ᠲᠠᠩ ᠢ ᠬᠠᠶᠢᠨᠠᠨ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠵᠦ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠠᠬᠢᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠵᠢᠴᠢ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠣᠳᠣᠯᠪᠠ
ᠨᠡᠶᠢᠲᠡᠯᠡᠭᠰᠡᠨ ᠴᠠᠭ᠄
2024/7/1
      6 ᠰᠠᠷ᠎ᠠ ᠶᠢᠨ 28 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠠᠶᠢᠨᠠᠨ ᠲᠣᠭᠤᠷᠢᠭ ᠲᠤ ᠬᠦᠷᠴᠦ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡ ᠴᠣᠭᠴᠠᠵᠢᠭᠤᠯᠤᠨ ᠠᠬᠢᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠵᠢᠴᠢ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠬᠤᠳᠠ ᠶᠢᠨ ᠳᠡᠳ᠋ ᠳᠠᠷᠤᠭ᠎ᠠ ᠭᠤᠤ ᠪᠥᠸᠧ ᠣᠷᠣᠯᠴᠠᠪᠠ᠃      ᠷᠠᠰᠢᠵᠦᠩ ᠵᠡᠭᠡᠯᠢ ᠭᠤᠳᠤᠮᠵᠢ ᠶᠢᠨ ᠺᠠᠩ ᠲᠠᠢ ᠨᠡᠶᠢᠭᠡᠮ ᠲᠣᠭᠤᠷᠢᠭ ᠲᠤ᠂ ᠲᠠᠩ ᠢ ᠭᠤᠷᠪᠠᠨ ᠵᠦᠢᠯ ᠤᠨ ᠠᠵᠢᠯ ᠢ ᠨᠢᠭᠡ ᠴᠤᠬᠴᠠᠵᠢᠭᠤᠯᠤᠨ ᠠᠬᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠵᠤ᠂ ᠨᠡᠶᠢᠭᠡᠮ ᠲᠣᠭᠤᠷᠢᠭ ᠤᠨ ᠦᠯᠦ ᠬᠥᠳᠡᠯᠬᠦ ᠬᠦᠷᠦᠩᠭᠡ ᠶᠢᠨ ᠦᠨᠡᠮᠯᠡᠯ ᠢ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ᠂ ᠰᠤᠷᠤᠯᠴᠠᠵᠤ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ᠂ ᠭᠦᠢᠴᠡᠳᠬᠡᠬᠦ ᠵᠦᠢᠯᠡᠰ ᠤᠨ ᠨᠠᠷᠢᠨ ᠲᠠᠩᠰᠠ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠠᠢ᠃ ᠲᠡᠷᠡ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠵᠦᠢᠯ ᠤᠨ ᠠᠵᠢᠯ ᠤᠨ ᠳᠣᠲᠣᠭᠠᠳᠤ ᠳᠤ ᠬᠤᠯᠪᠣᠯᠳᠤᠵᠤ᠂ ᠨᠢᠭᠲᠠ ᠬᠤᠯᠪᠣᠭ᠎ᠠ ᠲᠠᠢ ᠪᠠᠶᠢᠵᠤ᠂ ᠬᠦᠴᠦᠨ ᠢᠶᠠᠨ ᠲᠥᠪᠯᠡᠷᠡᠭᠦᠯᠬᠦ᠂ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠳᠤ ᠠᠰᠢᠭᠲᠠᠢ ᠪᠠᠶᠢᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠰᠡᠳᠬᠢᠴᠡ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠠᠴᠢᠶᠠᠯᠠᠪᠤᠷᠢ ᠶᠢᠨ ᠭᠠᠷᠳᠠᠴᠠ ᠪᠠᠨ ᠣᠨᠣᠪᠴᠢᠲᠠᠶ ᠣᠯᠵᠤ᠂ ᠨᠢᠭᠡ ᠴᠣᠭᠴᠠᠵᠢᠭᠤᠯᠤᠨ ᠠᠬᠢᠭᠤᠯᠵᠤ᠂ ᠨᠢᠭᠡ ᠴᠣᠭᠴᠠᠵᠢᠭᠤᠯᠤᠨ ᠨᠠᠶᠢᠳᠠᠪᠤᠷᠢᠵᠢᠭᠤᠯᠵᠤ᠂ 11᠂ 3 ᠶᠢᠨ ᠦᠷ᠎ᠡ ᠪᠦᠲᠦᠮᠵᠢ ᠳᠤ ᠬᠦᠷᠭᠡᠬᠦ ᠬᠡᠷᠡᠭᠲᠡᠶ᠃ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠠᠶᠢᠭᠤᠯᠤᠯᠲᠠ ᠶᠢ ᠴᠢᠩᠭᠠᠳᠬᠠᠬᠤ ᠶᠢᠨ ᠲᠣᠭᠤᠷᠢᠨ ᠳᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠡᠶᠢᠭᠡᠮ ᠲᠣᠭᠤᠷᠢᠭ ᠤᠨ ᠠᠵᠢᠯ ᠢ ᠨᠠᠷᠢᠨ ᠬᠢᠨᠠᠮᠠᠭᠠᠢ ᠲᠥᠯᠥᠪᠵᠢᠭᠦᠯᠦᠨ ᠥᠷᠨᠢᠭᠦᠯᠵᠦ᠂ ᠤᠯᠠᠨ ᠲᠦᠮᠡᠨ ᠳᠤ ᠦᠢᠯᠡᠴᠢᠯᠡᠬᠦ ᠬᠦᠴᠦᠯᠡᠬᠦ ᠴᠡᠭ ᠢ ᠣᠨᠣᠪᠴᠢᠲᠠᠢ ᠡᠷᠢᠨ ᠣᠯᠵᠤ᠂ ᠤᠯᠠᠨ ᠲᠦᠮᠡᠨ ᠢ ᠪᠠᠶᠠᠷᠯᠠᠨ ᠤᠭᠲᠤᠬᠤ᠂ ᠨᠡᠶᠢᠭᠡᠮ ᠲᠣᠭᠤᠷᠢᠭ ᠤᠨ ᠬᠠᠮᠢᠶᠠᠷᠤᠯᠲᠠ ᠳᠤ ᠪᠦᠲᠦᠮᠵᠢᠲᠡᠢ ᠬᠡᠷᠡᠭᠴᠡᠭᠡ ᠲᠠᠢ ᠶᠠᠪᠤᠳᠠᠯ ᠢ ᠢᠯᠡᠭᠦᠬᠡᠨ ᠬᠢᠵᠦ᠂ ᠬᠡᠯᠪᠡᠷᠢᠴᠢ ᠦᠵᠡᠯ ᠭᠠᠷᠭᠠᠬᠤ ᠦᠭᠡᠢ ᠪᠠᠶᠢᠵᠤ᠂ ᠦᠨᠳᠦᠰᠦᠨ ᠱᠠᠲᠤᠨ ᠤ ᠵᠠᠰᠠᠯᠲᠠ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠠᠵᠢᠯ ᠤᠨ ᠳᠤᠮᠳᠠᠬᠢ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠴᠠᠭ ᠲᠤᠬᠠᠢ ᠳᠤᠨᠢ ᠳ᠋ᠦᠩᠨᠡᠵᠦ᠂ ᠪᠠᠶᠢᠩᠭᠤ ᠶᠢᠨ ᠪᠥᠭᠡᠳ ᠤᠷᠳᠤ ᠬᠤᠭᠤᠴᠠᠭ᠎ᠠ ᠪᠠᠷ ᠪᠦᠲᠦᠮᠵᠢᠲᠡᠢ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ᠂ ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠵᠤ᠂ ᠤᠯᠠᠨ ᠲᠦᠮᠡᠨ ᠤ ᠵᠣᠯ ᠵᠢᠷᠭᠠᠯᠲᠤ ᠲᠦᠷᠦᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃      ᠤᠯᠤᠰ ᠤᠨ ᠡᠨᠧᠷᠭᠢ ᠶᠢᠨ ᠨᠡᠭᠦᠷᠡᠰᠦ ᠬᠡᠦᠷᠰᠢᠭᠦᠯᠬᠦ ᠵᠢᠯ ᠳᠤ 360 ᠲᠦᠮᠡᠨ ᠲᠣᠨ ᠬᠡᠤᠷᠰᠢᠭᠦᠯᠬᠦ ᠲᠦᠷᠦᠯ ᠵᠦᠢᠯ ᠪᠣᠯᠤᠨ ᠥᠪᠥᠷ ᠮᠣᠩᠭᠤᠯ ᠪᠣᠯᠤᠨ ᠯᠢ PAN ᠰᠠᠭᠤᠷᠢ ᠨᠡᠭᠦᠷᠡᠰᠦᠲᠥ᠋ᠷᠥᠭᠴᠢ ᠶᠢᠨ ᠰᠢᠷᠬᠡᠭ ᠤᠨ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠲᠠᠩ ᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠪᠠᠷᠢᠯᠭ᠎ᠠ ᠶᠢᠨ ᠰᠢᠵᠢᠷ ᠠᠯᠳᠠᠨ ᠬᠤᠭᠤᠴᠠᠭ᠎ᠠ ᠶᠢ ᠴᠢᠩᠭ᠎ᠠ ᠠᠳᠬᠤᠵᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠵᠢᠷᠤᠭ ᠡᠯᠭᠦᠨ ᠪᠠᠶᠢᠯᠳᠤᠵᠤ᠂ ᠪᠠᠷᠢᠯᠭ᠎ᠠ ᠶᠢᠨ ᠠᠮᠤᠷ ᠲᠦᠪᠰᠢᠨ ᠪᠣᠯᠤᠨ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠲᠦᠷᠦᠯ ᠵᠦᠢᠯ ᠢ ᠡᠷᠲᠡ ᠳᠠᠭᠤᠰᠬᠠᠵᠤ᠂ ᠡᠷᠲᠡ ᠠᠰᠢᠭᠯᠠᠯᠲᠠ ᠳᠤ ᠣᠷᠣᠭᠤᠯᠬᠤ ᠶᠢ ᠠᠬᠢᠭᠤᠯᠬᠤ ᠬᠡᠷᠡᠭᠲᠡᠢ ᠭᠡᠵᠦ ᠬᠡᠯᠡᠪᠡ᠃ ᠲᠠᠩ ᠢ ᠪᠠᠰᠠ ᠥᠪᠥᠷ ᠮᠣᠩᠭᠤᠯ ᠤᠨ ᠱᠢ ᠬᠤᠸᠠᠨ ᠰᠢᠨ᠎ᠡ ᠮᠠᠲ᠋ᠧᠷᠢᠶᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠦᠢᠯᠡᠳᠬᠦᠨ ᠤ ᠪᠣᠷᠣᠯᠠᠭᠤᠯᠭ᠎ᠠ ᠵᠡᠷᠭᠡ ᠪᠠᠶᠢᠳᠠᠯ ᠢ ᠣᠶᠢᠯᠠᠭᠠᠵᠤ᠂ ᠠᠵᠤ ᠠᠬᠤᠶᠢᠯᠠᠯ ᠤᠨ ᠮᠡᠷᠭᠡᠵᠢᠯ ᠤᠨ ᠰᠤᠳᠤᠯᠤᠨ ᠨᠡᠭᠡᠭᠡᠬᠦ ᠡᠷᠴᠢᠮ ᠢᠶᠠᠨ ᠴᠢᠩᠭᠠᠷᠠᠭᠤᠯᠵᠤ᠂ ᠠᠵᠤ ᠦᠢᠯᠡᠰ ᠤᠨ ᠬᠡᠯᠬᠢᠶ᠎ᠡ ᠪᠠᠨ ᠳᠤᠤᠷᠠᠳᠤ ᠤᠷᠤᠰᠬᠠᠯ ᠲᠡᠰᠢ ᠤᠷᠲᠤᠳᠬᠠᠬᠤ᠂ ᠦᠷᠳᠡᠭ ᠤᠨ ᠬᠡᠯᠬᠢᠶ᠎ᠡ ᠪᠠᠨ ᠳᠡᠭᠡᠳᠦ ᠲᠦᠪᠰᠢᠨ ᠲᠡᠰᠢ ᠳᠡᠭᠡᠭᠰᠢᠯᠡᠭᠦᠯᠬᠦ ᠶᠢ ᠠᠬᠢᠭᠤᠯᠵᠤ᠂ ᠦᠢᠯᠡᠳᠬᠦᠨ ᠤ ᠨᠡᠮᠡᠯᠲᠡ ᠦᠷᠳᠡᠭ ᠪᠣᠯᠤᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠦᠷᠢᠰᠦᠯᠳᠦᠬᠦ ᠬᠦᠴᠦᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠶᠢ ᠵᠣᠷᠢᠭᠵᠢᠭᠤᠯᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号