ᠷᠠᠰᠠᠩ ᠰᠦᠮ᠎ᠡ ᠪᠠᠯᠭᠠᠰᠤ ᠳᠥᠷᠪᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ 92 ᠳ᠋ᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/12
      7 ᠰᠠᠷ᠎ᠠ ᠶᠢᠨ 11 ᠤ ᠡᠳᠦᠷ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠠᠩ ᠶᠤᠸᠠᠢ ᠯᠦᠩ ᠷᠠᠰᠠᠩ ᠰᠦᠮ᠎ᠡ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ 92 ᠳ᠋ᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠬᠤᠨᠠᠨ ᠤ ᠶᠤᠸᠠᠢ ᠶᠠᠩ ᠬᠤᠲᠠ ᠶᠢᠨ ᠬᠤᠸᠠ ᠷᠦᠩ ᠰᠢᠶᠠᠨ ᠤ ᠡᠪᠯᠡᠯ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠪᠠᠨ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠤ ᠲᠠᠯᠪᠢᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ ︵ᠬᠡᠰᠡᠭ ᠰᠣᠩᠭᠤᠬᠤ ᠠᠷᠪᠠᠳᠤᠭᠠᠷ ᠪᠦᠯᠦᠭ︶︾︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠬᠠᠤᠯᠢ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠲᠦᠷᠢᠮ︾᠂ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ︾᠂ ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ 2024 ᠣᠨ ᠤ ᠬᠤᠶᠠᠳᠤᠭᠠᠷ ᠤᠳᠠᠭᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠯᠣᠭᠤᠳᠬᠤ ᠭᠠᠵᠠᠷ ᠤᠨ ᠠᠯᠪᠠᠨ ᠬᠡᠷ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠲᠤᠬᠠᠶ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ︽ᠦᠬᠠᠶ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠤᠨ ᠣᠶᠢᠷ᠎ᠠ ᠶᠢᠨ ᠬᠤᠭᠤᠴᠠᠭᠠᠨ ᠤ ᠬᠤᠶᠠᠷ ᠤᠳᠠᠭᠠᠨ ᠤ ᠠᠶᠤᠯᠭᠦᠶ ᠦᠢᠯᠡᠳᠪᠦᠷᠢᠯᠡᠯ ᠤᠨ ᠠᠳᠡᠯ ᠤᠨ ᠲᠤᠬᠠᠶ ᠵᠠᠷᠯᠠᠯ︾ ᠢ ᠬᠢᠨᠠᠨ ᠵᠥᠪᠯᠡᠵᠦ᠂ ᠮᠠᠨ ᠤ ᠪᠠᠯᠭᠠᠰᠤᠨ ᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠯ᠎ᠡ ᠵᠦᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠳᠤᠷᠢᠳᠬᠤ ᠺᠠᠳ᠋ᠷᠴᠤᠳ ᠤᠨ ᠲᠣᠰᠬᠤᠨ ᠤ ᠠᠷᠠᠳ ᠤᠨ ᠳᠤᠭᠤᠶᠢᠯᠠᠩ ᠢ ᠳᠠᠭᠠᠭᠠᠴᠢᠯᠠᠨ ᠬᠤᠯᠪᠣᠭᠠᠯᠠᠭᠰᠠᠨ ᠪᠠᠶᠢᠳᠠᠯ ᠲᠠᠢ ᠬᠠᠷᠢᠴᠠᠭᠤᠯᠵᠤ᠂ ᠪᠣᠷᠣᠭᠠᠨ ᠤ ᠪᠠᠶᠢᠳᠠᠯ᠂ ᠤᠰᠤᠨ ᠤ ᠪᠠᠶᠢᠳᠠᠯ ᠪᠣᠯᠤᠨ ᠭᠠᠵᠠᠷ ᠤᠨ ᠭᠠᠮᠰᠢᠭ ᠤᠨ ᠪᠠᠶᠢᠳᠠᠯ ᠢ ᠨᠢᠭᠲᠠ ᠠᠩᠬᠠᠷᠴᠤ᠂ ᠬᠠᠷᠢᠶ᠎ᠠ ᠣᠷᠣᠨ ᠤ ᠭᠤᠣᠯᠳᠠᠯᠭ᠎ᠠ ᠲᠠᠢ ᠣᠷᠣᠨ ᠪᠦᠰᠡ ᠶᠢ ᠴᠢᠩᠭ᠎ᠠ ᠠᠩᠬᠠᠷᠴᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠷᠢᠯᠢᠭ ᠨᠠᠶᠢᠳᠠᠪᠤᠷᠢᠵᠢᠭᠤᠯᠵᠤ᠂ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠭᠠᠮᠰᠢᠭ ᠠᠴᠠ ᠠᠪᠤᠷᠠᠬᠤ ᠰᠠᠨᠠᠭᠠᠴᠢᠯᠠᠭᠠᠲᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ᠃ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠴᠢᠩᠭ᠎ᠠ ᠬᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ ᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠪᠦᠬᠦ ᠪᠠᠯᠭᠠᠰᠤᠨ ᠤ ᠠᠵᠢᠯ ᠤᠨ ᠡᠯ᠎ᠡ ᠲᠠᠯ᠎ᠠ᠂ ᠡᠯ᠎ᠡ ᠭᠤᠭᠴᠤᠭ᠎ᠠ ᠳᠤ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ᠨᠠᠮ ᠢ ᠴᠢᠩᠭ᠎ᠠ ᠵᠠᠰᠠᠭᠰᠠᠨ ᠦᠷ᠎ᠡ ᠪᠦᠲᠦᠮᠵᠢ ᠶᠢ ᠦᠨᠡᠨᠬᠦ ᠮᠠᠨ ᠤ ᠪᠠᠯᠭᠠᠰᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠨ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠠᠵᠢᠯ ᠢ ᠪᠠᠶᠢᠩᠭᠤᠵᠢᠭᠤᠯᠤᠨ ᠰᠠᠶᠢᠲᠤᠷ ᠬᠢᠵᠦ᠂ ᠤᠳᠤᠷᠢᠳᠬᠤ ᠺᠠᠳ᠋ᠷ ᠤᠨ ᠰᠤᠷᠪᠤᠯᠵᠢᠯᠠᠭ᠎ᠠ ᠶᠢ ᠬᠦᠯᠢᠶᠡᠨ ᠠᠪᠴᠤ ᠳᠣᠷᠣᠭᠰᠢ ᠪᠠᠭᠤᠵᠤ ᠰᠤᠷᠪᠤᠯᠵᠢᠯᠠᠬᠤ᠂ ᠬᠡᠷᠡᠭ ᠢ ᠳᠠᠭᠠᠭᠠᠴᠢᠯᠠᠨ ᠰᠢᠢᠳᠪᠦᠷᠢᠯᠡᠬᠦ ᠲᠦᠷᠢᠮ ᠢ ᠨᠠᠶᠢᠳᠠᠪᠤᠷᠢᠵᠢᠭᠤᠯᠵᠤ᠂ ᠳᠠᠭᠠᠭᠠᠴᠢᠯᠠᠨ ᠬᠤᠯᠪᠣᠭᠠᠯᠠᠬᠤ ᠰᠦᠯᠵᠢᠶᠡᠨ ᠤ ᠳᠣᠲᠣᠷᠠᠬᠢ ᠡᠯ᠎ᠡ ᠲᠦᠷᠦᠯ ᠤᠨ ᠵᠥᠷᠢᠴᠡᠯ ᠵᠢᠭᠤᠷᠠᠯᠳᠤᠭᠠᠨ ᠢ ᠴᠠᠭ ᠲᠤᠬᠠᠢ ᠳᠤᠨᠢ ᠣᠶᠢᠯᠠᠭᠠᠵᠤ᠂ ᠢᠯᠡᠷᠡᠭᠦᠯᠵᠦ᠂ ᠡᠵᠡᠮᠰᠢᠵᠦ᠂ ᠵᠥᠷᠢᠴᠡᠯ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠬᠤ ᠶᠢᠨ ᠬᠠᠮᠲᠤ ᠭᠤᠣᠯᠳᠠᠯᠭ᠎ᠠ ᠲᠠᠢ ᠬᠥᠮᠦᠰ ᠤᠨ ᠦᠵᠡᠯ ᠰᠠᠨᠠᠭ᠎ᠠ ᠶᠢ ᠬᠦᠳᠦᠯᠦᠨ ᠵᠢᠯᠣᠭᠤᠳᠬᠤ ᠪᠠ ᠲᠦᠷᠦ ᠶᠢᠨ ᠪᠤᠳᠤᠯᠭ᠎ᠠ ᠶᠢ ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ︽ᠪᠠᠭ᠎ᠠ ᠶᠠᠪᠤᠳᠠᠯ ᠢ ᠲᠣᠰᠬᠤᠨ ᠠᠴᠠ ᠭᠠᠷᠭᠠᠬᠤ ᠦᠭᠡᠢ᠂ ᠶᠡᠭᠡ ᠶᠠᠪᠤᠳᠠᠯ ᠢ ᠪᠠᠯᠭᠠᠰᠤ ᠠᠴᠠ ᠭᠠᠷᠭᠠᠬᠤ ᠦᠭᠡᠢ︾ ᠪᠠᠶᠢᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ᠂ ᠵᠠᠰᠠᠭ ᠵᠠᠬᠢᠷᠭᠠᠨ ᠤ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠬᠠᠤᠯᠢ︾ ᠶᠢ ᠬᠢᠨᠠᠮᠠᠭᠠᠶ ᠰᠤᠷᠤᠯᠴᠠᠵᠤ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠪᠦᠲᠦᠴᠡ᠂ ᠪᠦᠷᠢᠯᠳᠦᠬᠦᠨ ᠤ ᠪᠦᠷᠢᠯᠳᠦᠯ᠂ ᠠᠰᠢᠭ ᠣᠷᠣᠯᠭ᠎ᠠ ᠶᠢᠨ ᠬᠤᠪᠢᠶᠠᠷᠢᠯᠠᠯᠲᠠ ᠵᠡᠷᠭᠡ ᠬᠠᠮᠢᠶ᠎ᠠ ᠪᠦᠬᠦᠢ ᠲᠦᠷᠢᠮ ᠲᠣᠭᠲᠠᠭᠠᠯ ᠢ ᠤᠯᠠᠮ ᠨᠢᠭᠡ ᠠᠯᠬᠤᠮ ᠲᠣᠳᠣᠷᠬᠠᠶ ᠵᠢᠷᠤᠮᠵᠢᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠬᠤ ᠰᠢᠨ᠎ᠡ ᠠᠷᠭ᠎ᠠ ᠵᠠᠮ ᠢ ᠲᠦᠷᠭᠡᠪᠴᠢᠯᠡᠨ ᠰᠦᠪᠡᠭᠴᠢᠯᠡᠬᠦ ᠬᠡᠷᠡᠭᠲᠡᠶ᠃ ᠮᠢᠨᠴᠦᠭᠦᠷᠡᠨ ᠰᠤᠯᠠᠷᠠᠬᠤ ᠦᠵᠡᠯ ᠰᠠᠨᠠᠭ᠎ᠠ ᠶᠢ ᠡᠷᠡᠰ ᠲᠡᠪᠴᠢᠵᠦ᠂ ᠦᠶᠡᠷ ᠢ ᠰᠡᠷᠭᠡᠶᠢᠯᠡᠬᠦ ᠠᠮᠤᠷ ᠲᠦᠪᠰᠢᠨ ᠢ ᠡᠴᠦᠰ ᠲᠤᠨᠢ ᠲᠤᠯᠲᠠᠯ᠎ᠠ ᠬᠢᠴᠢᠶᠡᠨ ᠪᠣᠯᠭᠤᠮᠵᠢᠯᠠᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠵᠥᠪᠳᠡᠯᠴᠡᠨ ᠰᠤᠳᠤᠯᠤᠨ ᠮᠠᠭᠠᠳᠯᠠᠬᠤ ᠶᠢ ᠴᠢᠩᠭᠠᠳᠬᠠᠵᠤ᠂ ᠪᠣᠷᠣᠭᠠᠨ ᠤ ᠪᠠᠶᠢᠳᠠᠯ ᠤᠰᠤᠨ ᠤ ᠪᠠᠶᠢᠳᠠᠯ ᠵᠠᠩ ᠦᠢᠯᠡ ᠶᠢᠨ ᠮᠡᠳᠡᠭᠡ ᠵᠠᠩᠭᠢ ᠶᠢ ᠴᠠᠭ ᠲᠤᠬᠠᠢ ᠳᠤᠨᠢ᠂ ᠣᠨᠣᠪᠴᠢᠲᠠᠢ ᠨᠡᠶᠢᠲᠡᠯᠡᠵᠦ᠂ ᠤᠳᠤᠷᠢᠳᠤᠯᠭ᠎ᠠ ᠡᠭᠡᠯᠵᠢ ᠳᠠᠭᠠᠭᠤᠯᠬᠤ ᠪᠠ 24 ᠴᠠᠭ ᠢᠶᠠᠷ ᠵᠢᠵᠢᠭᠦᠷᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠤᠬᠢᠷᠠᠭᠤᠯᠤᠯᠳᠠ ᠶᠢ ᠴᠠᠭ ᠲᠤᠬᠠᠢ ᠳᠤᠨᠢ ᠬᠢᠵᠦ᠂ ᠵᠢᠭᠠᠪᠤᠷᠢ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠭᠤᠣᠯᠳᠠᠯᠭ᠎ᠠ ᠲᠠᠢ ᠲᠠᠯᠠᠪᠤᠷ᠂ ᠭᠤᠣᠯᠳᠠᠯᠭ᠎ᠠ ᠲᠠᠢ ᠬᠦᠷᠢᠶᠡᠨ ᠳᠤ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠨ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠪᠣᠯᠤᠨ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠡᠷᠡᠰ ᠪᠠᠲᠤ ᠰᠠᠬᠢᠵᠤ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号