ᠬᠠᠶᠢᠨᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠵᠢᠴᠢ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 7 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/12
      7 ᠰᠠᠷ᠎ᠠ ᠶᠢᠨ 11 ᠤ ᠡᠳᠦᠷ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠵᠢᠴᠢ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 7 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠵᠠᠩ ᠳ᠋ᠢᠩ ᠸᠧᠢ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠤᠤ ᠬᠠᠢ ᠪᠢᠨ᠂ ᠪᠠᠶᠠᠷ ᠬᠤᠷᠠᠯ ᠳᠤ ᠣᠷᠣᠯᠴᠠᠪᠠ᠃      ᠬᠤᠷᠠᠯ ᠠᠴᠠ ᠦᠬᠠᠢ ᠬᠤᠳᠠ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠤᠰᠬᠠᠢ ᠠᠩᠬᠢ ᠶᠢᠨ ︽ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠲᠤᠬᠠᠢ ᠮᠡᠳᠡᠭᠳᠡᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠬᠠᠮᠲᠤ ᠪᠠᠷ ᠰᠤᠷᠤᠯᠴᠠᠪᠠ︔ ︽ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ ᠢ ᠨᠠᠷᠢᠨ ᠬᠢᠨᠠᠮᠠᠭᠠᠢ ᠰᠤᠷᠤᠯᠴᠠᠵᠤ ᠨᠠᠮ ᠤᠨ ᠰᠠᠬᠢᠯᠭ᠎ᠠ ᠪᠠᠲᠤ ᠶᠢᠨ ᠪᠠᠷᠢᠮᠵᠢᠶ᠎ᠠ ᠶᠢ ᠣᠨᠣᠪᠴᠢᠲᠠᠢ ᠡᠵᠡᠮᠰᠢᠬᠦ︾᠂ ᠰᠢ ᠶᠢᠨ ᠫᠢᠩ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠤᠯᠤᠰ ᠲᠦᠷᠦ ᠶᠢᠨ ᠠᠵᠢᠯ ᠤᠨ ᠬᠤᠷᠠᠯ ᠳᠤ ᠣᠷᠣᠯᠴᠠᠭᠰᠠᠨ ᠴᠢᠬᠤᠯᠠ ᠶᠠᠷᠢᠶ᠎ᠠ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠡᠷᠭᠡ ᠠᠭᠤᠯᠭ᠎ᠠ ᠶᠢ ᠰᠤᠷᠤᠯᠴᠠᠪᠠ᠃      ᠬᠤᠷᠠᠯ ᠠᠴᠠ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠲᠤᠭᠤᠰᠢᠯᠠᠭᠤᠯᠬᠤ᠂ ᠲᠤᠮᠤ ᠨᠠᠮ ᠳᠤ ᠣᠨᠴᠠ ᠬᠦᠴᠢᠷ ᠠᠰᠠᠭᠤᠳᠠᠯ ᠢ ᠰᠢᠢᠳᠪᠦᠷᠢᠯᠡᠬᠦ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠰᠢᠨ᠎ᠡ ᠴᠠᠭ ᠦᠶ᠎ᠡ ᠶᠢᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ᠂ ᠰᠢᠨ᠎ᠡ ᠠᠶᠠᠨ ᠤ ᠨᠠᠮ ᠤᠨ ᠲᠡᠷᠢᠭᠦᠨ ᠤ ᠴᠢᠨᠠᠷ ᠢ ᠪᠠᠲᠤᠯᠠᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠪᠠᠶᠢᠭᠤᠯᠭ᠎ᠠ ᠶᠢᠨ ᠪᠦᠬᠦ ᠨᠠᠮ ᠤᠨ ᠭᠡᠰᠢᠭᠦᠨ ᠺᠠᠳ᠋ᠷ ᠨᠠᠮ ᠤᠨ ᠤᠷᠳᠤ ᠬᠤᠭᠤᠴᠠᠭ᠎ᠠ ᠪᠠᠷ ᠲᠦᠷᠦ ᠪᠠᠷᠢᠬᠤ᠂ ᠤᠯᠤᠰ ᠤᠨ ᠥᠨᠢ ᠤᠳᠠᠭᠠᠨ ᠠᠮᠤᠷ ᠲᠦᠪᠰᠢᠨ ᠪᠠᠶᠢᠬᠤ ᠲᠡᠦᠬᠡ ᠶᠢᠨ ᠦᠨᠳᠦᠷᠴᠡ ᠠᠴᠠ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠬᠦ ᠬᠡᠷᠡᠭᠲᠡᠢ᠃      ᠬᠤᠷᠠᠯ ᠠᠴᠠ᠂ ᠪᠠᠶᠢᠭᠤᠯᠭ᠎ᠠ ᠶᠢᠨ ᠪᠦᠬᠦ ᠨᠠᠮ ᠤᠨ ᠭᠡᠰᠢᠭᠦᠨ ᠺᠠᠳ᠋ᠷ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠪᠣᠯᠤᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠢ ᠭᠦᠨᠵᠡᠭᠡᠢ ᠣᠶᠢᠯᠠᠭᠠᠵᠤ᠂ ᠲᠦᠷᠦᠭᠦᠯᠡᠨ ᠦᠨᠳᠦᠰᠦᠨ ᠬᠠᠤᠯᠢ ᠶᠢ ᠬᠦᠨᠳᠦᠳᠬᠡᠵᠦ᠂ ᠬᠠᠤᠯᠢ ᠴᠠᠭᠠᠵᠠ ᠶᠢ ᠬᠦᠨᠳᠦᠳᠬᠡᠵᠦ᠂ ᠬᠠᠤᠯᠢ ᠪᠠᠷ ᠵᠠᠰᠠᠬᠤ ᠶᠢ ᠴᠢᠩᠭ᠎ᠠ ᠬᠡᠷᠡᠭᠵᠢᠭᠦᠯᠵᠦ᠂ ᠰᠠᠬᠢᠯᠭ᠎ᠠ ᠪᠠᠲᠤ ᠬᠠᠤᠯᠢ ᠶᠣᠰᠣᠭᠠᠷ ᠠᠵᠢᠯᠯᠠᠵᠤ᠂ ᠪᠠᠶᠢᠩᠭᠤ ᠶᠢᠨ ᠴᠢᠨᠠᠷᠲᠠᠢ ᠰᠠᠬᠢᠯᠭ᠎ᠠ ᠪᠠᠲᠤ ᠶᠢᠨ ᠬᠥᠮᠦᠵᠢᠯ᠂ ᠰᠡᠷᠡᠮᠵᠢᠯᠡᠭᠦᠯᠬᠦ ᠬᠥᠮᠦᠵᠢᠯ ᠤᠨ ᠠᠵᠢᠯᠯᠠᠭ᠎ᠠ ᠪᠠᠷ ᠲᠦᠰᠢᠭ ᠪᠣᠯᠭᠠᠵᠤ᠂ ᠰᠠᠬᠢᠯᠭ᠎ᠠ ᠪᠠᠲᠤ ᠶᠣᠰᠣ ᠲᠦᠷᠢᠮ ᠢ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠠᠵᠢᠯᠯᠠᠭᠠᠨ ᠤ ᠤᠬᠠᠮᠰᠠᠷ ᠪᠣᠯᠭᠠᠨ ᠬᠤᠪᠢᠷᠠᠭᠤᠯᠵᠤ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ ᠪᠠᠷ ᠪᠠᠶᠢᠩᠭᠤ ᠶᠢᠨ ᠬᠤᠷᠢᠶ᠎ᠠ ᠵᠢᠴᠢ ᠪᠠᠶᠢᠭᠤᠯᠭ᠎ᠠ ᠶᠢᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠪᠠ᠃ ︽ᠲᠦᠷᠢᠮ︾ ᠢ ᠰᠤᠷᠤᠯᠴᠠᠨ ᠲᠤᠭᠤᠰᠢᠯᠠᠭᠤᠯᠬᠤ ᠶᠢ ᠪᠠᠶᠢᠩᠭᠤ ᠶᠢᠨ ᠬᠤᠷᠢᠶᠠᠨ ᠤ ᠠᠵᠢᠯ ᠲᠠᠢ ᠤᠶᠠᠯᠳᠤᠭᠤᠯᠬᠤ ᠶᠢ ᠢᠮᠠᠭᠲᠠ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠶᠠᠪᠤᠴᠠ ᠳᠤ ᠥᠪᠡᠷ ᠢ ᠪᠠᠨ ᠪᠠᠭᠲᠠᠭᠠᠵᠤ᠂ ᠠᠵᠢᠯ ᠢᠶᠠᠨ ᠣᠷᠣᠭᠤᠯᠵᠤ᠂ ᠡᠭᠦᠷᠭᠡ ᠬᠠᠷᠢᠭᠤᠴᠠᠯᠭ᠎ᠠ ᠪᠠᠨ ᠣᠷᠣᠭᠤᠯᠵᠤ᠂ ᠭᠤᠣᠯᠳᠠᠯᠭ᠎ᠠ ᠲᠠᠢ ᠠᠰᠠᠭᠤᠳᠠᠯ ᠢ ᠴᠢᠩᠭ᠎ᠠ ᠠᠩᠬᠠᠷᠴᠤ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠭᠤᠷᠪᠠᠨ ᠵᠦᠢᠯ ᠤᠨ ᠠᠵᠢᠯ ᠢ ᠨᠢᠭᠡ ᠴᠤᠭᠴᠠᠵᠢᠭᠤᠯᠤᠨ ᠠᠬᠢᠭᠤᠯᠬᠤ ᠶᠢ ᠬᠦᠴᠦᠲᠡᠢ ᠡᠮᠬᠢ ᠵᠢᠷᠤᠮ ᠲᠠᠢ ᠰᠠᠶᠢᠲᠤᠷ ᠠᠳᠬᠤᠵᠤ᠂ ᠨᠠᠮ ᠤᠨ ᠤᠨᠤᠯ᠂ ᠱᠤᠭᠤᠮ᠂ ᠴᠢᠭᠯᠡᠯᠲᠡ ᠲᠦᠷᠦ ᠶᠢᠨ ᠪᠤᠳᠤᠯᠭ᠎ᠠ ᠪᠣᠯᠤᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠪᠣᠯᠤᠨ ᠲᠤᠭᠤᠷᠢᠭ ᠤᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠳᠤᠮᠳᠠ ᠪᠦᠬᠦ ᠲᠠᠯ᠎ᠠ ᠪᠠᠷ ᠲᠤᠭᠤᠰᠢᠯᠠᠭᠤᠯᠬᠤ ᠪᠠ ᠪᠦᠲᠦᠮᠵᠢᠲᠡᠢ ᠬᠡᠷᠡᠭᠵᠢᠭᠦᠯᠬᠦ ᠶᠢ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号