂ ᠵᠠᠮ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠮᠥᠷᠲᠡᠭᠡᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠢᠨᠵᠧᠨᠧᠷᠢᠩ ᠮᠥᠨ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠬᠠᠷᠢᠭᠤᠴᠠᠯᠭ᠎ᠠ ᠪᠠᠨ ᠴᠢᠩᠭ᠎ᠠ ᠪᠣᠳᠠᠲᠠᠶᠢᠵᠢᠭᠤᠯᠵᠤ᠂ ᠨᠢᠭᠡᠳᠦᠯᠲᠡᠶ ᠲᠥᠯᠥᠪᠯᠡᠨ ᠰᠦᠪᠡᠭᠴᠢᠯᠡᠵᠦ᠂ ᠰᠢᠨᠵᠢᠯᠡᠬᠦ ᠤᠬᠠᠭᠠᠨᠴᠢ ᠪᠠᠷ ᠳᠥᠯᠭᠢᠨ ᠠᠬᠢᠭᠤᠯᠵᠤ᠂ ᠬᠦᠴᠢᠷ ᠠᠰᠠᠭᠤᠳᠠᠯ ᠢ ᠵᠦᠢᠯ ᠳᠠᠷᠠᠭᠠᠯᠠᠨ ᠰᠢᠢᠳᠪᠦᠷᠢᠯᠡᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠬᠤᠲᠠ ᠶᠢᠨ ᠴᠢᠳᠠᠮᠵᠢ ᠶᠢᠨ ᠴᠢᠨᠠᠷ ᠴᠢᠨᠰᠠᠭ᠎ᠠ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠶ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号