ᠼᠦᠢ ᠵᠢᠩ ᠶᠢᠩ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠢᠨᠵᠧᠨᠧᠷᠢᠩ ᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2024/7/11
      7 ᠰᠠᠷ᠎ᠠ ᠶᠢᠨ 9 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠠᠶᠢᠨᠠᠨ ᠲᠣᠭᠤᠷᠢᠭ ᠲᠤ ᠬᠦᠷᠴᠦ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠢᠨᠵᠧᠨᠧᠷᠢᠩ ᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃ ᠬᠤᠳᠠ ᠶᠢᠨ ᠳᠡᠳ᠋ ᠳᠠᠷᠤᠭ᠎ᠠ ᠭᠦᠸᠧ ᠢ ᠵᠢᠶᠧ ᠣᠷᠣᠯᠴᠠᠪᠠ᠃      ᠼᠦᠢ ᠵᠢᠩ ᠶᠢᠩ ᠨᠡᠷ ᠤᠷᠢᠳ ᠬᠤᠵᠢᠳ ᠬᠠᠶᠢᠨᠠᠨ ᠲᠣᠭᠤᠷᠢᠭ ᠤᠨ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠤᠢ ᠰᠢᠭᠤᠢ ᠡᠪᠡᠰᠦ ᠪᠡᠯᠴᠢᠭᠡᠷ ᠢ ᠨᠢᠭᠡ ᠴᠤᠬᠴᠠᠵᠢᠭᠤᠯᠤᠨ ᠬᠠᠮᠠᠭᠠᠯᠠᠵᠤ ᠵᠠᠰᠠᠨ ᠰᠡᠷᠭᠦᠭᠡᠬᠦ ᠪᠠ ᠬᠥᠪᠴᠢ - ᠮᠤᠤᠠᠤᠰᠤ ᠶᠢᠨ ᠡᠯᠡᠰᠦᠷᠬᠡᠭ ᠭᠠᠵᠠᠷ ᠤᠨ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠤᠷᠭᠤᠮᠠᠯ ᠤᠨ ᠬᠤᠴᠢᠯᠭ᠎ᠠ ᠶᠢᠨ ᠤᠷᠭᠤᠯᠲᠠ ᠶᠢᠨ ᠪᠠᠶᠢᠳᠠᠯ᠂ ᠵᠠᠰᠠᠯᠲᠠ ᠶᠢᠨ ᠦᠷ᠎ᠡ ᠪᠦᠲᠦᠮᠵᠢ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠢᠨᠵᠧᠨᠧᠷᠢᠩ ᠤᠨ ᠠᠬᠢᠴᠠ ᠵᠢᠴᠢ ᠡᠳᠦᠷ ᠳᠤᠳᠤᠮ ᠤᠨ ᠬᠠᠮᠢᠶᠠᠷᠤᠯᠲᠠ ᠬᠠᠮᠠᠭᠠᠯᠠᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃      ᠼᠦᠢ ᠵᠢᠩ ᠶᠢᠩ ᠬᠡᠯᠡᠭᠰᠡᠨ ᠨᠢ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠤᠳᠤ ᠦᠶ᠎ᠡ ᠳᠤ ᠭᠠᠪᠢᠶ᠎ᠠ ᠪᠠᠶᠢᠭᠤᠯᠵᠤ᠂ ᠥᠨᠢ ᠡᠭᠦᠷᠢᠳᠡ ᠠᠰᠢᠭ ᠬᠦᠷᠳᠡᠬᠦ ᠶᠢ ᠪᠠᠲᠤᠯᠠᠵᠤ᠂ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠲᠣᠭᠲᠠᠭᠠᠵᠤ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠪᠦᠲᠦᠮᠵᠢᠲᠡᠢ ᠪᠠᠷᠢᠯᠭ᠎ᠠ ᠪᠠᠷᠢᠬᠤ ᠬᠤᠭᠤᠴᠠᠭ᠎ᠠ ᠶᠢ ᠠᠰᠢᠭᠯᠠᠨ ᠠᠵᠢᠯ ᠤᠨ ᠠᠶᠢᠵᠠᠮ ᠢᠶᠠᠨ ᠴᠢᠩᠭᠠᠳᠬᠠᠵᠤ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠡᠯ᠎ᠡ ᠵᠦᠢᠯ ᠤᠨ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠢᠳᠡᠪᠬᠢᠲᠡᠢ ᠪᠠᠷ ᠪᠡᠯᠡ ᠮᠥᠩᠭᠦ ᠣᠯᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠨᠡᠶᠢᠭᠡᠮ ᠤᠨ ᠣᠷᠣᠭᠤᠯᠤᠯᠲᠠ ᠶᠢ ᠣᠷᠣᠭᠤᠯᠤᠨ ᠠᠪᠴᠢᠷᠠᠬᠤ ᠪᠠ ᠥᠷᠭᠡᠳᠬᠡᠵᠦ᠂ ᠡᠯ᠎ᠡ ᠲᠦᠷᠦᠯ ᠤᠨ ᠱᠠᠩᠨᠠᠵᠤ ᠨᠥᠬᠦᠪᠥᠷᠢᠯᠡᠬᠦ ᠪᠡᠯᠡ ᠮᠥᠩᠭᠦ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠡᠷᠡᠭᠯᠡᠵᠦ᠂ ᠲᠤᠰ ᠭᠠᠵᠠᠷ ᠤᠨ ᠣᠷᠴᠢᠨ ᠲᠣᠭᠤᠷᠢᠨ ᠳᠤ ᠨᠡᠩ ᠵᠣᠬᠢᠴᠠᠬᠤ ᠡᠪᠡᠰᠦᠨ ᠦᠷ᠎ᠡ ᠶᠢᠨ ᠵᠤᠯᠵᠠᠭ᠎ᠠ ᠮᠣᠳᠣ ᠶᠢ ᠰᠣᠩᠭᠤᠨ ᠬᠡᠷᠡᠭᠯᠡᠵᠦ᠂ ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠶᠢ ᠬᠡᠷᠡᠭᠵᠢᠭᠦᠯᠵᠦ ᠪᠠᠶᠢᠭᠠᠳ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠥᠪᠡᠷ ᠤᠨ ᠦᠷᠳᠡᠭ ᠢ ᠪᠠᠭᠤᠷᠠᠭᠤᠯᠬᠤ ᠬᠡᠷᠡᠭᠲᠡᠢ᠃ ᠲᠤᠬᠠᠶ ᠶᠢᠨ ᠭᠠᠵᠠᠷ ᠲᠤᠨᠢ ᠵᠢᠯᠣᠭᠤᠳᠬᠤ᠂ ᠲᠤᠬᠠᠶ ᠶᠢᠨ ᠭᠠᠵᠠᠷ ᠲᠤᠨᠢ ᠰᠢᠯᠭᠠᠨ ᠠᠪᠬᠤ ᠶᠢ ᠴᠢᠩᠭᠠᠳᠬᠠᠵᠤ᠂ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠨ ᠬᠠᠮᠠᠭᠠᠯᠠᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠨᠢᠭᠡᠨᠲᠡ ᠵᠠᠰᠠᠵᠤ ᠳᠠᠭᠤᠰᠬᠠᠭᠰᠠᠨ ᠣᠷᠣᠨ ᠪᠦᠰᠡ ᠶᠢ ᠤᠶᠢᠯᠠᠭᠠᠨ ᠵᠢᠭᠰᠠᠭᠠᠵᠤ᠂ ᠪᠣᠷᠣᠭᠠᠨ ᠤ ᠤᠯᠠᠷᠢᠯ ᠢ ᠠᠰᠢᠭᠯᠠᠨ ᠨᠥᠬᠦᠵᠦ ᠳᠠᠷᠢᠬᠤ ᠠᠵᠢᠯ ᠢ ᠢᠳᠡᠪᠬᠢᠲᠡᠶ ᠰᠠᠶᠢᠲᠤᠷ ᠬᠢᠵᠦ᠂ ᠵᠠᠰᠠᠯᠲᠠ ᠶᠢᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠡᠪᠳᠡᠷᠡᠰᠢ ᠥᠬᠡᠶ ᠤᠮᠠᠷᠠᠲᠤ ᠶᠢᠨ ᠨᠣᠭᠤᠭᠠᠨ ᠣᠷᠳᠣ ᠴᠠᠭᠠᠨ ᠬᠡᠷᠡᠮ ᠪᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨ ᠬᠦ ᠪᠠᠲᠤ ᠴᠣᠭᠴᠠᠯᠠᠬᠤ ᠬᠡᠷᠡᠭᠲᠡᠶ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号