| | ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠵᠠᠰᠠᠭ ᠤᠨ ᠣᠷᠳᠣᠨ ᠤ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ᠂ ᠡᠯ᠎ᠡ ᠬᠤᠯᠪᠣᠭᠳᠠᠯ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ︽ᠦᠬᠠᠶ ᠬᠤᠲᠠ ᠶᠢᠨ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯ ᠢ | ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠬᠤ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠲᠥᠰᠦᠯ︾ ᠢ | ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ | ᠨᠠᠶᠢᠳᠠᠪᠤᠷᠢᠵᠢᠭᠤᠯᠲᠤᠭᠠᠶ᠃ | 2024 ᠣᠨ ᠤ 6 ᠰᠠᠷ᠎ᠠ ᠶᠢᠨ 8 ᠤ ᠡᠳᠦᠷ | ᠦᠬᠠᠶ ᠬᠤᠲᠠ ᠶᠢᠨ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯ ᠤᠨ | ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠲᠥᠰᠦᠯ | ᠤᠯᠤᠰ᠂ ᠥᠪᠡᠷᠲᠡᠭᠡᠨ ᠵᠠᠰᠠᠬᠤ ᠣᠷᠣᠨ ᠤ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ | ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠬᠤ ᠠᠵᠢᠯ ᠤᠨ ᠪᠠᠶᠢᠷᠢᠯᠠᠭᠤᠯᠤᠯᠲᠠ ᠶᠢ ᠬᠢᠨᠠᠮᠠᠭᠠᠶ | ᠲᠤᠤᠱᠯᠠᠭᠤᠯᠬᠤ ᠶᠢᠨ ᠲᠥᠯᠥᠭᠡ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠳᠥᠯᠭᠢᠨ | ᠠᠬᠢᠭᠤᠯᠬᠤ ᠶᠢᠨ ᠲᠥᠯᠥᠭᠡ᠂ ᠦᠬᠠᠶ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ | ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ ᠪᠣᠯᠤᠨ ᠭᠤᠤᠯ ᠬᠠᠷᠠᠯᠲᠠ | ︵ᠨᠢᠭᠡ︶ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠣᠯᠤᠨ ᠲᠥᠪ ᠤᠨ ᠡᠳ᠋ ᠤᠨ ᠵᠠᠰᠠᠭ ᠠᠵᠤ | ᠠᠬᠤᠢ ᠶᠢᠨ ᠵᠥᠪᠯᠡᠯ ᠤᠨ ᠳᠥᠷᠪᠡᠳᠦᠭᠡᠷ ᠤᠳᠠᠭ᠎ᠠ ᠶᠢᠨ ᠬᠤᠷᠠᠯ ᠤᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ | ᠪᠣᠯᠭᠠᠬᠤ ᠠᠵᠢᠯ ᠤᠨ ᠭᠤᠣᠯ ᠰᠢᠵᠢᠮ ᠢ ᠪᠠᠲᠤ ᠡᠵᠡᠮᠳᠡᠵᠦ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠ ᠬᠠᠩᠭᠠᠯᠭ᠎ᠠ ᠶᠢᠨ | ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠢᠶᠠᠷ | ᠭᠤᠣᠯ ᠪᠣᠯᠭᠠᠵᠤ᠂ ᠲᠡᠷᠢᠭᠦᠨ ᠤ ᠬᠢ ᠶᠢ ᠵᠣᠷᠢᠭᠵᠢᠭᠤᠯᠵᠤ᠂ ᠬᠤᠴᠣᠷᠤᠩᠭᠤᠢ ᠶᠢ ᠰᠢᠭᠰᠢᠭᠳᠡᠭᠦᠯᠵᠦ᠂ ᠪᠠᠷᠢᠮᠵᠢᠶ᠎ᠠ ᠪᠠᠷ | ᠬᠦᠳᠦᠯᠦᠨ ᠳᠠᠭᠠᠭᠤᠯᠵᠤ᠂ ᠡᠮᠬᠢ ᠵᠢᠷᠤᠮ ᠲᠠᠢ ᠳᠡᠭᠡᠭᠰᠢᠯᠡᠭᠦᠯᠵᠦ᠂ ᠠᠵᠤ ᠦᠢᠯᠡᠳᠪᠦᠷᠢ᠂ ᠬᠥᠳᠡᠭᠡ ᠠᠵᠤ ᠠᠬᠤᠢ᠂ | ᠪᠠᠷᠢᠯᠭ᠎ᠠ᠂ ᠵᠠᠮ ᠬᠠᠷᠢᠯᠴᠠᠭ᠎ᠠ᠂ ᠰᠤᠷᠭᠠᠨ ᠬᠥᠮᠦᠵᠢᠯ᠂ ᠰᠣᠶᠣᠯ ᠵᠤᠭᠠᠴᠠᠯ᠂ ᠡᠮ ᠡᠮᠨᠡᠯᠭᠡ ᠵᠡᠷᠭᠡ ᠲᠤᠯᠤᠭᠠᠨ ᠶᠡᠭᠡ | ᠬᠦᠷᠢᠶᠡᠨ ᠤ ᠲᠥᠬᠦᠭᠡᠷᠦᠮᠵᠢ ᠶᠢ ᠰᠢᠨᠡᠴᠢᠯᠡᠬᠦ ᠪᠠᠷ ᠭᠤᠣᠯᠳᠠᠯᠭ᠎ᠠ ᠪᠣᠯᠭᠠᠵᠤ᠂ ᠲᠥᠬᠦᠭᠡᠷᠦᠮᠵᠢ ᠶᠢ ᠰᠢᠨᠡᠳᠬᠡᠬᠦ᠂ ᠬᠡᠷᠡᠭᠯᠡᠭᠡᠨ ᠤ | ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ᠂ ᠡᠭᠡᠭᠦᠯᠦᠨ ᠬᠤᠷᠢᠶᠠᠵᠤ ᠠᠰᠢᠭᠯᠠᠬᠤ᠂ ᠪᠠᠷᠢᠮᠵᠢᠶ᠎ᠠ ᠶᠢ ᠳᠡᠭᠡᠭᠰᠢᠯᠡᠭᠦᠯᠬᠦ | ᠵᠡᠷᠭᠡ ᠲᠦᠷᠪᠡᠨ ᠶᠡᠭᠡ ᠠᠵᠢᠯᠯᠠᠭ᠎ᠠ ᠶᠢ ᠬᠡᠷᠡᠭᠵᠢᠭᠦᠯᠵᠦ᠂ ᠲᠡᠷᠢᠭᠦᠨ ᠤ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠬᠦ ᠶᠢ | ᠶᠡᠬᠡᠪᠡᠷ ᠠᠬᠢᠭᠤᠯᠵᠤ᠂ ᠴᠢᠨᠠᠷ ᠰᠠᠶᠢᠲᠠᠢ ᠪᠥᠬᠡᠯᠢᠭ ᠬᠡᠷᠡᠭᠯᠡᠭᠡᠨ ᠤ ᠡᠳ᠋ ᠢ ᠰᠠᠭᠤᠭᠠᠯᠢ ᠠᠷᠠᠳ ᠤᠨ ᠠᠮᠢᠳᠤᠷᠠᠯ ᠳᠤ ᠨᠡᠩ | ᠤᠯᠠᠨ ᠣᠷᠣᠭᠤᠯᠬᠤ ᠶᠢ ᠠᠬᠢᠭᠤᠯᠵᠤ᠂ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠬᠡᠯᠬᠢᠶ᠎ᠡ ᠶᠢ ᠰᠢᠯᠤᠭᠤᠳᠬᠠᠵᠤ᠂ | ᠤᠯᠤᠰ ᠠᠷᠠᠳ ᠤᠨ ᠠᠵᠤ ᠠᠬᠤᠢ ᠶᠢᠨ ᠡᠷᠬᠢᠯᠳᠡᠳᠦ ᠶᠠᠰᠤ ᠴᠢᠨᠠᠷ ᠪᠣᠯᠤᠨ ᠲᠦᠪᠰᠢᠨ ᠢ ᠶᠡᠬᠡᠪᠡᠷ ᠳᠡᠭᠡᠭᠰᠢᠯᠡᠭᠦᠯᠵᠦ᠂ | ᠦᠬᠠᠢ ᠶᠢᠨ ᠣᠨᠴᠠᠯᠢᠭ ᠲᠠᠢ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠪᠤᠶᠢᠵᠢᠭᠤᠯᠤᠨ | ᠬᠥᠭᠵᠢᠭᠦᠯᠬᠦ ᠳᠤ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠢ᠃ | ︵ᠬᠤᠶᠠᠷ︶ ᠭᠤᠣᠯ ᠬᠠᠷᠠᠯᠲᠠ | 2027 ᠤᠨ ᠪᠣᠯᠬᠤ ᠳᠤ᠂ ᠪᠦᠬᠦ ᠬᠤᠲᠠ ᠶᠢᠨ ᠠᠵᠤ ᠦᠢᠯᠡᠳᠪᠦᠷᠢ ᠶᠢᠨ ᠬᠦᠷᠢᠶ᠎ᠡ ᠬᠡᠪᠴᠢᠶᠡᠨ ᠤ | ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ 2023 ᠣᠨ ᠤ ᠬᠢ ᠠᠴᠠ 50% ᠠᠴᠠ ᠳᠡᠭᠡᠭᠰᠢ ᠨᠡᠮᠡᠭᠳᠡᠵᠦ᠂ | ᠪᠠᠷᠢᠯᠭ᠎ᠠ᠂ ᠵᠠᠮ ᠬᠠᠷᠢᠯᠴᠠᠭ᠎ᠠ᠂ ᠰᠤᠷᠭᠠᠨ ᠬᠥᠮᠦᠵᠢᠯ᠂ ᠰᠣᠶᠣᠯ ᠵᠢᠭᠤᠯᠴᠢᠯᠠᠯ᠂ ᠡᠮᠴᠢᠯᠡᠭᠡ ᠵᠡᠷᠭᠡ ᠬᠦᠷᠢᠶ᠎ᠡ ᠬᠡᠪᠴᠢᠶᠡᠨ ᠤ | ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ 2023 ᠣᠨ ᠲᠠᠢ ᠬᠠᠷᠢᠴᠠᠭᠤᠯᠪᠠᠯ 25% ᠠᠴᠠ ᠳᠡᠭᠡᠭᠰᠢ | ᠨᠡᠮᠡᠭᠳᠡᠨ᠎ᠡ︔ ᠭᠤᠤᠯᠳᠠᠯᠭ᠎ᠠ ᠲᠠᠢ ᠠᠵᠢᠯ ᠲᠥᠷᠥᠯ ᠤᠨ ᠡᠨᠧᠷᠭᠢ ᠬᠡᠷᠡᠭᠯᠡᠬᠦ ᠲᠥᠬᠦᠭᠡᠷᠦᠮᠵᠢ ᠶᠢᠨ ᠡᠨᠧᠷᠭᠢ ᠶᠢᠨ | ᠠᠰᠢᠭᠯᠠᠮᠵᠢ ᠶᠢ ᠦᠨᠳᠦᠰᠦᠨ ᠳᠡᠭᠡᠨ ᠡᠨᠧᠷᠭᠢ ᠠᠷᠪᠢᠯᠠᠬᠤ ᠬᠢᠷᠢ ᠲᠦᠪᠰᠢᠨ ᠳᠤ ᠬᠦᠷᠦᠭᠦᠯᠵᠦ᠂ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠠᠮᠵᠢᠯᠲᠠ ᠪᠦᠲᠦᠮᠵᠢ ᠶᠢ A ᠲᠡᠰ ᠤᠨ ᠬᠢᠷᠢ ᠬᠡᠮᠵᠢᠶ᠎ᠡ ᠳᠤ ᠬᠦᠷᠦᠭᠰᠡᠨ ᠦᠢᠯᠡᠳᠪᠦᠷᠢᠯᠡᠬᠦ | ᠴᠢᠳᠠᠪᠤᠷᠢ ᠶᠢᠨ ᠬᠠᠷᠢᠴᠠᠯ ᠢ ᠶᠡᠬᠡᠪᠡᠷ ᠳᠡᠭᠡᠭᠰᠢᠯᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠲᠣᠭᠠᠴᠢᠯᠠᠭᠰᠠᠨ ᠰᠤᠳᠤᠯᠤᠨ ᠨᠡᠭᠡᠭᠡᠬᠦ ᠵᠢᠷᠤᠵᠤ ᠲᠥᠯᠥᠪᠯᠡᠬᠦ ᠪᠠᠭᠠᠵᠢ ᠶᠢᠨ ᠲᠦᠭᠡᠮᠡᠯᠵᠢᠯᠲᠡ ᠶᠢᠨ ᠨᠣᠷᠮ᠎ᠠ᠂ | ᠵᠠᠩᠭᠢᠯᠠᠭ᠎ᠠ ᠶᠢᠨ ᠠᠵᠢᠯ ᠤᠨ ᠳᠠᠷᠠᠭᠠᠯᠠᠯ ᠤᠨ ᠡᠵᠡᠮᠰᠢᠯ ᠤᠨ ᠨᠣᠷᠮ᠎ᠠ ᠶᠢ ᠲᠣᠰ ᠲᠣᠰ 90%᠂ 75% ᠠᠴᠠ | ᠳᠠᠪᠠᠭᠤᠯᠤᠨ᠎ᠠ︔ ᠬᠠᠶᠠᠭᠳᠠᠮᠠᠯ ᠮᠠᠰᠢᠨ ᠲᠡᠷᠭᠡᠨ ᠤ ᠡᠭᠡᠭᠦᠯᠦᠨ ᠬᠤᠷᠢᠶᠠᠬᠤ ᠬᠡᠮᠵᠢᠶ᠎ᠡ ᠶᠢ 2023 ᠣᠨ ᠲᠠᠢ ᠬᠠᠷᠢᠴᠠᠭᠤᠯᠪᠠᠯ | ᠪᠠᠷᠤᠭ ᠨᠢᠭᠡ ᠳᠠᠬᠢᠨ ᠨᠡᠮᠡᠭᠳᠡᠭᠦᠯᠵᠦ᠂ ᠭᠠᠷ ᠳᠠᠮᠵᠢᠭᠰᠠᠨ ᠮᠠᠰᠢᠨ ᠲᠡᠷᠭᠡᠨ ᠤ ᠠᠷᠠᠯᠵᠢᠶᠠᠨ ᠤ ᠬᠡᠮᠵᠢᠶ᠎ᠡ ᠶᠢ 2023 | ᠣᠨ ᠲᠠᠢ ᠬᠠᠷᠢᠴᠠᠭᠤᠯᠪᠠᠯ 45% ᠪᠠᠷ ᠨᠡᠮᠡᠭᠳᠡᠭᠦᠯᠵᠦ᠂ ᠡᠬᠢ ᠪᠠᠶᠠᠯᠢᠭ ᠤᠨ ᠬᠠᠩᠭᠠᠯᠭ᠎ᠠ ᠳᠠᠬᠢ ᠳᠠᠬᠢᠯᠲᠠ ᠮᠠᠲ᠋ᠧᠷᠢᠶᠠᠯ ᠤᠨ | ᠡᠵᠡᠯᠡᠬᠦ ᠬᠠᠷᠢᠴᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ᠬᠤᠶᠠᠷ᠂ ᠭᠤᠣᠯᠳᠠᠯᠭ᠎ᠠ ᠲᠠᠢ ᠡᠭᠦᠷᠭᠡ | ︵ᠨᠢᠭᠡ︶ ᠲᠥᠬᠦᠭᠡᠷᠦᠮᠵᠢ ᠶᠢ ᠰᠢᠨᠡᠳᠬᠡᠬᠦ ᠠᠵᠢᠯᠯᠠᠭ᠎ᠠ ᠬᠢᠨ᠎ᠡ | 1. ᠭᠤᠤᠯᠳᠠᠯᠭ᠎ᠠ ᠲᠠᠢ ᠠᠵᠢᠯ ᠲᠥᠷᠥᠯ ᠤᠨ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠶᠢ ᠲᠦᠯᠬᠢᠨ | ᠠᠬᠢᠭᠤᠯᠤᠨ᠎ᠠ᠃ ᠠᠵᠤ ᠦᠢᠯᠡᠳᠪᠦᠷᠢ ᠶᠢᠨ ᠬᠦᠷᠢᠶ᠎ᠡ ᠴᠠᠷᠠᠭ᠎ᠠ ᠶᠢᠨ ᠭᠤᠤᠯᠳᠠᠯᠭ᠎ᠠ ᠲᠠᠢ ᠠᠵᠢᠯ ᠲᠥᠷᠥᠯ ᠤᠨ ᠲᠥᠬᠦᠭᠡᠷᠦᠮᠵᠢ | ︵ᠨᠡᠭᠦᠷᠡᠰᠦᠨ ᠠᠭᠤᠷᠬᠠᠶ᠂ ᠨᠡᠭᠦᠷᠡᠰᠦᠨ ᠠᠭᠤᠷᠬᠠᠶ ᠶᠢᠨ ᠪᠤᠰᠤ ᠲᠥᠬᠦᠭᠡᠷᠦᠮᠵᠢ ᠵᠢᠴᠢ ᠴᠠᠬᠢᠯᠭᠠᠨ ᠬᠦᠴᠦᠨ ᠤ ᠴᠠᠬᠢᠯᠭᠠᠨ ᠤ | ᠲᠣᠤᠷ ᠤᠨ ᠲᠥᠬᠦᠭᠡᠷᠦᠮᠵᠢ ᠪᠠᠭᠲᠠᠨ᠎ᠠ︶ ᠶᠢᠨ ᠰᠢᠨᠡᠳᠬᠡᠨ ᠥᠭᠡᠷᠡᠴᠢᠯᠡᠬᠦ ᠲᠤᠰᠬᠠᠶ ᠵᠦᠢᠯ ᠤᠨ ᠲᠥᠰᠦᠯ ᠢ ᠲᠣᠭᠲᠠᠭᠠᠨ᠎ᠠ᠃ | ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠲᠣᠭᠤᠷᠢᠨ ᠳᠤ᠂ ᠲᠥᠬᠦᠭᠡᠷᠦᠮᠵᠢ ᠶᠢᠨ ᠳᠡᠭᠡᠳᠦ ᠲᠠᠰ ᠤᠨ | ᠳᠡᠭᠡᠭᠰᠢᠯᠡᠯᠲᠡ᠂ ᠣᠶᠤᠨᠴᠢᠯᠠᠭᠰᠠᠨ ᠥᠭᠡᠷᠡᠴᠢᠯᠡᠯᠲᠡ ᠪᠠᠷ ᠡᠨᠧᠷᠭᠢ ᠶᠢ ᠳᠡᠭᠡᠭᠰᠢᠯᠡᠭᠦᠯᠬᠦ᠂ ᠪᠣᠬᠢᠷᠲᠤᠯ ᠥᠬᠡᠶ ᠲᠡᠶᠢᠰᠢ | ᠬᠡᠯᠪᠡᠷᠢ ᠪᠠᠨ ᠬᠤᠪᠢᠷᠠᠭᠤᠯᠤᠨ ᠪᠠᠷᠢᠮᠵᠢᠶ᠎ᠠ ᠶᠢ ᠳᠡᠭᠡᠭᠰᠢᠯᠡᠭᠦᠯᠬᠦ ᠪᠠᠷ ᠭᠤᠤᠯᠳᠠᠯᠭ᠎ᠠ ᠲᠠᠢ ᠴᠢᠭᠯᠡᠯ ᠪᠣᠯᠭᠠᠵᠤ᠂ ᠪᠣᠯᠣᠳ ᠲᠡᠮᠦᠷ᠂ | ᠴᠢᠯᠠᠭᠤᠨ ᠲᠣᠰᠣ ᠬᠢᠮᠢ᠂ ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ᠂ ᠴᠠᠬᠢᠯᠭᠠᠨ ᠬᠦᠴᠦ᠂ ᠮᠠᠰᠢᠨ | ᠮᠧᠬᠠᠨᠢᠭ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠷᠢᠮᠵᠢᠶᠠᠯᠠᠨ ᠬᠠᠷᠭᠤᠭᠤᠯᠬᠤ | ᠠᠵᠢᠯ ᠲᠥᠷᠥᠯ ᠤᠨ ᠪᠠᠷᠢᠮᠵᠢᠶ᠎ᠠ ᠪᠠᠷ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠲᠤᠬᠠᠶ ᠶᠢᠨ ᠭᠠᠵᠠᠷ | ᠣᠷᠣᠨ ᠤ ᠪᠠᠶᠢᠳᠠᠯ ᠳᠤᠨᠢ ᠳᠣᠭᠢᠷᠠᠭᠤᠯᠬᠤ᠂ ︽ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ | ᠲᠥᠬᠦᠭᠡᠷᠦᠮᠵᠢ ᠶᠢ ᠰᠢᠨᠡᠳᠬᠡᠬᠦ ᠪᠠ ᠮᠡᠷᠭᠡᠵᠢᠯ ᠤᠨ ᠥᠭᠡᠷᠡᠴᠢᠯᠡᠯᠲᠡ ᠶᠢ ᠥᠷᠨᠢᠭᠦᠯᠦᠨ᠎ᠡ᠃ 2027 ᠤᠨ ᠪᠣᠯᠬᠤ ᠳᠤ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠣᠭᠠᠵᠢᠭᠤᠯᠤᠭᠰᠠᠨ ᠥᠭᠡᠷᠡᠴᠢᠯᠡᠯᠲᠡ ᠶᠢ | ᠪᠦᠷᠢᠨ ᠪᠦᠷᠬᠦᠭᠦᠯᠬᠦ ᠶᠢ ᠪᠡᠶᠡᠯᠡᠭᠦᠯᠬᠦ ᠶᠢᠨ ᠬᠠᠮᠲᠤ ᠳᠤᠮᠳᠠ ᠵᠢᠵᠢᠭ ᠠᠵᠤ ᠠᠬᠤᠶᠢᠯᠠᠯ ᠲᠡᠶᠢᠰᠢ ᠤᠷᠲᠤᠳᠬᠠᠬᠤ ᠪᠠᠷ | ᠴᠢᠷᠮᠠᠶᠢᠨ᠎ᠠ᠃ ᠰᠢᠨ᠎ᠡ ᠪᠠᠷ ᠨᠡᠮᠡᠭᠳᠡᠭᠰᠡᠨ ᠤᠶᠤᠨᠴᠢᠯᠠᠨ ᠦᠶ᠋ᠯᠡᠳᠬᠦ ᠦᠢᠯᠡᠳᠪᠦᠷᠢ ᠶᠢᠨ ᠲᠠᠰᠤᠭ ᠪᠠ ᠦᠢᠯᠡᠳᠪᠦᠷᠢ ᠨᠢ ᠲᠣᠰ | ᠲᠣᠰ 3 ᠪᠠ 6 ᠠᠴᠠ ᠳᠡᠭᠡᠭᠰᠢ ᠳᠤ ᠬᠦᠷᠪᠡ᠃ ᠡᠯ᠎ᠡ ᠠᠵᠢᠯ ᠲᠥᠷᠥᠯ ᠤᠨ ᠰᠢᠨᠡᠴᠢᠯᠡᠵᠦ ᠥᠭᠡᠷᠡᠴᠢᠯᠡᠬᠦ ᠶᠢᠨ ᠰᠢᠭᠤᠳ | ᠦᠷ᠎ᠡ ᠠᠰᠢᠭ ᠪᠠ ᠳᠠᠶᠢᠴᠢᠯᠠᠬᠤ ᠦᠢᠯᠡᠳᠦᠯ ᠢ ᠵᠠᠳᠠᠯᠤᠨ ᠦᠨᠡᠯᠡᠬᠦ ᠠᠵᠢᠯ ᠢ ᠰᠦᠪᠡᠭᠴᠢᠯᠡᠨ ᠥᠷᠨᠢᠭᠦᠯᠦᠨ᠎ᠡ᠃ | ᠡᠨᠧᠷᠭᠢ ᠶᠢᠨ ᠬᠤᠷᠣᠭᠳᠠᠭᠤᠯᠬᠤ᠂ ᠭᠠᠳᠠᠭᠰᠢᠯᠠᠭᠤᠯᠬᠤ᠂ ᠠᠮᠤᠷ ᠲᠦᠪᠰᠢᠨ ᠵᠡᠷᠭᠡ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠪᠠ | ᠲᠥᠬᠦᠭᠡᠷᠦᠮᠵᠢ ᠶᠢ ᠰᠢᠭᠰᠢᠭᠳᠡᠭᠦᠯᠬᠦ ᠭᠠᠷᠴᠠᠭ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠴᠣᠷᠤᠩᠭᠤᠶ ᠦᠷ᠎ᠡ | ᠠᠰᠢᠭ ᠢᠶᠠᠷ ᠳᠣᠤᠷ᠎ᠠ ᠲᠥᠬᠦᠭᠡᠷᠦᠮᠵᠢ᠂ ᠠᠯᠪᠠ ᠬᠠᠭᠠᠬᠤ ᠬᠠᠭᠤᠴᠢᠨ ᠲᠥᠬᠦᠭᠡᠷᠦᠮᠵᠢ᠂ ᠡᠨᠧᠷᠭᠢ ᠶᠢᠨ ᠬᠤᠷᠣᠭᠳᠠᠯ ᠶᠡᠬᠡᠲᠡᠶ | ᠭᠠᠳᠠᠭᠰᠢᠯᠠᠭᠤᠯᠤᠯᠲᠠ ᠶᠡᠬᠡᠲᠡᠶ ᠲᠥᠬᠦᠭᠡᠷᠦᠮᠵᠢ᠂ ᠠᠮᠤᠷ ᠲᠦᠪᠰᠢᠨ ᠤ ᠳᠠᠯᠳᠠ ᠬᠡᠮ ᠲᠠᠢ ᠲᠥᠬᠦᠭᠡᠷᠦᠮᠵᠢ ᠶᠢ ᠲᠦᠷᠭᠡᠳᠬᠡᠨ | ᠰᠢᠭᠰᠢᠭᠳᠡᠭᠦᠯᠵᠦ᠂ ᠲᠡᠷᠢᠭᠦᠨ ᠤ ᠲᠥᠬᠦᠭᠡᠷᠦᠮᠵᠢ᠂ ᠣᠶᠤᠨᠴᠢ ᠲᠣᠨᠤᠭ ᠲᠥᠬᠦᠭᠡᠷᠦᠮᠵᠢ᠂ ᠪᠣᠬᠢᠷᠲᠤᠯ ᠥᠬᠡᠶ ᠲᠣᠨᠤᠭ | ᠲᠥᠬᠦᠭᠡᠷᠦᠮᠵᠢ ᠶᠢ ᠬᠡᠷᠡᠭᠯᠡᠬᠦ ᠶᠢ ᠠᠬᠢᠭᠤᠯᠤᠨ᠎ᠠ᠃ ᠲᠥᠬᠦᠭᠡᠷᠦᠮᠵᠢ ᠶᠢᠨ ᠰᠢᠨᠡᠴᠢᠯᠡᠯᠲᠡ ᠪᠠᠷ ᠠᠵᠤ ᠦᠢᠯᠡᠰ ᠪᠣᠯᠤᠨ | ᠬᠦᠷᠢᠶᠡᠯᠡᠩ ᠲᠣᠭᠤᠷᠢᠭ ᠤᠨ ᠳᠡᠭᠡᠳᠦ ᠲᠡᠰᠵᠢᠯᠲᠡ᠂ ᠤᠶᠤᠨᠴᠢᠯᠠᠯᠲᠠ᠂ ᠪᠣᠬᠢᠷᠲᠤᠯ ᠦᠭᠡᠢ ᠲᠡᠰ ᠳᠡᠪᠰᠢᠬᠦ ᠶᠢ ᠳᠠᠶᠢᠴᠢᠯᠠᠵᠤ᠂ | ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ᠂ ᠵᠠᠬ᠎ᠠ ᠳᠡᠯᠭᠡᠭᠦᠷ ᠤᠨ ᠠᠵᠠ ᠲᠣᠬᠢᠶᠠᠯ ᠢ ᠠᠮᠵᠢᠵᠤ᠂ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠨᠡᠭᠦᠷᠡᠰᠦᠨ ᠠᠭᠤᠷᠬᠠᠢ ᠶᠢᠨ ᠲᠥᠬᠦᠭᠡᠷᠦᠮᠵᠢ᠂ ᠴᠠᠬᠢᠯᠭᠠᠨ ᠬᠦᠴᠦᠨ ᠤ | ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠶᠢ ᠠᠬᠢᠭᠤᠯᠪᠠ᠃ 2027 ᠤᠨ ᠪᠣᠯᠬᠤ ᠳᠤ᠂ ᠨᠡᠭᠦᠷᠡᠰᠦ ᠴᠠᠬᠢᠯᠭᠠᠨ ᠤ ᠮᠠᠰᠢᠨ | ᠴᠣᠭᠴᠠᠯᠠᠪᠤᠷᠢ ᠶᠢᠨ ︽ᠭᠤᠷᠪᠠ ᠶᠢ ᠥᠭᠡᠷᠡᠴᠢᠯᠡᠵᠦ ᠬᠤᠯᠪᠣᠭᠠᠯᠠᠨ ᠬᠥᠳᠡᠯᠦᠯᠴᠡᠬᠦ︾ ᠶᠢ 106 ᠲᠦᠮᠡᠨ ᠺᠢᠯᠣᠸᠠᠲ | ᠴᠢᠷᠮᠠᠶᠢᠨ ᠪᠡᠶᠡᠯᠡᠭᠦᠯᠵᠦ᠂ ᠨᠡᠭᠦᠷᠡᠰᠦ ᠴᠠᠬᠢᠯᠭᠠᠨ ᠤ ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠶᠢ 30 ᠲᠦᠮᠡᠨ | ᠺᠢᠯᠣᠸᠠᠲ ᠰᠢᠭᠰᠢᠭᠳᠡᠭᠦᠯᠦᠨ᠎ᠡ᠃ ᠤᠯᠠᠮᠵᠢᠯᠠᠯᠲᠤ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠳᠡᠰ ᠳᠡᠪᠰᠢᠬᠦ | ᠥᠭᠡᠷᠡᠴᠢᠯᠡᠯᠲᠡ ᠶᠢ ᠲᠦᠷᠭᠡᠳᠬᠡᠵᠦ᠂ ᠬᠡᠤᠷᠰᠢᠭᠦᠯᠬᠦ ᠠᠵᠢᠯ ᠲᠥᠷᠥᠯ ᠤᠨ ᠬᠠᠮᠢᠶ᠎ᠠ ᠪᠦᠬᠦᠢ ᠲᠥᠬᠦᠭᠡᠷᠦᠮᠵᠢ᠂ BDO ᠶᠢ | ᠨᠢᠭᠡ ᠴᠣᠭᠴᠠᠵᠢᠭᠤᠯᠤᠭᠰᠠᠨ ᠦᠢᠯᠡᠳᠪᠦᠷᠢᠯᠡᠯ ᠤᠨ ᠲᠥᠬᠦᠭᠡᠷᠦᠮᠵᠢ ᠶᠢᠨ ᠰᠢᠨᠡᠴᠢᠯᠡᠯᠲᠡ ᠶᠢ ᠠᠬᠢᠭᠤᠯᠤᠨ᠎ᠠ︔ ᠲᠣᠨᠣᠭᠯᠠᠯ | ᠦᠢᠯᠡᠳᠬᠦ ᠦᠢᠯᠡᠰ᠂ ᠮᠠᠰᠢᠨ ᠲᠡᠷᠭᠡ ᠶᠢ ᠵᠠᠳᠠᠯᠤᠨ ᠪᠣᠯᠪᠠᠰᠤᠷᠠᠭᠤᠯᠵᠤ ᠠᠰᠢᠭᠯᠠᠬᠤ ᠠᠵᠢᠯ ᠲᠥᠷᠥᠯ ᠤᠨ | ᠲᠥᠬᠦᠭᠡᠷᠦᠮᠵᠢ ᠪᠠᠨ ᠰᠢᠨᠡᠳᠬᠡᠨ ᠥᠭᠡᠷᠡᠴᠢᠯᠡᠬᠦ ᠳᠤᠮᠳᠠ ᠲᠦᠷᠭᠡᠨ ᠬᠥᠭᠵᠢᠬᠦ ᠶᠢ ᠳᠡᠮᠵᠢᠨ᠎ᠡ︔ ᠠᠩᠬᠠᠨ ᠤ ᠢᠵᠢ ᠭᠡᠷ | ᠪᠠᠶᠢᠰᠢᠩ᠂ ᠳᠠᠯᠳᠠ ᠮᠠᠩᠯᠠᠶᠢᠯᠠᠭᠰᠠᠨ᠂ ᠲᠤᠰᠬᠠᠢ ᠨᠠᠷᠢᠯᠢᠭ ᠣᠨᠴᠠ ᠰᠢᠨ᠎ᠡ ᠠᠵᠤ ᠠᠬᠤᠶᠢᠯᠠᠯ ᠲᠥᠬᠦᠭᠡᠷᠦᠮᠵᠢ ᠪᠠ | ᠦᠢᠯᠡᠳᠬᠦᠨ ᠤ ᠰᠢᠨᠡᠴᠢᠯᠡᠯᠲᠡ ᠶᠢᠨ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠶᠢᠨ ᠮᠡᠷᠭᠡᠵᠢᠯ ᠤᠨ ᠰᠤᠳᠤᠯᠤᠨ ᠨᠡᠭᠡᠭᠡᠬᠦ᠂ | ᠦᠢᠯᠡᠳᠬᠦᠨ ᠤ ᠰᠢᠨ᠎ᠡ ᠶᠢ ᠡᠭᠦᠳᠬᠦ ᠪᠠ ᠵᠠᠬ᠎ᠠ ᠳᠡᠯᠭᠡᠭᠦᠷ ᠨᠡᠭᠡᠭᠡᠬᠦ ᠠᠵᠢᠯᠯᠠᠭ᠎ᠠ ᠳᠤ ᠣᠷᠣᠯᠴᠠᠬᠤ ᠶᠢ ᠵᠣᠷᠢᠭᠵᠢᠭᠤᠯᠤᠨ | ᠠᠬᠢᠭᠤᠯᠤᠨ᠎ᠠ᠃ ᠦᠬᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠭᠠᠷ ᠮᠠᠨᠳᠠᠯ ᠤᠨ ᠣᠷᠴᠢᠨ ᠲᠣᠭᠤᠷᠢᠨ ᠢ | ᠶᠡᠷᠦᠩᠬᠡᠶᠢᠯᠡᠨ ᠵᠠᠰᠠᠬᠤ ᠲᠠᠢ ᠤᠶᠠᠯᠳᠤᠭᠤᠯᠤᠨ᠂ ᠭᠤᠤᠯᠳᠠᠯᠭ᠎ᠠ ᠲᠠᠢ ᠠᠵᠢᠯ ᠲᠥᠷᠥᠯ ᠤᠨ ᠬᠡᠲᠦ ᠳᠣᠤᠷ᠎ᠠ | ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠠᠬᠢᠭᠤᠯᠵᠤ᠂ ᠠᠭᠠᠷ ᠮᠠᠨᠳᠠᠯ ᠤᠨ ᠣᠷᠴᠢᠨ ᠲᠣᠭᠤᠷᠢᠨ ᠤ ᠬᠢᠨᠠᠨ | ᠬᠡᠮᠵᠢᠯᠲᠡ ᠶᠢᠨ ᠲᠥᠬᠦᠭᠡᠷᠦᠮᠵᠢ᠂ VOCs ᠵᠠᠰᠠᠯᠲᠠ ᠶᠢᠨ ᠲᠥᠬᠦᠭᠡᠷᠦᠮᠵᠢ ᠶᠢ ᠰᠢᠨᠡᠳᠬᠡᠵᠦ ᠰᠣᠯᠢᠬᠤ ᠶᠢ | ᠲᠦᠷᠭᠡᠳᠬᠡᠨ᠎ᠡ᠃ | 2. ᠪᠠᠷᠢᠯᠭ᠎ᠠ ᠪᠣᠯᠤᠨ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠬᠦᠷᠢᠶᠡᠨ ᠤ ᠲᠥᠬᠦᠭᠡᠷᠦᠮᠵᠢ ᠶᠢ | ᠰᠢᠨᠡᠳᠬᠡᠨ ᠥᠭᠡᠷᠡᠴᠢᠯᠡᠬᠦ ᠶᠢ ᠲᠦᠯᠬᠢᠨ ᠠᠬᠢᠭᠤᠯᠤᠨ᠎ᠠ᠃ ᠪᠠᠷᠢᠯᠭ᠎ᠠ ᠪᠣᠯᠤᠨ ᠬᠤᠲᠠ ᠶᠢᠨ ᠶᠠᠪᠤᠳᠠᠯ ᠤᠨ ᠰᠠᠭᠤᠷᠢ | ᠲᠥᠬᠦᠭᠡᠷᠦᠮᠵᠢ ᠶᠢᠨ ᠲᠥᠬᠦᠭᠡᠷᠦᠮᠵᠢ ᠶᠢ ᠰᠢᠨᠡᠳᠬᠡᠬᠦ ᠠᠵᠢᠯ ᠤᠨ ᠲᠥᠰᠥᠯ ᠢ ᠲᠣᠭᠲᠠᠭᠠᠨ᠎ᠠ᠃ ᠬᠤᠲᠠ ᠶᠢᠨ ᠰᠢᠨᠡᠴᠢᠯᠡᠯᠲᠡ᠂ | ᠬᠠᠭᠤᠴᠢᠨ ᠵᠢᠵᠢᠭ ᠲᠣᠭᠤᠷᠢᠭ ᠤᠨ ᠥᠭᠡᠷᠡᠴᠢᠯᠡᠯᠲᠡ᠂ ︽ᠳᠤᠯᠠᠭᠠᠨ ᠢᠨᠵᠧᠨᠧᠷᠢᠩ ᠢ ᠲᠦᠯᠬᠢᠨ ᠠᠬᠢᠭᠤᠯᠬᠤ ᠲᠠᠢ | ᠤᠶᠠᠯᠳᠤᠭᠤᠯᠤᠨ᠂ ᠣᠷᠣᠨ ᠰᠠᠭᠤᠴᠠ ᠶᠢᠨ ᠴᠠᠬᠢᠯᠭᠠᠨ ᠱᠠᠲᠤ᠂ ᠤᠰᠤ ᠬᠠᠩᠭᠠᠬᠤ᠂ ᠢᠯᠴᠢ ᠬᠠᠩᠭᠠᠬᠤ᠂ ᠬᠡᠢ ᠬᠠᠩᠭᠠᠬᠤ᠂ | ᠪᠣᠬᠢᠷ ᠤᠰᠤ ᠰᠢᠢᠳᠪᠦᠷᠢᠯᠡᠬᠦ᠂ ᠣᠷᠴᠢᠨ ᠲᠣᠭᠤᠷᠢᠨ ᠤ ᠠᠷᠢᠭᠤᠨ ᠴᠡᠪᠡᠷ᠂ ᠬᠤᠲᠠ ᠶᠢᠨ ᠠᠮᠢ ᠨᠠᠰᠤᠨ ᠤ ᠱᠤᠭᠤᠮ ᠤᠨ | ᠢᠨᠵᠧᠨᠧᠷᠢᠩ᠂ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠵᠡᠷᠭᠡ ᠶᠢ ᠰᠢᠨᠡᠳᠬᠡᠬᠦ ᠶᠢ ᠳᠡᠮᠵᠢᠬᠦ ᠪᠠᠨ ᠨᠡᠮᠡᠭᠳᠡᠭᠦᠯᠵᠦ᠂ | ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢ ᠰᠢᠨᠡᠳᠬᠡᠬᠦ᠂ ᠮᠡᠷᠭᠡᠵᠢᠯ ᠤᠨ ᠳᠡᠰ ᠳᠡᠪᠰᠢᠭᠦᠯᠬᠦ᠂ | ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠲᠥᠷᠥᠯ ᠬᠤᠪᠢᠶᠠᠨ ᠲᠦᠯᠬᠢᠨ ᠠᠬᠢᠭᠤᠯᠤᠨ᠎ᠠ᠃ | ᠬᠡᠲᠦᠷᠬᠡᠢ ᠬᠡᠷᠡᠭᠯᠡᠭᠰᠡᠨ ᠠᠮᠢ ᠨᠠᠰᠤ᠂ ᠬᠤᠭᠤᠴᠠᠭ᠎ᠠ ᠠᠴᠠ ᠬᠡᠲᠦᠷᠡᠭᠰᠡᠨ ᠦᠢᠯᠡᠴᠢᠯᠡᠭᠡᠨ ᠤ ᠠᠯᠪᠠᠳᠠᠯᠭ᠎ᠠ ᠶᠢᠨ ᠴᠢᠨᠠᠷᠲᠠᠶ | ᠰᠢᠭᠰᠢᠭᠳᠡᠭᠦᠯᠬᠦ ᠪᠠᠷᠢᠮᠵᠢᠶ᠎ᠠ ᠳᠤ ᠬᠦᠷᠦᠭᠰᠡᠨ ᠲᠥᠬᠦᠭᠡᠷᠦᠮᠵᠢ ᠶᠢ ᠡᠷᠡᠰ ᠰᠢᠭᠰᠢᠭᠳᠡᠭᠦᠯᠦᠨ ᠰᠢᠨᠡᠳᠬᠡᠵᠦ᠂ 15 ᠵᠢᠯ ᠠᠴᠠ | ᠳᠡᠭᠡᠭᠰᠢᠬᠢ ᠬᠠᠭᠤᠴᠢᠨ ᠣᠷᠣᠨ ᠰᠠᠭᠤᠴᠠ ᠶᠢ ᠠᠰᠢᠭᠯᠠᠯᠲᠠ ᠳᠤ ᠣᠷᠣᠭᠤᠯᠤᠨ ᠬᠡᠷᠡᠭᠯᠡᠭᠰᠡᠨ ᠴᠠᠬᠢᠯᠭᠠᠨ ᠱᠠᠲᠤ ᠶᠢᠨ ᠳᠠᠯᠳᠠ | ᠭᠡᠮ ᠢ ᠵᠢᠭᠰᠠᠭᠠᠨ ᠪᠠᠶᠢᠴᠠᠭᠠᠬᠤ᠂ ᠪᠠᠶᠢᠳᠠᠯ ᠢ ᠣᠶᠢᠯᠠᠭᠠᠨ ᠦᠨᠡᠯᠡᠨ ᠵᠢᠱᠢᠬᠦ ᠪᠠ ᠰᠢᠨᠡᠳᠬᠡᠨ ᠥᠭᠡᠷᠡᠴᠢᠯᠡᠬᠦ ᠶᠢ ᠰᠠᠶᠢᠲᠤᠷ | ᠬᠢᠵᠦ᠂ ᠳᠡᠰ ᠳᠠᠪᠬᠤᠷᠭ᠎ᠠ ᠪᠠᠷ ᠡᠷᠦᠬᠡ ᠳᠤ ᠣᠷᠣᠭᠤᠯᠬᠤ ᠠᠷᠭ᠎ᠠ ᠮᠠᠶ᠋ᠢᠭ ᠢᠶᠠᠷ ᠴᠠᠬᠢᠯᠭᠠᠨ ᠱᠠᠲᠤ ᠨᠡᠮᠡᠵᠦ ᠤᠭᠰᠠᠷᠠᠬᠤ ᠶᠢ | ᠵᠣᠷᠢᠭᠵᠢᠭᠤᠯᠤᠨ᠎ᠠ᠃ ᠯᠠᠨ ᠢ ᠠᠮᠢᠳᠤᠷᠠᠯ ᠤᠨ ᠬᠤᠭ ᠨᠣᠪᠰᠢ ᠰᠢᠲᠠᠭᠠᠬᠤ ᠭᠦᠸᠧᠯᠦ ᠶᠢᠨ ᠲᠥᠬᠦᠭᠡᠷᠦᠮᠵᠢ ᠶᠢ ᠰᠢᠨᠡᠳᠬᠡᠨ | ᠥᠭᠡᠷᠡᠴᠢᠯᠡᠬᠦ ᠶᠢ ᠲᠦᠯᠬᠢᠨ ᠠᠬᠢᠭᠤᠯᠤᠨ᠎ᠠ᠃ ᠪᠠᠷᠢᠯᠭ᠎ᠠ ᠶᠢᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ᠂ | ᠬᠤᠷᠢᠶᠠᠨ ᠠᠪᠴᠤ ᠪᠣᠯᠬᠤ ᠪᠣᠳᠠᠰ ᠢ ᠢᠯᠭᠠᠨ ᠬᠤᠪᠢᠶᠠᠬᠤ ᠲᠥᠬᠦᠭᠡᠷᠦᠮᠵᠢ ᠶᠢ ᠰᠢᠨᠡᠳᠬᠡᠬᠦ ᠶᠢ ᠳᠡᠮᠵᠢᠵᠦ᠂ ᠰᠢᠨ᠎ᠡ | ᠡᠨᠧᠷᠭᠢ ᠶᠢᠨ ᠲᠡᠷᠭᠡ ᠬᠥᠰᠬᠡ ᠶᠢᠨ ᠲᠣᠨᠤᠭ ᠲᠥᠬᠦᠭᠡᠷᠦᠮᠵᠢ ᠶᠢ ᠰᠢᠨᠡᠳᠬᠡᠵᠦ ᠬᠤᠳᠠᠯᠳᠤᠨ ᠠᠪᠬᠤ ᠪᠠ ᠤᠶᠤᠨᠴᠢᠯᠠᠭᠰᠠᠨ᠂ | ᠬᠥᠮᠥᠨ ᠦᠭᠡᠢ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠯᠠᠬᠤ ᠮᠠᠰᠢᠨ ᠪᠠᠭᠠᠵᠢ ᠲᠥᠬᠦᠭᠡᠷᠦᠮᠵᠢ ᠶᠢ | ᠲᠣᠬᠢᠷᠠᠭᠤᠯᠤᠨ ᠬᠡᠷᠡᠭᠯᠡᠬᠦ ᠶᠢ ᠵᠣᠷᠢᠭᠵᠢᠭᠤᠯᠤᠨ᠎ᠠ᠃ ᠤᠰᠤᠨ ᠬᠥᠭᠡᠷᠭᠡ᠂ ᠠᠷᠢᠭᠤᠳᠬᠠᠬᠤ᠂ ᠦᠮᠡᠬᠡᠶ ᠦᠨᠦᠷ ᠢ ᠠᠷᠢᠯᠭᠠᠬᠤ᠂ | ᠥᠪᠡᠰᠦᠪᠡᠨ ᠡᠵᠡᠮᠳᠡᠬᠦ ᠵᠡᠷᠭᠡ ᠡᠯ᠎ᠡ ᠲᠥᠷᠥᠯ ᠤᠨ ᠪᠣᠬᠢᠷ ᠰᠢᠪᠠᠷ ᠪᠣᠬᠢᠷ ᠤᠰᠤ ᠶᠢ ᠰᠢᠢᠳᠪᠦᠷᠢᠯᠡᠬᠦ ᠲᠤᠰᠬᠠᠶ ᠬᠡᠷᠡᠭᠯᠡᠭᠡᠨ ᠤ | ᠮᠧᠬᠠᠨᠢᠭ ᠪᠡᠯᠡᠳᠬᠡᠮᠵᠢ ᠲᠥᠬᠦᠭᠡᠷᠦᠮᠵᠢ ᠶᠢ ᠰᠢᠨᠡᠳᠬᠡᠬᠦ ᠪᠠ ᠪᠣᠬᠢᠷ ᠤᠰᠤᠨ ᠤ ᠬᠤᠭᠤᠯᠠᠶ ᠶᠢᠨ ᠲᠣᠤᠷ ᠢ ᠥᠭᠡᠷᠡᠴᠢᠯᠡᠬᠦ ᠶᠢ | ᠶᠡᠬᠡᠪᠡᠷ ᠠᠬᠢᠭᠤᠯᠵᠤ᠂ ᠰᠠᠭᠤᠭᠠᠯᠢ ᠠᠷᠠᠳ ᠤᠨ ᠲᠣᠭᠤᠷᠢᠭ ᠤᠨ ᠬᠤᠶᠠᠳᠠᠬᠢ ᠤᠳᠠᠭ᠎ᠠ ᠤᠰᠤ ᠬᠠᠩᠭᠠᠬᠤ᠂ | ᠬᠤᠭᠤᠴᠠᠭ᠎ᠠ ᠠᠴᠠ ᠬᠡᠲᠦᠷᠡᠲᠡᠯ᠎ᠡ ᠠᠯᠪᠠ ᠬᠠᠭᠠᠬᠤ ᠬᠡᠮᠵᠢᠭᠦᠷ ᠤᠨ ᠤᠰᠤᠨ ᠬᠡᠮᠵᠢᠭᠦᠷ ᠵᠡᠷᠭᠡ ᠤᠰᠤ ᠬᠠᠩᠭᠠᠬᠤ | ᠪᠡᠯᠡᠳᠬᠡᠮᠵᠢ ᠶᠢᠨ ᠲᠠᠰ ᠳᠡᠪᠰᠢᠬᠦ ᠶᠢ ᠠᠬᠢᠭᠤᠯᠤᠨ᠎ᠠ᠃ ᠬᠠᠭᠤᠴᠢᠷᠬᠠᠰᠠᠨ᠂ ᠭᠤᠭᠤᠵᠢᠠᠠᠰᠠᠨ ᠢᠯᠴᠢ ᠬᠠᠩᠭᠠᠬᠤ | ᠬᠤᠭᠤᠯᠠᠶ ᠶᠢ ᠰᠢᠨᠡᠳᠬᠡᠨ ᠥᠭᠡᠷᠡᠴᠢᠯᠡᠬᠦ ᠶᠢ ᠳᠡᠮᠵᠢᠵᠦ᠂ ᠢᠯᠴᠢ ᠬᠠᠩᠭᠠᠬᠤ ᠶᠢ ᠬᠡᠮᠵᠢᠨ ᠥᠭᠡᠷᠡᠴᠢᠯᠡᠬᠦ ᠶᠢ ᠡᠮᠬᠢ | ᠵᠢᠷᠤᠮ ᠲᠠᠢ ᠪᠠᠷ ᠠᠬᠢᠭᠤᠯᠤᠨ᠂ ᠢᠯᠴᠢ ᠶᠢᠨ ᠬᠡᠮᠵᠢᠯᠲᠡ ᠶᠢᠨ ᠲᠣᠨᠣᠭᠯᠠᠯ ᠵᠡᠷᠭᠡ ᠲᠥᠬᠦᠭᠡᠷᠦᠮᠵᠢ ᠶᠢ ᠰᠢᠨᠡᠳᠬᠡᠨ᠂ ᠨᠢᠭᠡᠨᠲᠡ | ᠪᠠᠶᠢᠭ᠎ᠠ ᠢᠯᠴᠢ ᠶᠢᠨ ᠬᠥᠭᠡᠷᠭᠡ ᠶᠢᠨ ᠮᠠᠰᠢᠨ ᠴᠣᠭᠴᠠᠯᠠᠪᠤᠷᠢ ᠶᠢ ᠤᠷᠢᠳᠠᠪᠠᠷ ᠥᠭᠡᠷᠡᠴᠢᠯᠡᠨ᠎ᠡ᠃ ᠰᠢᠲᠠᠮᠠᠬᠠᠶ ᠬᠡᠶ ᠵᠡᠷᠭᠡ | ᠬᠠᠭᠤᠴᠢᠷᠠᠭᠰᠠᠨ ᠬᠤᠭᠤᠯᠠᠶ ᠶᠢ ᠰᠢᠨᠡᠳᠬᠡᠨ ᠥᠭᠡᠷᠡᠴᠢᠯᠡᠬᠦ ᠶᠢ ᠦᠷᠭᠦᠯᠵᠢᠯᠡᠨ ᠬᠡᠷᠡᠭᠵᠢᠭᠦᠯᠵᠦ᠂ ᠰᠢᠲᠠᠮᠠᠬᠠᠶ ᠬᠡᠶ ᠶᠢᠨ | ᠬᠤᠭᠤᠯᠠᠶ ᠵᠡᠷᠭᠡ ᠲᠦᠭᠰᠢᠭᠦᠷᠢ ᠶᠢᠨ ᠴᠡᠭ ᠢ ᠬᠢᠨᠠᠨ ᠬᠡᠮᠵᠢᠬᠦ ᠶᠢ ᠴᠢᠩᠭᠠᠳᠬᠠᠨ᠂ ᠭᠠᠵᠠᠷ ᠳᠣᠤᠷᠠᠬᠢ ᠬᠤᠭᠤᠯᠠᠶ ᠶᠢᠨ ᠲᠣᠤᠷ᠂ | ᠬᠥᠭᠦᠷᠭᠡ ᠶᠢᠨ ᠨᠦᠬᠡᠨ ᠵᠠᠮ᠂ ᠰᠡᠯᠪᠢᠨ ᠵᠠᠰᠠᠬᠤ ᠬᠤᠳᠳᠤᠭ ᠤᠨ ᠠᠮᠠᠰᠠᠷ ᠵᠡᠷᠭᠡ ᠢᠵᠢ ᠪᠥᠷᠢᠳᠦᠭᠰᠡᠨ ᠪᠣᠳᠠᠰ ᠤᠨ | ᠬᠤᠯᠪᠣᠭ᠎ᠠ ᠶᠢᠨ ᠣᠶᠤᠨᠴᠢ ᠰᠡᠷᠡᠨ ᠮᠡᠳᠡᠷᠡᠬᠦ ᠲᠥᠬᠦᠭᠡᠷᠦᠮᠵᠢ ᠶᠢ ᠪᠦᠷᠢᠨ ᠭᠦᠢᠴᠡᠳ ᠳᠣᠭᠢᠷᠠᠭᠤᠯᠵᠤ᠂ ᠪᠣᠳᠠᠰ ᠤᠨ | ᠰᠦᠯᠵᠢᠶ᠎ᠡ᠂ ᠣᠶᠤᠨᠴᠢ ᠰᠡᠷᠡᠯ ᠵᠡᠷᠭᠡ ᠬᠢᠨᠠᠨ ᠬᠡᠮᠵᠢᠬᠦ ᠲᠥᠬᠦᠭᠡᠷᠦᠮᠵᠢ ᠶᠢ ᠬᠠᠶᠢᠨ ᠰᠦᠪᠡᠭᠴᠢᠯᠡᠵᠦ᠂ ᠬᠤᠲᠠ ᠶᠢᠨ ᠠᠮᠢ | ᠨᠠᠰᠤᠨ ᠤ ᠱᠤᠭᠤᠮ ᠤᠨ ᠠᠮᠤᠷ ᠲᠦᠪᠰᠢᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃ | ᠬᠤᠲᠠ ᠶᠢᠨ ᠪᠡᠯᠡᠳᠬᠡᠮᠵᠢ ᠬᠠᠲᠠᠭᠤ ᠬᠡᠷᠡᠭᠰᠡᠯ ᠢ ᠲᠠᠰ ᠳᠡᠪᠰᠢᠭᠦᠯᠬᠦ ᠪᠠ ᠬᠤᠲᠠ ᠶᠢᠨ ᠬᠠᠮᠢᠶᠠᠷᠤᠯᠲᠠ ᠶᠢᠨ ᠵᠥᠭᠡᠯᠡᠨ | ᠬᠡᠷᠡᠭᠰᠡᠯ ᠢ ᠳᠠᠬᠢᠨ ᠳᠠᠪᠲᠠᠨ ᠣᠷᠣᠯᠠᠭᠤᠯᠬᠤ ᠶᠢ ᠠᠬᠢᠭᠤᠯᠵᠤ᠂ ᠬᠤᠲᠠ ᠶᠢᠨ ᠤᠶᠤᠨᠵᠢᠭᠤᠯᠬᠤ᠂ ᠪᠣᠬᠢᠷᠲᠤᠯ ᠦᠭᠡᠢ᠂ ᠠᠮᠤᠷ | ᠲᠦᠪᠰᠢᠨ ᠪᠣᠯᠭᠠᠬᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠰᠢᠨ᠎ᠡ ᠡᠨᠧᠷᠭᠢ᠂ ᠰᠢᠨ᠎ᠡ | ᠮᠡᠷᠭᠡᠵᠢᠯ ᠤᠨ ᠢᠨᠵᠧᠨᠧᠷᠢᠩ ᠤᠨ ᠮᠠᠰᠢᠨ ᠲᠥᠬᠦᠭᠡᠷᠦᠮᠵᠢ ᠵᠡᠷᠭᠡ ᠣᠶᠤᠨᠴᠢ ᠪᠠᠶᠢᠭᠤᠯᠬᠤ ᠲᠥᠬᠦᠭᠡᠷᠦᠮᠵᠢ ᠶᠢ ᠰᠢᠨᠡᠴᠢᠯᠡᠵᠦ | ᠬᠤᠳᠠᠯᠳᠤᠨ ᠠᠪᠬᠤ ᠶᠢ ᠵᠣᠷᠢᠭᠵᠢᠭᠤᠯᠵᠤ᠂ 10 ᠵᠢᠯ ᠠᠴᠠ ᠳᠡᠭᠡᠭᠰᠢ᠂ ᠪᠣᠬᠢᠷᠲᠤᠯ ᠶᠡᠬᠡᠲᠡᠶ᠂ ᠡᠨᠧᠷᠭᠢ ᠶᠢᠨ | ᠬᠤᠷᠣᠭᠳᠠᠭᠤᠯᠤᠯ ᠶᠡᠬᠡᠲᠡᠶ᠂ ᠬᠠᠭᠤᠴᠢᠷᠬᠠᠰᠠᠨ ᠡᠯᠡᠭᠳᠡᠯ ᠢᠶᠠᠷ ᠬᠦᠨᠳᠦ ᠨᠣᠴᠢᠲᠠᠶ᠂ ᠮᠡᠷᠭᠡᠵᠢᠯ ᠬᠤᠴᠣᠷᠤᠩᠭᠤᠶ | ᠪᠠᠷᠢᠯᠭ᠎ᠠ ᠶᠢᠨ ᠠᠵᠢᠯ ᠤᠨ ᠲᠥᠬᠦᠭᠡᠷᠦᠮᠵᠢ ᠶᠢ ᠬᠡᠷᠡᠭᠯᠡᠬᠦ ᠶᠢ ᠠᠬᠢᠭᠤᠯᠵᠤ᠂ ᠡᠯ᠎ᠡ ᠲᠥᠷᠥᠯ ᠤᠨ ᠠᠮᠤᠷ ᠲᠦᠪᠰᠢᠨ ᠤ ᠠᠳᠡᠯ | ᠭᠠᠷᠬᠤ ᠶᠢ ᠡᠷᠡᠰ ᠰᠡᠷᠭᠡᠶᠢᠯᠡᠨ᠎ᠡ᠃ | 3. ᠵᠠᠮ ᠬᠠᠷᠢᠯᠴᠠᠭ᠎ᠠ ᠲᠡᠭᠡᠭᠡᠪᠦᠷᠢ ᠶᠢᠨ ᠲᠥᠬᠦᠭᠡᠷᠦᠮᠵᠢ᠂ ᠲᠠᠷᠢᠶᠠᠯᠠᠩ ᠤᠨ ᠬᠠᠭᠤᠴᠢᠷᠬᠠᠰᠠᠨ ᠮᠠᠰᠢᠨ ᠢ | ᠰᠢᠨᠡᠳᠬᠡᠬᠦ ᠶᠢ ᠲᠦᠷᠭᠡᠳᠬᠡᠨ᠎ᠡ᠃ ᠵᠠᠮ ᠲᠡᠭᠡᠭᠡᠪᠦᠷᠢ ᠶᠢᠨ ᠲᠥᠬᠦᠭᠡᠷᠦᠮᠵᠢ ᠶᠢ ᠰᠢᠨᠡᠳᠬᠡᠬᠦ ᠲᠥᠯᠥᠪᠯᠡᠭᠡ ᠲᠣᠭᠲᠠᠭᠠᠵᠤ᠃ | ᠬᠤᠲᠠ ᠶᠢᠨ ᠨᠡᠶᠢᠲᠡ ᠶᠢᠨ ᠮᠠᠰᠢᠨ ᠲᠡᠷᠭᠡᠨ ᠤ ᠴᠠᠬᠢᠯᠭᠠᠨ ᠬᠥᠳᠡᠯᠭᠡᠭᠦᠷᠲᠦ ᠲᠡᠷᠭᠡ ᠶᠢ ᠣᠷᠣᠯᠠᠭᠤᠯᠬᠤ ᠶᠢ ᠦᠷᠭᠦᠯᠵᠢᠯᠡᠨ | ᠠᠬᠢᠭᠤᠯᠵᠤ᠂ ᠬᠠᠭᠤᠴᠢᠷᠠᠭᠰᠠᠨ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ ᠪᠠ ᠬᠥᠳᠡᠯᠭᠡᠬᠦ ᠬᠦᠴᠦᠨ ᠤ ᠳ᠋ᠢᠶᠠᠨ | ᡂᠢ ᠶᠢ ᠰᠢᠨᠡᠳᠬᠡᠨ ᠰᠣᠯᠢᠬᠤ ᠶᠢ ᠳᠡᠮᠵᠢᠵᠦ᠂ 8 ᠵᠢᠯ ᠵᠢᠴᠢ ᠲᠡᠭᠦᠨ ᠠᠴᠠ ᠳᠡᠭᠡᠭᠰᠢ᠂ ᠬᠥᠳᠡᠯᠭᠡᠬᠦ ᠬᠦᠴᠦᠨ ᠤ ᠳ᠋ᠢᠶᠠᠨ | ᡂᠢ ᠶᠢᠨ ᠴᠢᠨᠠᠷ ᠢ ᠪᠠᠲᠤᠯᠠᠬᠤ ᠬᠤᠭᠤᠴᠠᠭ᠎ᠠ ᠵᠢᠴᠢ ᠪᠤᠰᠤᠳ ᠮᠡᠷᠭᠡᠵᠢᠯ ᠤᠨ ᠪᠠᠶᠢᠳᠠᠯ ᠢ ᠠᠮᠤᠷ ᠲᠦᠪᠰᠢᠨ ᠢᠶᠠᠷ ᠡᠵᠡᠩᠨᠡᠬᠦ | ᠨᠥᠬᠦᠴᠡᠯ ᠢ ᠪᠦᠷᠢᠯᠳᠦᠭᠦᠯᠦᠭᠡᠳᠦᠶ ᠬᠠᠭᠤᠴᠢᠨ ᠬᠤᠲᠠ ᠶᠢᠨ ᠨᠡᠶᠢᠲᠡ ᠶᠢᠨ ᠮᠠᠰᠢᠨ ᠲᠡᠷᠭᠡᠨ ᠤ ᠰᠢᠨᠡᠴᠢᠯᠡᠯᠲᠡ ᠶᠢ | ᠭᠤᠤᠯᠳᠠᠯᠭ᠎ᠠ ᠲᠠᠢ ᠠᠬᠢᠭᠤᠯᠵᠤ᠂ ᠪᠥᠬᠦ ᠬᠤᠲᠠ ᠶᠢᠨ ᠰᠢᠨ᠎ᠡ ᠪᠠᠷ ᠨᠡᠮᠡᠭᠳᠡᠭᠰᠡᠨ ᠵᠢᠴᠢ ᠨᠡᠶᠢᠲᠡ ᠶᠢᠨ ᠮᠠᠰᠢᠨ ᠲᠡᠷᠭᠡᠨ ᠤ | ᠰᠢᠨ᠎ᠡ ᠡᠨᠧᠷᠭᠢ ᠶᠢᠨ ᠡᠵᠡᠯᠡᠬᠦ ᠬᠠᠷᠢᠴᠠᠯ ᠢ 100% ᠳᠤ ᠬᠦᠷᠦᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠪᠠᠶᠢᠴᠠᠭᠠᠨ | ᠰᠢᠯᠭᠠᠭᠰᠠᠨ ᠦᠷ᠎ᠡ ᠳ᠋ᠦᠩ ᠢ ᠦᠨᠳᠦᠰᠦᠯᠡᠨ᠂ ᠤᠯᠤᠰ ᠤᠨ ᠭᠤᠷᠪᠠᠳᠤᠭᠠᠷ ᠵᠢᠴᠢ ᠲᠡᠭᠦᠨ ᠠᠴᠠ ᠳᠣᠷᠣᠭᠰᠢᠬᠢ | ᠭᠠᠳᠠᠭᠰᠢᠯᠠᠭᠤᠯᠬᠤ ᠪᠠᠷᠢᠮᠵᠢᠶ᠎ᠠ ᠶᠢᠨ ᠡᠵᠡᠩᠨᠡᠯᠲᠡ ᠶᠢᠨ ᠲᠥᠷᠥᠯ ᠤᠨ ᠴᠠᠶᠢᠶ᠋ᠢᠦ ᠲᠣᠰᠣᠨ ᠤ ᠪᠠᠷᠠᠭᠠᠨ ᠤ ᠲᠡᠷᠭᠡ ᠶᠢ | ᠰᠢᠭᠰᠢᠭᠳᠡᠭᠦᠯᠵᠦ ᠰᠢᠨᠡᠳᠬᠡᠬᠦ ᠶᠢ ᠲᠦᠷᠭᠡᠳᠬᠡᠨ ᠪᠡᠶᠡᠯᠡᠭᠦᠯᠦᠨ᠎ᠡ᠃ ᠬᠤᠲᠠ ᠶᠢᠨ ᠲᠣᠭᠤᠷᠢᠭ ᠤᠨ ᠴᠠᠬᠢᠯᠭᠠᠨ ᠴᠡᠨᠡᠭᠯᠡᠬᠦ | ᠥᠷᠲᠡᠭᠡ ᠴᠡᠭ ᠤᠨ ᠪᠠᠶᠢᠷᠢᠰᠢᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠴᠠᠬᠢᠯᠭᠠᠨ ᠴᠡᠨᠡᠭᠯᠡᠬᠦ ᠪᠠᠭᠠᠨ᠎ᠠ ᠶᠢᠨ | ᠪᠥᠲᠥᠭᠡᠨ ᠪᠠᠶᠢᠭᠤᠯᠤᠯᠲᠠ ᠪᠠ ᠠᠰᠢᠭᠯᠠᠯᠲᠠ ᠳᠤ ᠣᠷᠣᠭᠤᠯᠬᠤ ᠶᠢ ᠳᠥᠯᠭᠢᠨ ᠠᠬᠢᠭᠤᠯᠵᠤ᠂ ᠬᠡᠷᠡᠭᠯᠡᠯᠲᠡ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠦᠨ᠂ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ ᠪᠠ ᠲᠦᠷᠢᠶᠡᠰᠦᠨ ᠮᠠᠰᠢᠨ ᠲᠡᠷᠭᠡ ᠶᠢ | ᠡᠮᠬᠢ ᠵᠢᠷᠤᠮ ᠲᠠᠢ ᠪᠠᠷ ᠰᠢᠨᠡᠳᠬᠡᠬᠦ ᠳᠤ ᠬᠦᠴᠦᠨ ᠨᠡᠮᠡᠷᠢᠯᠡᠨ᠎ᠡ᠃ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠶᠠᠷᠢᠶ᠎ᠠ | ᠬᠡᠯᠡᠯᠴᠡᠭᠡᠨ ᠤ ᠵᠢᠯᠣᠭᠤᠳᠤᠮᠵᠢ ᠶᠢ ᠴᠢᠩᠭᠠᠳᠬᠠᠵᠤ᠂ ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ ᠢ ᠳᠡᠯᠭᠡᠷᠡᠭᠦᠯᠦᠨ | ᠬᠡᠷᠡᠭᠯᠡᠬᠦ ᠶᠢ ᠲᠦᠷᠭᠡᠳᠬᠡᠨ᠎ᠡ᠃ ᠰᠢᠦᠳᠠᠨ ᠤ ᠲᠦᠷᠭᠡᠨ ᠢᠯᠡᠭᠡᠯᠲᠡ ᠶᠢᠨ ᠬᠠᠭᠤᠴᠢᠨ ᠠᠮᠦᠷ ᠲᠥᠪᠰᠢᠨ ᠤ | ᠪᠠᠶᠢᠴᠠᠭᠠᠯᠲᠠ ᠶᠢᠨ ᠲᠥᠭᠦᠭᠡᠷᠦᠮᠵᠢ ᠶᠢ ᠰᠢᠨᠡᠳᠬᠡᠬᠦ ᠪᠠ ᠪᠦᠷᠢᠨ ᠠᠦ᠋ᠲ᠋ᠤ᠋ ᠣᠶᠣᠨᠴᠢ ᠪᠠᠷ ᠬᠤᠪᠢᠶᠠᠨ ᠰᠠᠯᠭᠠᠬᠤ | ᠲᠥᠭᠦᠭᠡᠷᠦᠮᠵᠢ ᠶᠢ ᠰᠢᠨᠡᠳᠬᠡᠬᠦ ᠶᠢ ᠳᠡᠮᠵᠢᠵᠦ᠂ ᠰᠢᠦᠳᠠᠨ ᠤ ᠲᠦᠷᠭᠡᠨ ᠢᠯᠡᠭᠡᠯᠲᠡ ᠶᠢᠨ ᠲᠣᠬᠢᠷᠠᠭᠤᠯᠤᠨ ᠬᠦᠷᠭᠡᠬᠦ ᠲᠡᠷᠭᠡ | ᠬᠦᠰᠭᠡ ᠶᠢᠨ ᠴᠠᠬᠢᠯᠭᠠᠨ ᠬᠥᠳᠡᠯᠭᠡᠭᠦᠷᠲᠦ ᠣᠷᠤᠯᠠᠬᠤ ᠶᠢ ᠳᠡᠮᠵᠢᠨ᠎ᠡ᠃ᠰᠢᠤᠳᠠᠨ ᠤ ᠶᠠᠪᠤᠳᠠᠯ ᠲᠦᠷᠭᠡᠨ ᠬᠦᠷᠭᠡᠬᠦ | ᠲᠡᠭᠡᠭᠡᠪᠦᠷᠢ ᠶᠢᠨ ᠲᠡᠷᠭᠡ ᠬᠥᠰᠬᠡ ᠶᠢᠨ ᠰᠢᠨ᠎ᠡ ᠡᠨᠧᠷᠭᠢ ᠶᠢᠨ ᠬᠠᠷᠢᠴᠠᠯ ᠢ 30% ᠲᠤ ᠬᠦᠷᠲᠡᠯ᠎ᠡ ᠳᠡᠭᠡᠭᠰᠢᠯᠡᠭᠦᠯᠬᠦ ᠪᠠᠷ | ᠴᠢᠷᠮᠠᠶᠢᠨ᠎ᠠ᠃ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠴᠡᠭᠡ ᠪᠣᠯᠤᠨ ᠮᠠᠰᠢᠨᠴᠢᠯᠠᠯᠲᠠ ᠶᠢ ᠬᠥᠭᠵᠢᠭᠦᠯᠬᠦ ᠪᠣᠳᠠᠲᠤ | ᠪᠠᠶᠢᠳᠠᠯ ᠲᠠᠢ ᠤᠶᠠᠯᠳᠤᠭᠤᠯᠤᠨ᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠢ | ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠳᠤ ᠨᠥᠬᠦᠪᠥᠷᠢ ᠥᠭᠬᠦ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ | ᠦᠷᠭᠦᠯᠵᠢᠯᠡᠨ ᠬᠡᠷᠡᠭᠵᠢᠭᠦᠯᠵᠦ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠬᠦ ᠶᠢᠨ ᠨᠥᠬᠦᠪᠥᠷᠢ ᠪᠡᠯᠡ | ᠮᠥᠩᠭᠦ ᠳᠤ ᠲᠦᠰᠢᠭᠯᠡᠨ᠂ ᠲᠷᠠᠺᠲ᠋ᠣᠷ᠂ ᠬᠠᠳᠤᠵᠤ ᠬᠤᠷᠢᠶᠠᠬᠤ ᠬᠠᠮ ᠮᠠᠰᠢᠨ᠂ ᠮᠠᠰᠢᠨ ᠢᠶᠠᠷ ᠪᠣᠷᠳᠣᠭᠤᠷ ᠣᠷᠣᠭᠤᠯᠬᠤ | ᠮᠠᠰᠢᠨ᠂ ᠮᠠᠰᠢᠨ ᠢᠶᠠᠷ ᠮᠥᠯᠢᠬᠦ ᠮᠠᠰᠢᠨ᠂ ᠲᠡᠵᠢᠭᠡᠯ ᠪᠣᠷᠳᠤᠭ᠎ᠠ ︵ᠡᠪᠡᠰᠦ︶ ᠶᠢ ᠬᠡᠮᠬᠡᠯᠬᠦ ᠮᠠᠰᠢᠨ᠂ ᠡᠪᠡᠰᠦ ᠬᠡᠷᠴᠢᠬᠦ | ᠮᠠᠰᠢᠨ ᠳᠤ ᠬᠡᠷᠡᠭᠯᠡᠭᠡᠨ ᠠᠴᠠ ᠭᠠᠷᠭᠠᠬᠤ ᠨᠥᠬᠦᠪᠥᠷᠢ ᠪᠣᠯᠤᠨ ᠰᠢᠨᠡᠳᠬᠡᠬᠦ ᠨᠥᠬᠦᠪᠥᠷᠢ ᠥᠭᠴᠦ᠂ ᠲᠠᠷᠢᠶᠠᠯᠠᠩ ᠤᠨ ᠮᠠᠰᠢᠨ ᠤ | ᠪᠦᠲᠦᠴᠡ ᠶᠢᠨ ᠲᠣᠬᠢᠷᠠᠭᠤᠯᠤᠯᠲᠠ ᠶᠢ ᠲᠦᠷᠭᠡᠳᠬᠡᠬᠦ ᠬᠡᠷᠡᠭᠲᠡᠶ᠃ | 4. ᠰᠤᠷᠭᠠᠨ ᠬᠥᠮᠦᠵᠢᠯ᠂ ᠰᠣᠶᠣᠯ ᠵᠢᠭᠤᠯᠴᠢᠯᠠᠯ᠂ ᠡᠮᠴᠢᠯᠡᠭᠡ ᠶᠢᠨ ᠪᠡᠯᠡᠳᠬᠡᠮᠵᠢ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠰᠤᠷᠭᠠᠨ ᠬᠥᠮᠦᠵᠢᠯ᠂ ᠰᠣᠶᠣᠯ ᠵᠢᠭᠤᠯᠴᠢᠯᠠᠯ᠂ ᠡᠮᠴᠢᠯᠡᠭᠡᠨ ᠤ ᠲᠥᠬᠦᠭᠡᠷᠦᠮᠵᠢ ᠶᠢ ᠳᠡᠭᠡᠭᠰᠢᠯᠡᠭᠦᠯᠬᠦ | ᠲᠤᠰᠬᠠᠶ ᠲᠥᠰᠦᠯ ᠢ ᠬᠦᠷᠢᠶ᠎ᠡ ᠴᠠᠷᠠᠭ᠎ᠠ ᠬᠤᠪᠢᠶᠠᠨ ᠲᠣᠭᠲᠠᠭᠠᠨ᠎ᠠ᠃ ᠰᠢᠨᠵᠢᠯᠡᠭᠡᠨ ᠤ ᠲᠤᠰᠬᠠᠶ ᠮᠡᠷᠭᠡᠵᠢᠯ ᠤᠨ ᠵᠢᠭᠠᠨ | ᠰᠤᠷᠭᠠᠯᠲᠠ ᠶᠢᠨ ᠲᠣᠨᠤᠭ ᠲᠥᠬᠦᠭᠡᠷᠦᠮᠵᠢ ᠶᠢ ᠳᠣᠭᠢᠷᠠᠭᠤᠯᠬᠤ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠦᠬᠠᠶ ᠶᠢᠨ | ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠲᠡᠷᠢᠭᠦᠨ ᠤ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠬᠢᠭᠡᠳ ᠳᠠᠳᠤᠯᠭ᠎ᠠ | ᠪᠣᠯᠪᠠᠰᠤᠷᠠᠯ ᠤᠨ ᠲᠥᠬᠦᠭᠡᠷᠦᠮᠵᠢ᠂ ᠮᠡᠳᠡᠭᠡ ᠵᠠᠩᠭᠢᠵᠢᠯᠲᠠ ᠶᠢᠨ ᠵᠢᠭᠠᠨ ᠰᠤᠷᠭᠠᠯᠲᠠ ᠶᠢᠨ ᠲᠥᠬᠦᠭᠡᠷᠦᠮᠵᠢ ᠶᠢ ᠰᠢᠨᠡᠳᠬᠡᠬᠦ ᠶᠢ | ᠠᠬᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠶᠠᠰᠤ ᠴᠢᠨᠠᠷ ᠲᠤᠭ᠎ᠠ ᠬᠡᠮᠵᠢᠶ᠎ᠡ ᠶᠢ ᠪᠠᠲᠤᠯᠠᠨ ᠲᠣᠬᠢᠷᠠᠭᠤᠯᠬᠤ ᠶᠢᠨ | ᠬᠠᠮᠲᠤ ᠲᠤᠷᠰᠢᠯᠲᠠ ᠶᠢᠨ ᠲᠠᠰᠤᠭ ᠤᠨ ᠪᠠᠭᠠᠵᠢ ᠲᠥᠬᠦᠭᠡᠷᠦᠮᠵᠢ᠂ ᠮᠡᠳᠡᠭᠡ ᠵᠠᠩᠭᠢᠵᠢᠯᠲᠠ ᠶᠢᠨ ᠵᠢᠭᠠᠨ ᠰᠤᠷᠭᠠᠯᠲᠠ ᠶᠢᠨ | ᠲᠥᠬᠦᠭᠡᠷᠦᠮᠵᠢ ᠶᠢ ᠴᠠᠭ ᠲᠤᠬᠠᠶ ᠳᠤᠨᠢ ᠰᠢᠨᠡᠳᠬᠡᠵᠦ᠂ ᠵᠢᠭᠠᠨ ᠰᠤᠷᠭᠠᠯᠲᠠ ᠪᠠ ᠰᠢᠨᠵᠢᠯᠡᠬᠦ ᠤᠬᠠᠭᠠᠨ ᠤ ᠰᠤᠳᠤᠯᠭᠠᠨ ᠤ | ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠲᠣᠭᠤᠷᠢᠨ ᠵᠤᠭᠠᠴᠠᠬᠤ᠂ ᠵᠤᠭ᠎ᠠ ᠴᠡᠩᠭᠡᠯ᠂ ᠤᠷᠠᠯᠢᠭ ᠤᠨ | ᠲᠣᠭᠯᠠᠯᠲᠠ᠂ ᠣᠶᠤᠨᠴᠢ ᠰᠣᠶᠣᠯ ᠵᠢᠭᠤᠯᠴᠢᠯᠠᠯ ᠢ ᠥᠭᠡᠷᠡᠴᠢᠯᠡᠬᠦ᠂ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ | ᠠᠰᠢᠭᠯᠠᠬᠤ᠂ ᠣᠨᠴᠠ ᠲᠣᠳᠣ ᠬᠡᠲᠦ ᠥᠨᠳᠥᠷ ᠲᠣᠳᠣ ᠪᠠᠶᠢᠯᠭᠠᠬᠤ ᠵᠡᠷᠭᠡ ᠪᠡᠯᠡᠳᠬᠡᠮᠵᠢ ᠲᠥᠬᠦᠭᠡᠷᠦᠮᠵᠢ ᠶᠢ ᠰᠢᠨᠡᠳᠬᠡᠬᠦ ᠶᠢ | ᠠᠬᠢᠭᠤᠯᠵᠤ᠂ ᠤᠯᠤᠰ ᠤᠨ ᠠᠮᠤᠷ ᠲᠦᠪᠰᠢᠨ ᠤ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠂ | ᠲᠣᠭᠲᠠᠭᠠᠯ ᠶᠣᠰᠣᠭᠠᠷ ᠰᠢᠭᠰᠢᠭᠳᠡᠭᠦᠯᠵᠦ ᠰᠢᠨᠡᠳᠬᠡᠵᠦ᠂ ᠠᠵᠢᠯᠯᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠨ᠎ᠠ᠃ | ᠦᠵᠡᠮᠵᠢ ᠶᠢᠨ ᠣᠷᠣᠨ᠂ ᠰᠣᠶᠣᠯ ᠤᠨ ᠣᠷᠳᠣᠨ᠂ ᠮᠦᠽᠧᠶ ᠵᠡᠷᠭᠡ ᠲᠠᠯᠠᠪᠤᠷ ᠣᠷᠳᠣᠨ ᠤ ᠲᠣᠭᠠᠴᠢᠯᠠᠭᠰᠠᠨ | ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠰᠦᠯᠵᠢᠶᠡᠨ ᠳᠡᠭᠡᠷ᠎ᠡ ᠪᠣᠯᠵᠣᠵᠤ ᠤᠷᠢᠳᠴᠢᠯᠠᠨ ᠪᠣᠯᠵᠣᠬᠤ᠂ | ᠤᠷᠤᠰᠬᠠᠯ ᠤᠨ ᠬᠡᠮᠵᠢᠶ᠎ᠡ ᠶᠢ ᠬᠢᠨᠠᠨ ᠬᠡᠮᠵᠢᠵᠦ ᠬᠢᠨᠠᠨ ᠡᠵᠡᠮᠳᠡᠬᠦ᠂ ᠰᠢᠨᠵᠢᠯᠡᠬᠦ ᠤᠬᠠᠭᠠᠨᠴᠢ ᠪᠠᠷ ᠬᠥᠲᠥᠯᠦᠨ ᠵᠢᠯᠣᠭᠤᠳᠴᠤ | ᠰᠠᠯᠭᠠᠬᠤ᠂ ᠵᠢᠭᠤᠯᠴᠢᠯᠠᠨ ᠬᠥᠲᠥᠯᠥᠨ ᠵᠢᠯᠣᠭᠤᠳᠬᠤ ᠵᠡᠷᠭᠡ ᠦᠢᠯᠡᠴᠢᠯᠡᠭᠡᠨ ᠤ ᠴᠢᠳᠠᠮᠵᠢ ᠶᠢ ᠰᠢᠯᠢᠳᠡᠭᠵᠢᠭᠦᠯᠦᠨ᠎ᠡ᠃ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠲᠤᠨᠤᠭ ᠲᠦᠬᠦᠬᠡᠷᠦᠮᠵᠢ ᠪᠠ ᠮᠡᠳᠡᠭᠡ ᠵᠠᠩᠬᠢᠵᠢᠯᠳᠠ ᠶᠢᠨ | ᠲᠦᠬᠦᠬᠡᠷᠦᠮᠵᠢ ᠶᠢᠨ ᠲᠠᠪᠬᠤᠴᠠᠵᠦ ᠳᠡᠰ ᠳᠡᠪᠰᠢᠬᠦ ᠶᠢ ᠠᠬᠢᠭᠤᠯᠵᠤ᠂ ᠨᠥᠬᠦᠴᠡᠯ ᠪᠦᠷᠢᠯᠳᠦᠭᠦᠯᠦᠭᠰᠡᠨ ᠡᠮᠴᠢᠯᠡᠭᠡᠨ ᠤ | ᠪᠠᠶᠢᠭᠤᠯᠤᠮᠵᠢ ᠶᠢ ᠵᠤᠷᠢᠬᠵᠢᠭᠤᠯᠵᠤ ᠪᠠᠶᠢᠭᠠᠳ ᠠᠨᠠᠭᠠᠬᠤ ᠤᠬᠠᠭᠠᠨ ᠤ ᠵᠢᠷᠤᠭ ᠲᠦᠷᠰᠦ᠂ ᠰᠠᠴᠤᠷᠠᠭ ᠤᠨ ᠵᠠᠰᠠᠯᠳᠡ᠂ | ᠠᠯᠤᠰ ᠠᠴᠠ ᠣᠨᠣᠰᠢᠯᠠᠨ ᠡᠮᠨᠡᠬᠦ᠂ ᠮᠡᠰᠡ ᠵᠠᠰᠠᠯ ᠤᠨ ᠮᠠᠰᠢᠨ ᠬᠦᠮᠦᠨ᠂ ᠰᠢᠯᠭᠠᠨ ᠪᠠᠶᠢᠴᠠᠭᠠᠬᠤ ᠵᠡᠷᠭᠡ ᠡᠮᠴᠢᠯᠡᠭᠡᠨ ᠤ | ᠲᠤᠨᠤᠭ ᠲᠦᠬᠦᠬᠡᠷᠦᠮᠵᠢ ᠶᠢ ᠰᠢᠨᠡᠳᠭᠡᠨ ᠦᠭᠡᠷᠡᠴᠢᠯᠡᠬᠦ ᠶᠢ ᠲᠦᠷᠭᠡᠳᠭᠡᠵᠤ᠂ ᠡᠮᠴᠢᠯᠡᠭᠡᠨ ᠤ ᠲᠤᠨᠤᠭ ᠲᠦᠬᠦᠬᠡᠷᠦᠮᠵᠢ ᠶᠢᠨ | ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠡᠯᠧᠺᠳ᠋ᠷᠣᠨ ᠡᠪᠡᠳᠴᠢᠨ ᠤ ᠲᠡᠤᠬᠡ ᠪᠠᠷ ᠭᠤᠣᠯ ᠪᠣᠯᠭᠠᠭᠰᠠᠨ | ᠡᠮᠨᠡᠯᠭᠡ ᠶᠢᠨ ᠬᠤᠷᠢᠶᠠᠨ ᠤ ᠮᠡᠳᠡᠭᠡ ᠵᠠᠩᠬᠢᠵᠢᠯᠳᠠ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ᠰᠢᠯᠵᠢᠮᠡᠯ | ᠤᠶᠤᠨᠲᠤ ᠡᠮᠴᠢᠯᠡᠭᠡ᠂ ᠠᠯᠤᠰ ᠡᠵᠡᠮᠰᠢᠯᠳᠦ ᠣᠨᠣᠰᠢᠯᠠᠨ ᠡᠮᠨᠡᠬᠦ ᠬᠡᠷᠡᠭᠯᠡᠭᠡᠨ ᠤ ᠪᠠᠶᠢᠭᠤᠯᠤᠯᠲᠠ ᠶᠢ ᠥᠷᠭᠡᠳᠬᠡᠨ᠂ ᠴᠢᠨᠠᠷ | ᠰᠠᠶᠢᠲᠠᠶ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠤᠨ᠎ᠠ᠃ | ᠡᠮᠴᠢᠯᠡᠭᠡᠨ ᠤ ᠪᠠᠶᠢᠭᠤᠯᠤᠮᠵᠢ ᠶᠢᠨ ᠡᠪᠡᠳᠴᠢᠲᠡᠨ ᠤ ᠥᠷᠥᠭᠡ ᠶᠢ ᠳᠥᠭᠦᠮᠴᠢᠯᠡᠬᠦ᠂ ᠪᠠᠷᠢᠮᠵᠢᠶᠠᠵᠢᠭᠤᠯᠬᠤ᠂ ᠤᠶᠤᠨᠴᠢᠯᠠᠬᠤ | ᠥᠭᠡᠷᠡᠴᠢᠯᠡᠨ ᠳᠡᠭᠡᠭᠰᠢᠯᠡᠭᠦᠯᠬᠦ ᠶᠢ ᠠᠬᠢᠭᠤᠯᠵᠤ᠂ ᠡᠪᠡᠳᠴᠢᠲᠡᠨ ᠤ ᠦᠷᠦᠭᠡ ᠶᠢᠨ ᠣᠷᠴᠢᠨ ᠲᠣᠭᠤᠷᠢᠨ ᠬᠢᠭᠡᠳ | ᠪᠡᠯᠡᠳᠬᠡᠮᠵᠢ ᠶᠢᠨ ᠳᠤᠲᠠᠭᠤᠳᠠᠯ ᠢ ᠨᠥᠬᠦᠪᠦᠷᠢᠯᠡᠵᠦ᠂ ᠬᠠᠷᠰᠢ ᠰᠠᠭᠠᠳ ᠦᠭᠡᠢ ᠪᠡᠯᠡᠳᠬᠡᠮᠵᠢ ᠶᠢ ᠲᠡᠭᠦᠯᠳᠡᠷᠵᠢᠭᠦᠯᠦᠨ᠂ | ᠡᠪᠡᠳᠴᠢᠲᠡᠨ ᠤ ᠡᠪᠡᠳᠴᠢᠨ ᠦᠵᠡᠭᠦᠯᠬᠦ ᠥᠩᠭᠡᠷᠡᠯᠲᠡ ᠶᠢ ᠳᠡᠭᠡᠭᠰᠢᠯᠡᠭᠦᠯᠬᠦ ᠬᠡᠷᠡᠭᠲᠡᠢ᠃ | ︵ᠬᠤᠶᠠᠷ︶ ᠬᠡᠷᠡᠭᠯᠡᠭᠡᠨ ᠤ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠶᠠᠪᠤᠭᠤᠯᠬᠤ | 1. ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠨᠡᠮᠡᠭᠳᠡᠭᠦᠯᠦᠨ᠎ᠡ᠃ ᠮᠠᠰᠢᠨ | ᠲᠡᠷᠭᠡ ᠶᠢ ᠠᠯᠪᠠᠳᠠᠯᠭ᠎ᠠ ᠪᠠᠷ ᠬᠡᠷᠡᠭᠯᠡᠭᠡᠨ ᠠᠴᠠ ᠭᠠᠷᠭᠠᠬᠤ ᠪᠠᠷᠢᠮᠵᠢᠶ᠎ᠠ ᠪᠠ ᠲᠡᠷᠭᠡ ᠬᠥᠰᠬᠡ ᠶᠢᠨ ᠠᠮᠤᠷ ᠲᠦᠪᠰᠢᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠬᠡᠷᠡᠭᠯᠡᠭᠡᠨ ᠠᠴᠠ | ᠭᠠᠷᠭᠠᠬᠤ ᠪᠠᠷᠢᠮᠵᠢᠶ᠎ᠠ ᠳᠤ ᠨᠡᠶᠢᠴᠡᠬᠦ ᠬᠠᠭᠤᠴᠢᠨ ᠮᠠᠰᠢᠨ ᠲᠡᠷᠭᠡ ᠶᠢ ᠬᠠᠤᠯᠢ ᠲᠣᠭᠲᠠᠭᠠᠯ ᠶᠣᠰᠣᠭᠠᠷ ᠬᠠᠶᠠᠬᠤ ᠶᠢ ᠬᠥᠲᠥᠯᠥᠨ | ᠵᠢᠯᠣᠭᠤᠳᠴᠤ᠂ ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠂ ᠮᠠᠰᠢᠨ ᠲᠡᠷᠭᠡᠨ ᠤ ᠬᠡᠷᠡᠭᠯᠡᠭᠡᠨ ᠤ ᠳᠠᠯᠳᠠ ᠬᠦᠴᠦᠨ ᠢ ᠠᠭᠤᠳᠠᠯᠵᠤ᠂ ᠲᠤᠬᠠᠶ ᠶᠢᠨ ᠭᠠᠵᠠᠷ | ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠡᠷᠡᠭᠯᠡᠭᠡᠨ ᠤ ᠲᠡᠮᠳᠡᠭᠲᠦ ᠵᠡᠷᠭᠡ ᠪᠣᠷᠣᠯᠠᠭᠤᠯᠭ᠎ᠠ ᠶᠢ ᠠᠬᠢᠭᠤᠯᠬᠤ ᠳᠡᠮᠵᠢᠯᠭᠡ ᠶᠢᠨ | ᠠᠷᠭ᠎ᠠ ᠮᠠᠶ᠋ᠢᠭ ᠢ ᠠᠪᠴᠤ᠂ ᠬᠠᠮᠢᠶ᠎ᠠ ᠪᠥᠬᠦᠶ ᠱᠠᠭᠠᠷᠳᠠᠯᠭ᠎ᠠ ᠳᠤ ᠨᠡᠶᠢᠴᠡᠬᠦ ᠰᠢᠨ᠎ᠡ ᠡᠨᠧᠷᠭᠢ ᠵᠢᠴᠢ ᠰᠢᠲᠠᠭᠠᠯᠭ᠎ᠠ ᠶᠢᠨ | ᠲᠣᠰᠣᠨ ᠤ ᠲᠡᠷᠭᠡ ᠬᠥᠰᠬᠡ ᠶᠢ ᠬᠤᠳᠠᠯᠳᠤᠨ ᠠᠪᠬᠤ ᠳᠤ ᠵᠣᠬᠢᠬᠤ ᠨᠥᠬᠦᠪᠥᠷᠢ ᠥᠭᠴᠦ᠂ ᠬᠡᠷᠡᠭᠯᠡᠭᠡᠨ ᠤ ᠢᠲᠡᠭᠡᠮᠵᠢᠲᠦ | ᠵᠢᠭᠡᠯᠡᠯᠭᠡ᠂ ᠬᠤᠭᠤᠴᠠᠭ᠎ᠠ ᠬᠤᠪᠢᠶᠠᠨ ᠪᠠᠷᠠᠭ᠎ᠠ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢ ᠠᠪᠴᠤ᠂ ᠪᠣᠷᠣᠯᠠᠭᠤᠯᠬᠤ | ᠠᠵᠤ ᠠᠬᠤᠶᠢᠯᠠᠯ ᠤᠨ ᠠᠰᠢᠭ ᠬᠦᠷᠲᠡᠭᠡᠵᠦ ᠠᠷᠠᠳ ᠲᠤ ᠠᠰᠢᠭ ᠬᠦᠷᠲᠡᠭᠡᠬᠦ ᠶᠢ ᠵᠣᠷᠢᠭᠵᠢᠭᠤᠯᠤᠨ᠎ᠠ᠃ ᠠᠵᠤ | ᠠᠬᠤᠶᠢᠯᠠᠯ ᠤᠨ ᠡᠭᠡᠭᠦᠯᠦᠨ ᠬᠤᠷᠢᠶᠠᠬᠤ ᠦᠢᠯᠡᠴᠢᠯᠡᠭᠡ ᠪᠠ ᠡᠬᠢ ᠪᠠᠶᠠᠯᠢᠭᠵᠢᠭᠤᠯᠤᠨ ᠶᠡᠷᠦᠩᠬᠡᠶᠢᠯᠡᠨ ᠠᠰᠢᠭᠯᠠᠬᠤ ᠬᠢᠷᠢ | ᠬᠡᠮᠵᠢᠶ᠎ᠡ ᠶᠢ ᠳᠡᠭᠡᠭᠰᠢᠯᠡᠭᠦᠯᠵᠦ᠂ ᠠᠷᠠᠯᠵᠢᠶᠠᠯᠠᠬᠤ᠂ ᠫᠠᠶᠢᠰᠠ ᠭᠠᠷᠭᠠᠬᠤ᠂ ᠭᠠᠳᠠᠭᠠᠳᠤ ᠳᠤ ᠭᠠᠷᠭᠠᠬᠤ᠂ ᠰᠡᠯᠪᠢᠨ ᠵᠠᠰᠠᠬᠤ | ᠵᠡᠷᠭᠡ ᠮᠠᠰᠢᠨ ᠲᠡᠷᠭᠡᠨ ᠤ ᠬᠡᠷᠡᠭᠯᠡᠭᠡ ᠶᠢᠨ ᠪᠦᠬᠦ ᠦᠶᠡᠯᠡᠯ ᠤᠨ ᠬᠤᠭᠤᠴᠠᠭ᠎ᠠ ᠶᠢᠨ ᠲᠣᠭᠤᠷᠢᠨ ᠳᠤ ᠬᠠᠮᠢᠶ᠎ᠠ ᠪᠦᠬᠦᠢ | ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ 2024 ᠣᠨ ᠳᠤ ᠬᠠᠭᠤᠴᠢᠨ ᠲᠡᠷᠭᠡ ᠪᠠᠨ 1000 | ᠮᠠᠰᠢᠨ ᠠᠴᠠ ᠳᠡᠭᠡᠭᠰᠢ ᠰᠣᠯᠢᠬᠤ ᠪᠠᠷ ᠴᠢᠷᠮᠠᠶᠢᠨ᠎ᠠ᠃ | 2. ᠭᠡᠷ ᠤᠨ ᠴᠠᠬᠢᠯᠭᠠᠨ ᠬᠡᠷᠡᠭᠰᠡᠯ ᠤᠨ ᠦᠢᠯᠡᠳᠬᠦᠨ ᠨᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ | ᠵᠣᠷᠢᠭᠵᠢᠭᠤᠯᠤᠨ᠎ᠠ᠃ ᠭᠡᠷ ᠤᠨ ᠴᠠᠬᠢᠯᠭᠠᠨ ᠬᠡᠷᠡᠭᠰᠡᠯ ᠪᠣᠷᠣᠯᠠᠭᠤᠯᠬᠤ ᠠᠵᠤ ᠠᠬᠤᠶᠢᠯᠠᠯ ᠤᠨ ᠬᠠᠮᠲᠤᠷᠠᠨ ᠦᠢᠯᠡᠳᠪᠦᠷᠢᠯᠡᠬᠦ | ᠠᠵᠤ ᠠᠬᠤᠶᠢᠯᠠᠯ᠂ ᠡᠭᠡᠭᠦᠯᠦᠨ ᠬᠤᠷᠢᠶᠠᠬᠤ ᠠᠵᠤ ᠠᠬᠤᠶᠢᠯᠠᠯ ᠤᠨ ᠬᠠᠭᠤᠴᠢᠨ ᠢᠶᠠᠷ ᠰᠢᠨ᠎ᠡ ᠶᠢ ᠰᠣᠯᠢᠵᠤ ᠪᠣᠷᠣᠯᠠᠭᠤᠯᠭ᠎ᠠ ᠶᠢ | ᠠᠬᠢᠭᠤᠯᠬᠤ ᠠᠵᠢᠯᠯᠠᠭ᠎ᠠ ᠥᠷᠨᠢᠭᠦᠯᠬᠦ ᠶᠢ ᠳᠡᠮᠵᠢᠵᠦ᠂ ᠭᠡᠷ ᠤᠨ ᠴᠠᠬᠢᠯᠭᠠᠨ ᠬᠡᠷᠡᠭᠰᠡᠯ ᠢ ᠰᠢᠨᠡᠳᠬᠡᠬᠦ ᠬᠡᠷᠡᠭᠯᠡᠭᠡᠨ ᠤ ᠬᠡᠷᠡᠭᠴᠡᠭᠡ | ᠱᠠᠭᠠᠷᠳᠠᠯᠭ᠎ᠠ ᠶᠢ ᠪᠠᠳᠠᠷᠠᠭᠤᠯᠤᠨ᠎ᠠ᠃ ᠬᠠᠶᠠᠭᠳᠠᠮᠠᠯ ᠭᠡᠷ ᠤᠨ ᠴᠠᠬᠢᠯᠭᠠᠨ ᠬᠡᠷᠡᠭᠰᠡᠯ ᠢ ᠬᠤᠷᠢᠶᠠᠨ ᠠᠪᠴᠤ ᠪᠦᠬᠦ | ᠬᠡᠯᠬᠢᠶᠡᠰᠦ ᠪᠠᠷ ᠱᠢᠢᠳᠪᠦᠷᠢᠯᠡᠬᠦ ᠶᠢ ᠵᠣᠷᠢᠭᠵᠢᠭᠤᠯᠤᠨ᠎ᠠ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠡᠷ ᠤᠨ | ᠴᠠᠬᠢᠯᠭᠠᠨ ᠬᠡᠷᠡᠭᠰᠡᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠲᠤᠰᠬᠠᠶ ᠲᠣᠭᠤᠷᠢᠭ ᠭᠠᠷᠭᠠᠵᠤ᠂ ︽ᠰᠦᠯᠵᠢᠶᠡᠨ ᠳᠡᠭᠡᠷᠡᠬᠢ | ᠪᠠ ᠰᠦᠯᠵᠢᠶᠡᠨ ᠠᠴᠠ ᠭᠠᠳᠠᠭᠤᠷᠬᠢ᠂ ᠦᠢᠯᠡᠳᠬᠦᠨ ᠤ ᠦᠢᠯᠡᠴᠢᠯᠡᠭᠡ᠂ ᠵᠢᠵᠢᠭᠯᠡᠨ ᠬᠤᠳᠠᠯᠳᠤᠬᠤ ᠶᠢ ᠪᠡᠶᠡᠴᠢᠯᠡᠨ | ᠣᠶᠢᠯᠠᠭᠠᠬᠤ︾ ᠵᠡᠷᠭᠡ ᠵᠠᠭᠪᠤᠷ ᠢ ᠲᠡᠭᠦᠯᠳᠡᠷᠵᠢᠭᠦᠯᠦᠨ᠂ ᠬᠠᠭᠤᠴᠢᠨ ᠬᠡᠷ ᠤᠨ ᠴᠠᠬᠢᠯᠭᠠᠨ ᠬᠡᠷᠡᠭᠰᠡᠯ ᠢ ᠰᠣᠯᠢᠵᠤ ᠬᠤᠳᠠᠯᠳᠤᠨ | ᠠᠪᠬᠤ ᠪᠠᠷ ᠡᠨᠧᠷᠭᠢ ᠠᠷᠪᠢᠯᠠᠬᠤ ᠰᠢᠨ᠎ᠡ ᠬᠡᠷ ᠤᠨ ᠴᠠᠬᠢᠯᠭᠠᠨ ᠬᠡᠷᠡᠭᠰᠡᠯ ᠬᠤᠳᠠᠯᠳᠤᠨ ᠠᠪᠬᠤ ᠬᠡᠷᠡᠭᠯᠡᠭᠴᠢᠳ ᠲᠤ | ᠬᠠᠷᠠᠭᠠᠯᠵᠠᠯ ᠦᠵᠡᠭᠦᠯᠵᠦ᠂ ᠬᠡᠷ ᠤᠨ ᠴᠠᠬᠢᠯᠭᠠᠨ ᠬᠡᠷᠡᠭᠰᠡᠯ ᠢ ᠬᠠᠭᠤᠴᠢᠨ ᠢᠶᠠᠷ ᠰᠢᠨ᠎ᠡ ᠶᠢ ᠰᠣᠯᠢᠵᠤ ᠨᠡᠶᠢᠭᠡᠮ ᠲᠣᠭᠤᠷᠢᠭ᠂ | ᠬᠦᠷᠢᠶᠡᠯᠡᠩ ᠲᠣᠭᠤᠷᠢᠭ᠂ ᠪᠠᠶᠢᠭᠤᠯᠭ᠎ᠠ ᠳᠤ ᠣᠷᠣᠭᠤᠯᠵᠤ᠂ ᠬᠡᠷ ᠤᠨ ᠴᠠᠬᠢᠯᠭᠠᠨ ᠬᠡᠷᠡᠭᠰᠡᠯ ᠬᠤᠳᠠᠯᠳᠤᠭᠰᠠᠨ ᠤ ᠳᠠᠷᠠᠭᠠᠬᠢ | ᠦᠶ᠋ᠯᠡᠴᠢᠯᠡᠭᠡ ᠶᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠦᠨ᠎ᠡ᠃ | 3. ᠭᠡᠷ ᠪᠦᠯᠢ ᠶᠢᠨ ᠬᠤᠪᠴᠠᠰᠤ ᠬᠤᠨᠠᠷ ᠤᠨ ᠬᠡᠷᠡᠭᠯᠡᠭᠡ ᠶᠢᠨ ᠰᠢᠨ᠎ᠡ ᠶᠢ ᠰᠣᠯᠢᠬᠤ ᠶᠢ ᠠᠬᠢᠭᠤᠯᠤᠨ᠎ᠠ᠃ | ᠨᠥᠬᠦᠴᠡᠯ ᠲᠠᠢ ᠰᠠᠭᠤᠭᠠᠯᠢ ᠠᠷᠠᠳ ᠤᠨ ᠣᠷᠣᠨ ᠰᠠᠭᠤᠴᠠ ᠶᠢ ᠵᠠᠬ᠎ᠠ ᠳᠡᠯᠭᠡᠭᠦᠷᠴᠢᠯᠡᠬᠦ᠂ ᠬᠤᠳᠠᠯᠳᠤᠭᠠᠴᠢᠯᠠᠭᠰᠠᠨ | ᠵᠠᠭᠪᠤᠷ ᠢᠶᠠᠷ ᠵᠠᠰᠠᠨ ᠴᠢᠮᠡᠭᠯᠡᠬᠦ ᠪᠠᠷ ᠳᠠᠮᠵᠢᠭᠤᠯᠤᠨ ᠥᠭᠡᠷᠡᠴᠢᠯᠡᠨ ᠰᠠᠶᠢᠵᠢᠷᠠᠭᠤᠯᠬᠤ ᠶᠢ ᠳᠡᠮᠵᠢᠵᠦ᠂ ᠬᠡᠷ ᠤᠨ ᠴᠢᠮᠡᠭᠯᠡᠯ ᠤᠨ | ᠲᠣᠭᠤᠭᠠᠨ ᠬᠡᠷ ᠤᠨ ᠡᠷᠡᠭᠦᠯ ᠬᠠᠮᠠᠭᠠᠯᠠᠯ ᠤᠨ ᠰᠢᠨᠡᠴᠢᠯᠡᠯᠲᠡ ᠶᠢᠨ ᠢᠨᠵᠧᠨᠧᠷᠢᠩ ᠢ ᠬᠡᠷᠡᠭᠵᠢᠭᠦᠯᠦᠨ᠂ ᠬᠠᠭᠤᠴᠢᠨ ᠬᠡᠷ | ᠪᠠᠶᠢᠰᠢᠩ ᠢ ᠵᠠᠰᠠᠨ ᠴᠢᠮᠡᠭᠯᠡᠬᠦ᠂ ᠲᠣᠭᠤᠭᠠᠨ ᠬᠡᠷ ᠤᠨ ᠡᠷᠡᠭᠦᠯ ᠬᠠᠮᠠᠭᠠᠯᠠᠯ ᠤᠨ ᠰᠢᠨᠡᠴᠢᠯᠡᠯᠲᠡ ᠵᠡᠷᠭᠡ ᠬᠡᠰᠡᠭ ᠲᠠᠯ᠎ᠠ ᠶᠢᠨ | ᠥᠭᠡᠷᠡᠴᠢᠯᠡᠯᠲᠡ ᠪᠠ ᠨᠠᠰᠤᠵᠢᠯᠲᠠ ᠳᠤ ᠳᠣᠭᠢᠷᠠᠬᠤ ᠥᠭᠡᠷᠡᠴᠢᠯᠡᠯᠲᠡ ᠶᠢ ᠥᠷᠨᠢᠭᠦᠯᠬᠦ ᠶᠢ ᠵᠣᠷᠢᠭᠵᠢᠭᠤᠯᠵᠤ᠂ ᠬᠡᠷᠡᠭᠯᠡᠭᠡᠨ ᠤ | ᠳᠠᠯᠳᠠ ᠬᠦᠴᠦᠨ ᠢ ᠠᠭᠤᠳᠠᠯᠤᠨ᠂ ᠥᠭᠡᠷᠡᠴᠢᠯᠡᠬᠦ ᠳᠤᠷᠠᠲᠠᠶ ᠪᠦᠬᠦᠨ ᠢ ᠥᠭᠡᠷᠡᠴᠢᠯᠡᠨ ᠰᠠᠶᠢᠵᠢᠷᠠᠭᠤᠯᠬᠤ ᠶᠢ ᠪᠡᠶᠡᠯᠡᠭᠦᠯᠦᠨ᠎ᠡ᠃ | ᠭᠡᠷ ᠤᠨ ᠬᠡᠷᠡᠭᠰᠡᠯ ᠢ ᠰᠦᠢᠳᠬᠡᠯ ᠬᠤᠷᠢᠶᠠᠬᠤ ᠦᠭᠡᠶ ᠪᠠᠷ ᠭᠡᠷ ᠲᠤᠨᠢ ᠣᠴᠢᠵᠤ ᠬᠠᠭᠤᠴᠢᠨ ᠦᠢᠯᠡᠴᠢᠯᠡᠭᠡ ᠬᠤᠷᠢᠶᠠᠬᠤ ᠶᠢ | ᠲᠡᠭᠦᠯᠳᠡᠷᠵᠢᠭᠦᠯᠵᠦ᠂ ᠤᠶᠤᠨᠲᠤ ᠭᠡᠷ ᠤᠨ ᠬᠡᠷᠡᠭᠰᠡᠯ ᠵᠡᠷᠭᠡ ᠰᠢᠨ᠎ᠡ ᠬᠡᠯᠪᠡᠷᠢ ᠶᠢᠨ ᠬᠡᠷᠡᠭᠯᠡᠭᠡ ᠶᠢ ᠪᠤᠶᠢᠵᠢᠭᠤᠯᠵᠤ᠂ ᠭᠡᠷ ᠤᠨ | ᠤᠭᠰᠠᠷᠠᠬᠤ ᠬᠡᠪ ᠵᠠᠭᠪᠤᠷ ᠤᠨ ᠬᠤᠭᠤᠷᠣᠨᠳᠣ ᠪᠠᠨ ᠬᠤᠳᠠᠯᠳᠤᠭᠠᠨ ᠤ ᠲᠠᠯᠠᠪᠤᠷ᠂ ᠨᠡᠶᠢᠭᠡᠮ ᠲᠣᠭᠤᠷᠢᠭ᠂ ᠲᠠᠪᠴᠠᠩ ᠳᠤ | ᠣᠷᠣᠭᠤᠯᠬᠤ ᠶᠢ ᠠᠬᠢᠭᠤᠯᠤᠨ᠎ᠠ᠃ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠢ ᠵᠣᠷᠢᠬᠵᠢᠭᠤᠯᠵᠤ ᠪᠠᠶᠢᠭᠠᠳ | ᠪᠣᠬᠢᠷᠳᠤᠯ ᠦᠭᠡᠢ ᠤᠶᠤᠨᠴᠢᠯᠠᠭᠰᠠᠨ ᠭᠡᠷ ᠤᠨ ᠡᠳ᠋ᠯᠡᠯ ᠬᠡᠷᠡᠭᠰᠡᠯ ᠬᠤᠳᠠᠯᠳᠤᠨ ᠠᠪᠬᠤ ᠳᠤ ᠵᠣᠬᠢᠬᠤ ᠬᠠᠷᠠᠭᠠᠯᠵᠠᠯ | ᠦᠵᠡᠭᠦᠯᠦᠨ᠎ᠡ᠃ | ︵ᠭᠤᠷᠪᠠ︶ ᠡᠭᠡᠭᠦᠯᠦᠨ ᠬᠤᠷᠢᠶᠠᠵᠤ ᠡᠷᠭᠢᠯᠳᠦᠭᠦᠯᠦᠨ ᠠᠰᠢᠭᠯᠠᠬᠤ ᠠᠵᠢᠯᠯᠠᠭ᠎ᠠ ᠶᠢ ᠬᠡᠷᠡᠭᠵᠢᠭᠦᠯᠬᠦ | 1. ᠬᠠᠶᠠᠭᠳᠠᠮᠠᠯ ᠬᠠᠭᠤᠴᠢᠨ ᠦᠢᠯᠡᠳᠬᠦᠨ ᠤ ᠲᠥᠬᠦᠭᠡᠷᠦᠮᠵᠢ ᠶᠢ ᠡᠭᠡᠭᠦᠯᠦᠨ ᠬᠤᠷᠢᠶᠠᠬᠤ ᠲᠣᠤᠷ ᠰᠦᠯᠵᠢᠶ᠎ᠡ ᠶᠢ | ᠲᠡᠭᠦᠯᠳᠡᠷᠵᠢᠭᠦᠯᠦᠨ᠎ᠡ᠃ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠨ ᠲᠡᠭᠡᠭᠡᠪᠦᠷᠢᠯᠡᠬᠦ ᠰᠢᠰᠲ᠋ᠧᠮ | ᠪᠣᠯᠤᠨ ᠳᠠᠬᠢᠯᠲᠠ ᠡᠬᠢ ᠪᠠᠶᠠᠯᠢᠭ ᠢ ᠬᠤᠷᠢᠶᠠᠨ ᠠᠪᠬᠤ ᠰᠢᠰᠲ᠋ᠧᠮ ᠢ ᠲᠥᠯᠥᠪᠵᠢᠭᠦᠯᠬᠦ᠂ ᠪᠦᠲᠦᠭᠡᠨ ᠪᠠᠶᠢᠭᠤᠯᠬᠤ᠂ ᠡᠵᠡᠩᠨᠡᠬᠦ | ᠲᠠᠯ᠎ᠠ ᠪᠠᠷ ︽ᠬᠤᠶᠠᠷ ᠲᠣᠣᠷ ᠢ ᠠᠭᠤᠰᠤᠯᠴᠠᠭᠤᠯᠬᠤ︾ ᠶᠢ ᠠᠬᠢᠭᠤᠯᠤᠨ᠎ᠠ᠃ ᠪᠠᠷᠢᠮᠵᠢᠶᠠᠵᠢᠭᠤᠯᠤᠭᠰᠠᠨ᠂ | ᠵᠢᠷᠤᠮᠵᠢᠭᠤᠯᠤᠭᠰᠠᠨ᠂ ᠣᠯᠠᠨ ᠡᠰᠢᠵᠢᠭᠰᠡᠨ ᠡᠭᠡᠭᠦᠯᠦᠨ ᠬᠤᠷᠢᠶᠠᠬᠤ ᠴᠢᠭ᠂ ᠥᠷᠲᠡᠭᠡ᠂ ᠲᠠᠯᠠᠪᠤᠷ ᠭᠤᠷᠪᠠᠨ ᠱᠠᠲᠤᠨ ᠤ | ᠡᠭᠡᠭᠦᠯᠦᠨ ᠬᠤᠷᠢᠶᠠᠬᠤ ᠲᠣᠤᠷ ᠰᠦᠯᠵᠢᠶ᠎ᠡ ᠶᠢ ᠲᠦᠷᠭᠡᠳᠬᠡᠨ ᠪᠠᠶᠢᠭᠤᠯᠬᠤ ᠬᠡᠷᠡᠭᠲᠡᠶ᠃ ᠣᠳᠣ ᠪᠠᠶᠢᠭ᠎ᠠ ᠳᠠᠬᠢᠯᠲᠠ ᠡᠬᠢ | ᠪᠠᠶᠠᠯᠢᠭ ᠢ ᠡᠭᠡᠭᠦᠯᠦᠨ ᠬᠤᠷᠢᠶᠠᠬᠤ ᠠᠵᠤ ᠠᠬᠤᠶᠢᠯᠠᠯ ᠤᠨ ᠡᠵᠡᠩᠨᠡᠯᠲᠡ ᠶᠢᠨ ᠠᠷᠭ᠎ᠠ ᠮᠠᠶ᠋ᠢᠭ ᠢ ᠵᠢᠷᠤᠮᠵᠢᠭᠤᠯᠵᠤ᠂ | ᠭᠤᠤᠯᠯᠠᠬᠤ ᠠᠵᠤ ᠠᠬᠤᠶᠢᠯᠠᠯ ᠢ ᠪᠤᠶᠢᠵᠢᠭᠤᠯᠬᠤ ᠬᠡᠷᠡᠭᠲᠡᠶ᠃ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠲᠠᠪᠴᠠᠩ ᠪᠠ | ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ︽ᠰᠢᠨ᠎ᠡ ᠶᠢ ᠰᠣᠯᠢᠬᠤ + ᠬᠤᠷᠢᠶᠠᠨ ᠠᠪᠬᠤ︾ ᠠᠷᠭ᠎ᠠ ᠵᠠᠮ | ᠪᠠᠶᠢᠭᠤᠯᠬᠤ ᠶᠢ ᠠᠬᠢᠭᠤᠯᠵᠤ᠂ ᠰᠥᠷᠭᠡᠦ ᠪᠠᠷᠠᠭᠠᠨ ᠤ ᠭᠦᠢᠯᠭᠡᠭᠡᠨ ᠤ ᠰᠢᠰᠲ᠋ᠧᠮ ᠢ ᠰᠦᠪᠡᠭᠴᠢᠯᠡᠨ ᠪᠠᠶᠢᠭᠤᠯᠤᠨ᠎ᠠ᠃ ᠭᠠᠵᠠᠷ | ᠣᠷᠣᠨ ᠤ ᠪᠣᠳᠠᠲᠤ ᠪᠠᠶᠢᠳᠠᠯ ᠪᠣᠯᠤᠨ ᠰᠢᠶ᠋ᠳᠪᠦᠷᠢᠯᠡᠬᠦ ᠴᠢᠳᠠᠪᠤᠷᠢ ᠶᠢ ᠦᠨᠳᠦᠰᠦᠯᠡᠨ᠂ ᠬᠡᠷᠡᠭᠯᠡᠭᠡᠨ ᠠᠴᠠ ᠭᠠᠷᠭᠠᠭᠰᠠᠨ ᠮᠠᠰᠢᠨ | ᠲᠡᠷᠭᠡ ᠶᠢ ᠵᠠᠳᠠᠯᠵᠤ ᠰᠠᠯᠭᠠᠬᠤ ᠠᠵᠤ ᠠᠬᠤᠶᠢᠯᠠᠯ ᠤᠨ ᠵᠦᠢ ᠵᠣᠬᠢᠰᠲᠠᠶ ᠪᠠᠶᠢᠷᠢᠰᠢᠭᠤᠯᠤᠯ ᠢ ᠰᠢᠯᠢᠳᠡᠭᠵᠢᠭᠦᠯᠵᠦ᠂ ᠮᠠᠰᠢᠨ | ᠲᠡᠷᠭᠡᠨ ᠤ ᠪᠦᠬᠦ ᠠᠮᠢ ᠨᠠᠰᠤᠨ ᠤ ᠦᠶᠡᠯᠡᠯ ᠤᠨ ᠮᠡᠳᠡᠭᠡ ᠵᠠᠩᠭᠢ ᠶᠢᠨ ᠬᠠᠷᠢᠯᠴᠠᠨ ᠰᠣᠯᠢᠯᠴᠠᠬᠤ ᠰᠢᠰᠲ᠋ᠧᠮᠵᠢ ᠪᠠᠶᠢᠭᠤᠯᠬᠤ ᠶᠢ | ᠠᠬᠢᠭᠤᠯᠬᠤ ᠬᠡᠷᠡᠭᠲᠡᠶ᠃ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠬᠡᠷ ᠲᠤᠨᠢ ᠬᠦᠷᠴᠦ ᠲᠡᠷᠭᠡ ᠬᠤᠷᠢᠶᠠᠬᠤ | ᠦᠢᠯᠡᠴᠢᠯᠡᠭᠡᠨ ᠤ ᠵᠠᠭᠪᠤᠷ ᠢ ᠳᠡᠯᠭᠡᠷᠡᠭᠦᠯᠵᠦ᠂ ᠡᠭᠡᠭᠦᠯᠦᠨ ᠬᠤᠷᠢᠶᠠᠵᠤ ᠵᠠᠳᠠᠯᠬᠤ ᠠᠵᠤ ᠠᠬᠤᠶᠢᠯᠠᠯ ᠤᠨ ᠡᠬᠢ ᠪᠠᠶᠠᠯᠢᠭ ᠤᠨ | ᠥᠨᠳᠥᠷ ᠥᠷᠲᠡᠭᠲᠦ ᠶᠡᠷᠦᠩᠬᠡᠶᠢᠯᠡᠨ ᠠᠰᠢᠭᠯᠠᠬᠤ ᠬᠢᠷᠢ ᠲᠦᠪᠰᠢᠨ ᠢ ᠨᠢ ᠳᠡᠭᠡᠭᠰᠢᠯᠡᠭᠦᠯᠬᠦ ᠶᠢ ᠵᠣᠷᠢᠭᠵᠢᠭᠤᠯᠵᠤ᠂ ᠳᠣᠤᠷᠠᠳᠤ | ᠤᠷᠤᠰᠬᠠᠯ ᠤᠨ ᠰᠡᠯᠪᠢᠭ ᠲᠣᠨᠤᠭ ᠢ ᠳᠠᠬᠢᠨ ᠦᠶ᠋ᠯᠡᠳᠬᠦ ᠲᠡᠶᠢᠰᠢ ᠥᠷᠭᠡᠳᠬᠡᠬᠦ ᠬᠡᠷᠡᠭᠲᠡᠢ᠃ ᠭᠡᠷ ᠤᠨ ᠬᠠᠶᠠᠭᠳᠠᠮᠠᠯ | ᠬᠠᠭᠤᠴᠢᠨ ᠴᠠᠬᠢᠯᠭᠠᠨ ᠬᠡᠷᠡᠭᠰᠡᠯ ᠵᠡᠷᠭᠡ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠵᠤ ᠠᠰᠢᠭᠯᠠᠬᠤ ᠠᠵᠤ ᠠᠬᠤᠶᠢᠯᠠᠯ ᠢ | ᠪᠤᠶᠢᠵᠢᠭᠤᠯᠵᠤ᠂ ᠭᠡᠷ ᠤᠨ ᠬᠠᠶᠠᠭᠳᠠᠮᠠᠯ ᠬᠠᠭᠤᠴᠢᠨ ᠴᠠᠬᠢᠯᠭᠠᠨ ᠬᠡᠷᠡᠭᠰᠡᠯ ᠢ ᠡᠭᠡᠭᠦᠯᠦᠨ ᠬᠤᠷᠢᠶᠠᠬᠤ ᠲᠣᠤᠷ ᠰᠦᠯᠵᠢᠶ᠎ᠡ ᠶᠢ | ᠲᠡᠭᠦᠯᠳᠡᠷᠵᠢᠭᠦᠯᠦᠨ᠂ ᠡᠭᠡᠭᠦᠯᠦᠨ ᠬᠤᠷᠢᠶᠠᠬᠤ ᠴᠢᠭ᠂ ᠳᠠᠮᠵᠢᠭᠤᠯᠬᠤ ᠥᠷᠲᠡᠭᠡ ᠪᠣᠯᠤᠨ ᠢᠯᠭᠠᠬᠤ ᠲᠥᠪ ᠢ ᠵᠦᠢ ᠵᠣᠬᠢᠰᠲᠠᠶ | ᠪᠠᠶᠢᠷᠢᠰᠢᠭᠤᠯᠵᠤ᠂ ᠰᠠᠭᠤᠭᠠᠯᠢ ᠠᠷᠠᠳ ᠲᠤ ᠭᠡᠷ ᠲᠤᠨᠢ ᠬᠦᠷᠴᠦ ᠡᠭᠡᠭᠦᠯᠦᠨ ᠬᠤᠷᠢᠶᠠᠬᠤ ᠦᠢᠯᠡᠴᠢᠯᠡᠭᠡᠨ ᠬᠠᠩᠭᠠᠬᠤ ᠶᠢ | ᠵᠣᠷᠢᠭᠵᠢᠭᠤᠯᠬᠤ ᠬᠡᠷᠡᠭᠲᠡᠶ᠃ ᠬᠠᠶᠠᠭᠳᠠᠮᠠᠯ ᠬᠠᠭᠤᠴᠢᠨ ᠦᠢᠯᠡᠳᠬᠦᠨ ᠢ ᠡᠷᠭᠢᠯᠳᠦᠭᠦᠯᠦᠨ ᠠᠰᠢᠭᠯᠠᠬᠤ ᠶᠢ ᠠᠬᠢᠭᠤᠯᠵᠤ᠂ | ᠡᠭᠡᠭᠦᠯᠦᠨ ᠬᠤᠷᠢᠶᠠᠵᠤ ᠡᠷᠭᠢᠯᠳᠦᠭᠦᠯᠦᠨ ᠠᠰᠢᠭᠯᠠᠬᠤ ᠬᠡᠯᠬᠢᠶ᠎ᠡ ᠶᠢ ᠰᠠᠭᠠᠳ ᠦᠭᠡᠶ ᠨᠡᠪᠲᠡᠷᠡᠭᠦᠯᠵᠦ᠂ ᠰᠠᠶᠢᠨ ᠣᠷᠴᠢᠯ ᠢ ᠪᠣᠶ | ᠪᠣᠯᠭᠠᠬᠤ ᠬᠡᠷᠡᠭᠲᠡᠶ᠃ | 2. ᠭᠠᠷ ᠳᠠᠮᠵᠢᠭᠰᠠᠨ ᠲᠠᠸᠠᠷ ᠤᠨ ᠭᠦᠢᠯᠭᠡᠭᠡᠨ ᠤ ᠠᠷᠠᠯᠵᠢᠶ᠎ᠠ ᠶᠢ ᠲᠦᠷᠭᠡᠳᠬᠡᠬᠦ ᠬᠡᠷᠡᠭᠲᠡᠶ᠃ ᠡᠯᠧᠺᠲᠷᠣᠨ | ᠦᠢᠯᠡᠳᠬᠦᠨ᠂ ᠭᠡᠷ ᠤᠨ ᠴᠠᠬᠢᠯᠭᠠᠨ ᠬᠡᠷᠡᠭᠰᠡᠯ᠂ ᠬᠤᠪᠴᠠᠰᠤ ᠬᠤᠨᠠᠷ᠂ ᠭᠡᠷ ᠤᠨ ᠬᠡᠷᠡᠭᠰᠡᠯ᠂ ᠨᠣᠮ ᠪᠢᠴᠢᠭ ᠵᠡᠷᠭᠡ ᠵᠢᠵᠢᠭᠯᠡᠨ | ᠬᠤᠳᠠᠯᠳᠤᠬᠤ ᠠᠵᠤ ᠠᠬᠤᠶᠢᠯᠠᠯ ᠤᠳ ᠣᠳᠣ ᠪᠠᠶᠢᠭ᠎ᠠ ᠪᠣᠷᠣᠯᠠᠭᠤᠯᠤᠨ ᠬᠤᠳᠠᠯᠳᠤᠬᠤ ᠲᠣᠤᠷ ᠰᠦᠯᠵᠢᠶ᠎ᠡ ᠪᠠᠨ ᠠᠰᠢᠭᠯᠠᠨ | ᠵᠢᠷᠤᠮᠵᠢᠯ ᠲᠠᠢ ᠰᠤᠯᠠ ᠪᠠᠶᠢᠬᠤ ᠡᠳ᠋ ᠪᠠᠷᠠᠭ᠎ᠠ ᠶᠢᠨ ᠠᠷᠠᠯᠵᠢᠶ᠎ᠠ ᠥᠷᠨᠢᠭᠦᠯᠬᠦ ᠶᠢ ᠵᠣᠷᠢᠭᠵᠢᠭᠤᠯᠬᠤ ᠬᠡᠷᠡᠭᠲᠡᠶ᠃ ᠨᠡᠶᠢᠭᠡᠮ | ᠲᠣᠭᠤᠷᠢᠭ ᠤᠨ ᠭᠠᠷ ᠳᠠᠮᠵᠢᠭᠰᠠᠨ ᠲᠠᠸᠠᠷ ᠤᠨ ᠨᠠᠶᠢᠳᠠᠵᠤ ᠬᠤᠳᠠᠯᠳᠤᠬᠤ ᠳᠡᠯᠭᠡᠭᠦᠷ ︵ᠴᠡᠭ︶ ᠪᠠᠶᠢᠭᠤᠯᠬᠤ ᠶᠢ | ᠵᠣᠷᠢᠭᠵᠢᠭᠤᠯᠵᠤ᠂ ᠭᠠᠷ ᠳᠠᠮᠵᠢᠭᠰᠠᠨ ᠲᠠᠸᠠᠷ ᠤᠨ ᠠᠷᠠᠯᠵᠢᠶᠠᠨ ᠤ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ | ᠵᠣᠬᠢᠶᠠᠨ ᠪᠠᠶᠢᠭᠤᠯᠬᠤ ᠬᠡᠷᠡᠭᠲᠡᠶ᠃ ︽ᠢᠨᠲ᠋ᠧᠷ ᠰᠦᠯᠵᠢᠶ᠎ᠠ + ᠭᠠᠷ ᠬᠦᠢᠴᠡᠳᠭᠡᠯ︾ ᠤᠨ ᠵᠬᠠᠪᠤᠷ ᠢ ᠵᠣᠷᠢᠠᠠᠵᠢᠭᠤᠯᠵᠦ᠂ | ᠭᠠᠷ ᠳᠡᠮᠵᠢᠠᠠᠰᠠᠨ ᠳᠡᠸᠡᠷ ᠤᠨ ᠲᠣᠣᠷ ᠰᠦᠯᠵᠢᠶ᠎ᠠ ᠶᠢᠨ ᠠᠷᠡᠯᠵᠢᠶ᠎ᠠ ᠶᠢᠨ ᠳᠡᠪᠴᠠᠩ ᠤᠨ ᠵᠢᠷᠦᠮᠵᠢᠭᠤᠯᠥᠨ ᠬᠦᠭᠵᠢᠬᠦ ᠶᠢ | ᠠᠬᠢᠭᠤᠯᠥᠨ᠂ ᠠᠷᠡᠯᠵᠢᠶ᠎ᠠ ᠶᠢᠨ ᠳᠡᠪᠴᠠᠩ ᠤᠨ ᠠᠵᠦ ᠠᠬᠤᠶᠢᠯᠠᠯ ᠤᠨ ᠢᠳᠡᠭᠡᠮᠵᠢ ᠶᠢᠨ ᠳᠡᠮᠳᠡᠭᠯᠡᠯ᠂ ᠬᠠᠦᠯᠢ ᠠᠴᠠ | ᠵᠦᠷᠢᠴᠡᠨ ᠢᠳᠡᠭᠡᠮᠵᠢ ᠠᠯᠳ᠋ᠬᠠᠰᠠᠨ ᠦᠢᠯᠡ ᠠᠵᠢᠯᠯᠠᠭ᠎ᠠ ᠵᠡᠷᠭᠡ ᠮᠡᠳᠡᠭᠡ ᠵᠠᠩᠬᠢ ᠶᠢ ᠬᠠᠮᠳᠣᠪᠡᠷ ᠬᠦᠷᠲᠡᠬᠦ ᠶᠢ ᠠᠬᠢᠭᠤᠯᠵᠦ᠂ | ᠭᠠᠷ ᠳᠡᠮᠵᠢᠠᠠᠰᠠᠨ ᠳᠡᠸᠡᠷ ᠤᠨ ᠬᠦᠢᠯᠭᠡᠭᠡᠡ ᠤ ᠠᠷᠡᠯᠵᠢᠶ᠎ᠠ ᠶᠢ ᠳᠥᠷᠭᠡᠳᠭᠡᠨ᠂ ᠠᠷᠡᠯᠵᠢᠶᠡᠨ ᠤ ᠦᠷ᠎ᠠ ᠪᠦᠳᠦᠮᠵᠢ ᠶᠢ | ᠳᠡᠭᠡᠭᠰᠢᠯᠡᠬᠦᠯᠥᠨ᠎ᠠ᠃ ᠠᠷᠠᠯᠵᠢᠶᠠᠨ ᠤ ᠲᠠᠪᠴᠠᠩ᠂ ᠪᠣᠷᠣᠯᠠᠭᠤᠯᠤᠭᠴᠢ᠂ ᠬᠡᠷᠡᠭᠯᠡᠭᠴᠢ᠂ ᠠᠵᠢᠯᠯᠠᠭᠰᠠᠳ ᠤᠨ ᠦᠨᠡᠯᠡᠬᠦ | ᠲᠣᠭᠲᠠᠴᠠ᠂ ᠢᠲᠡᠭᠡᠮᠵᠢ ᠶᠢᠨ ᠲᠡᠮᠳᠡᠭᠯᠡᠯ᠂ ᠬᠠᠤᠯᠢ ᠠᠴᠠ ᠵᠥᠷᠢᠴᠡᠨ ᠢᠲᠡᠭᠡᠯ ᠠᠯᠳᠠᠭᠰᠠᠨ ᠦᠢᠯᠡ ᠠᠵᠢᠯᠯᠠᠭ᠎ᠠ ᠵᠡᠷᠭᠡ | ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠳᠠᠭᠠᠨ ᠡᠳ᠋ᠯᠡᠬᠦ ᠶᠢ ᠴᠢᠩᠭᠠᠳᠬᠠᠨ᠎ᠠ᠃ ᠭᠠᠷ ᠳᠠᠮᠵᠢᠭᠰᠠᠨ ᠮᠠᠰᠢᠨ ᠲᠡᠷᠭᠡᠨ ᠤ | ᠡᠵᠡᠩᠨᠡᠯᠲᠡ ᠶᠢᠨ ᠭᠤᠤᠯ ᠴᠣᠭᠴᠠ ᠶᠢ ᠢᠳᠡᠪᠬᠢᠲᠡᠶ ᠪᠠᠷ ᠪᠤᠶᠢᠵᠢᠭᠤᠯᠤᠨ ᠪᠤᠵᠠᠭᠠᠶᠢᠷᠠᠭᠤᠯᠵᠤ᠂ ᠭᠠᠷ ᠳᠠᠮᠵᠢᠭᠰᠠᠨ ᠮᠠᠰᠢᠨ | ᠲᠡᠷᠭᠡᠨ ᠤ ᠠᠷᠠᠯᠵᠢᠶᠠᠨ ᠤ ᠭᠤᠭᠴᠤᠭ᠎ᠠ ᠶᠢ ᠪᠠᠭᠠᠰᠬᠠᠬᠤ᠂ ᠥᠪᠡᠷ ᠤᠨ ᠥᠷᠲᠡᠭ ᠢ ᠪᠠᠭᠤᠷᠠᠭᠤᠯᠬᠤ᠂ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠶᠢ ᠠᠬᠢᠭᠤᠯᠵᠤ᠂ ᠮᠠᠰᠢᠨ ᠲᠡᠷᠭᠡᠨ ᠤ ᠠᠵᠤ ᠠᠬᠤᠶᠢᠯᠠᠯ ᠤᠨ ᠭᠠᠷ ᠳᠠᠮᠵᠢᠭᠰᠠᠨ ᠰᠣᠯᠢᠬᠤ᠂ ᠡᠵᠡᠩᠨᠡᠨ | ᠪᠣᠷᠣᠯᠠᠭᠤᠯᠬᠤ ᠠᠵᠤ ᠠᠬᠤᠶᠢᠯᠠᠯ ᠤᠨ ᠲᠡᠷᠭᠡ ᠬᠥᠰᠬᠡ ᠶᠢᠨ ᠶᠠᠰᠤ ᠴᠢᠨᠠᠷ ᠢ ᠪᠠᠲᠤᠯᠠᠬᠤ ᠦᠢᠯᠡᠴᠢᠯᠡᠭᠡ ᠬᠠᠩᠭᠠᠬᠤ ᠶᠢ | ᠵᠣᠷᠢᠭᠵᠢᠭᠤᠯᠤᠨ᠎ᠠ᠃ ᠴᠠᠬᠢᠯᠭᠠᠨ ᠬᠡᠷᠡᠭᠰᠡᠯ ᠡᠯᠧᠺᠲᠷᠣᠨ ᠦᠢᠯᠡᠳᠬᠦᠨ ᠵᠡᠷᠭᠡ ᠦᠢᠯᠡᠳᠪᠦᠷᠢᠯᠡᠯ ᠪᠠ ᠭᠦᠢᠯᠭᠡᠭᠡᠨ ᠤ ᠠᠵᠤ | ᠠᠬᠤᠶᠢᠯᠠᠯ ᠤᠨ ᠭᠠᠷ ᠳᠠᠮᠵᠢᠭᠰᠠᠨ ᠡᠭᠡᠭᠦᠯᠦᠨ ᠬᠤᠷᠢᠶᠠᠬᠤ ᠦᠢᠯᠡᠴᠢᠯᠡᠭᠡ ᠶᠢ ᠬᠥᠭᠵᠢᠭᠦᠯᠬᠦ ᠶᠢ ᠵᠣᠷᠢᠭᠵᠢᠭᠤᠯᠵᠤ᠂ ᠭᠠᠷ | ᠳᠠᠮᠵᠢᠭᠰᠠᠨ ᠲᠠᠸᠠᠷ ᠤᠨ ᠠᠷᠠᠯᠵᠢᠶᠠᠨ ᠤ ᠬᠡᠪᠴᠢᠶ᠎ᠡ ᠶᠢ ᠥᠷᠭᠡᠳᠬᠡᠨ᠎ᠡ᠃ ᠭᠠᠷ ᠤᠲᠠᠰᠤ᠂ ᠬᠠᠪᠲᠠᠭᠠᠢ ᠺᠣᠮᠫᠢᠦ᠋ᠲ᠋ᠧᠷ᠂ | ᠣᠶᠤᠨᠴᠢ ᠭᠠᠷ ᠴᠠᠭ ᠵᠡᠷᠭᠡ ᠡᠯᠧᠺᠳ᠋ᠷᠣᠨ ᠦᠢᠯᠡᠳᠬᠦᠨ ᠪᠣᠷᠣᠯᠠᠭᠤᠯᠬᠤ ᠠᠵᠤ ᠠᠬᠤᠶᠢᠯᠠᠯ ᠢ ᠳᠡᠮᠵᠢᠵᠦ ᠪᠠᠢᠭᠠᠳ ᠬᠠᠭᠤᠴᠢᠨ | ᠦᠢᠯᠡᠳᠬᠦᠨ ᠢ ᠬᠢᠨᠠᠨ ᠲᠣᠭᠲᠠᠭᠠᠬᠤ᠂ ᠰᠢᠨᠡᠳᠬᠡᠵᠦ ᠰᠡᠯᠪᠢᠨ ᠵᠠᠰᠠᠬᠤ ᠪᠠ ᠪᠣᠷᠣᠯᠠᠭᠤᠯᠬᠤ ᠲᠤᠬᠠᠶᠢᠯᠠᠭᠰᠠᠨ ᠠᠵᠢᠯ ᠢ | ᠦᠷᠨᠢᠭᠦᠯᠦᠨ᠎ᠡ᠃ | 3. ᠳᠠᠬᠢᠨ ᠦᠢᠯᠡᠳᠬᠦ ᠠᠵᠤ ᠦᠢᠯᠡᠰ ᠢ ᠪᠤᠶᠢᠵᠢᠭᠤᠯᠬᠤ ᠪᠠ ᠦᠢᠯᠡᠳᠬᠦᠨ ᠢ ᠱᠠᠲᠤᠯᠵᠢᠨ ᠠᠰᠢᠭᠯᠠᠬᠤ ᠶᠢ | ᠲᠦᠷᠭᠡᠳᠬᠡᠨ᠎ᠡ᠃ ᠡᠬᠢ ᠪᠠᠶᠠᠯᠢᠭ ᠢ ᠥᠨᠳᠥᠷ ᠬᠢᠷᠢ ᠲᠦᠪᠰᠢᠨ ᠢᠶᠠᠷ ᠳᠠᠬᠢᠨ ᠠᠰᠢᠭᠯᠠᠬᠤ ᠶᠢ ᠲᠦᠯᠬᠢᠨ ᠠᠬᠢᠭᠤᠯᠵᠤ᠂ | ᠨᠥᠬᠦᠴᠡᠯ ᠪᠦᠷᠢᠳᠦᠭᠦᠯᠦᠭᠰᠡᠨ ᠲᠥᠬᠦᠭᠡᠷᠦᠮᠵᠢ ᠶᠢ ᠳᠠᠬᠢᠨ ᠦᠢᠯᠡᠳᠬᠦ ᠶᠢ ᠵᠣᠷᠢᠭᠵᠢᠭᠤᠯᠤᠨ᠂ ᠴᠡᠷᠢᠭ ᠤᠨ ᠠᠯᠪᠠᠨ ᠠᠴᠠ | ᠪᠠᠭᠤᠭᠰᠠᠨ ᠰᠠᠯᠬᠢᠨ ᠬᠦᠴᠦᠨ ᠤ ᠴᠠᠬᠢᠯᠭᠠᠨ᠂ ᠭᠡᠷᠡᠯ ᠸᠣᠯᠲ ᠤᠨ ᠲᠥᠬᠦᠭᠡᠷᠦᠮᠵᠢ ᠶᠢ ᠡᠷᠭᠢᠯᠳᠦᠭᠦᠯᠦᠨ ᠠᠰᠢᠭᠯᠠᠬᠤ ᠶᠢ | ᠠᠬᠢᠭᠤᠯᠬᠤ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ | ᠬᠤᠯᠪᠣᠭᠳᠠᠯ ᠪᠦᠬᠦᠢ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠶᠢᠨ ᠬᠠᠮᠲᠤ ᠭᠤᠣᠯ ᠵᠠᠩᠭᠢᠯᠠᠭ᠎ᠠ ᠶᠢᠨ ᠮᠡᠷᠭᠡᠵᠢᠯ ᠤᠨ | ᠪᠣᠭᠤᠮᠲᠠ ᠰᠢᠪᠲᠤᠯᠤᠯᠲᠠ ᠬᠢᠵᠦ᠂ ᠬᠤᠯᠪᠣᠭᠳᠠᠯ ᠪᠦᠬᠦᠢ ᠲᠥᠬᠦᠭᠡᠷᠦᠮᠵᠢ ᠵᠢᠴᠢ ᠵᠠᠩᠭᠢᠯᠠᠭ᠎ᠠ ᠶᠢᠨ ᠤᠭᠰᠠᠷᠠᠭ᠎ᠠ ᠲᠣᠨᠤᠭ ᠢ | ᠱᠠᠲᠤᠯᠠᠨ ᠠᠰᠢᠭᠯᠠᠬᠤ ᠶᠢ ᠲᠦᠯᠬᠢᠨ ᠠᠬᠢᠭᠤᠯᠤᠨ᠎ᠠ᠃ | 4. ᠳᠠᠬᠢᠯᠲᠠ ᠡᠬᠢ ᠪᠠᠶᠠᠯᠢᠭ ᠢ ᠲᠥᠷᠥᠯ ᠬᠤᠪᠢᠶᠠᠨ ᠠᠰᠢᠭᠯᠠᠬᠤ ᠪᠠ ᠲᠥᠪᠯᠡᠷᠡᠭᠦᠯᠦᠨ ᠰᠢᠶ᠋ᠳᠪᠦᠷᠢᠯᠡᠬᠦ ᠶᠢ ᠲᠦᠯᠬᠢᠨ | ᠠᠬᠢᠭᠤᠯᠤᠨ᠎ᠠ᠃ ᠭᠤᠤᠯᠳᠡᠯᠭ᠎ᠠ ᠲᠠᠢ ᠠᠵᠦ ᠦᠢᠯᠡᠰ ᠤᠨ ᠬᠡᠯᠬᠢᠶᠡᠰᠦ ᠶᠢᠨ ᠲᠤᠭᠤᠷᠢᠨ ᠳᠤ ᠳᠡᠬᠢᠯᠳᠡ ᠡᠬᠢ ᠪᠠᠶᠠᠯᠢᠭ ᠢ | ᠡᠳ᠋ᠰᠢᠬᠦᠯᠥᠨ ᠡᠳ᠋ᠰᠢᠬᠦᠯᠵᠦ ᠠᠰᠢᠠᠠᠯᠠᠬᠤ ᠠᠵᠦ ᠠᠬᠤᠶᠢᠯᠠᠯ ᠤᠨ ᠳᠥᠪᠯᠡᠷᠡᠬᠦ᠂ ᠭᠡᠪᠴᠢᠶᠡᠵᠢᠬᠦᠯᠥᠨ ᠬᠦᠭᠵᠢᠬᠦᠯᠬᠦ ᠶᠢ | ᠠᠬᠢᠭᠤᠯᠵᠦ᠂ ᠲᠣᠣᠷ᠎ᠠ ᠦᠷ᠎ᠠ ᠪᠦᠳᠦᠮᠵᠢᠳᠦ ᠦᠢᠯᠡᠳᠪᠦᠷᠢᠯᠡᠯ ᠤᠨ ᠴᠢᠳᠡᠪᠦᠷᠢ ᠪᠠᠨ ᠠᠯᠬᠤᠮ ᠠᠯᠬᠤᠮ ᠢᠶᠠᠷ ᠪᠤᠴᠠᠭᠠᠨ | ᠭᠠᠷᠭᠠᠬᠤ ᠶᠢ ᠬᠦᠳᠦᠯᠥᠨ ᠵᠢᠯᠥᠭᠤᠳᠣᠨ᠎ᠠ᠃ ᠦᠬᠠᠶ ᠵᠢᠴᠢ ᠡᠷᠭᠢᠨ ᠲᠣᠭᠤᠷᠢᠨ ᠤ ᠭᠠᠵᠠᠷ ᠣᠷᠣᠨ ᠤ ᠪᠣᠳᠠᠲᠤ ᠪᠠᠶᠢᠳᠠᠯ ᠳᠤ | ᠰᠠᠭᠤᠷᠢᠯᠠᠨ᠂ ᠣᠳᠣ ᠪᠠᠶᠢᠭ᠎ᠠ ᠡᠭᠡᠭᠦᠯᠦᠨ ᠬᠤᠷᠢᠶᠠᠵᠤ ᠡᠷᠭᠢᠯᠳᠦᠭᠦᠯᠦᠨ ᠠᠰᠢᠭᠯᠠᠬᠤ ᠡᠬᠢ ᠪᠠᠶᠠᠯᠢᠭ ᠢ ᠡᠮᠬᠢᠯᠡᠨ | ᠨᠡᠶᠢᠯᠡᠭᠦᠯᠵᠦ᠂ ᠡᠬᠢᠨ ᠤ ᠪᠠ ᠰᠡᠭᠦᠯᠴᠢ ᠶᠢᠨ ᠵᠠᠬ᠎ᠠ ᠳᠡᠯᠭᠡᠭᠦᠷ ᠤᠨ ᠪᠦᠲᠦᠮᠵᠢᠲᠡᠶ ᠵᠠᠯᠭᠠᠯᠲᠠ ᠶᠢ ᠴᠢᠩᠭᠠᠳᠬᠠᠨ᠂ ᠣᠷᠣᠨ | ᠪᠦᠰᠡ ᠶᠢᠨ ᠴᠢᠨᠠᠷᠲᠠᠶ ᠡᠭᠡᠭᠦᠯᠦᠨ ᠬᠤᠷᠢᠶᠠᠵᠤ ᠡᠷᠭᠢᠯᠳᠦᠭᠦᠯᠦᠨ ᠠᠰᠢᠭᠯᠠᠬᠤ ᠰᠢᠰᠲ᠋ᠧᠮᠵᠢ ᠶᠢ ᠪᠦᠷᠢᠨᠰᠢᠭᠦᠯᠵᠦ᠂ | ᠰᠢᠶ᠋ᠳᠪᠦᠷᠢᠯᠡᠬᠦ ᠵᠢᠴᠢ ᠶᠡᠷᠦᠩᠬᠡᠶᠢᠯᠡᠨ ᠠᠰᠢᠭᠯᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ ᠶᠢ ᠴᠢᠩᠭᠠᠳᠬᠠᠵᠤ᠂ ᠬᠠᠶᠠᠭᠳᠠᠮᠠᠯ ᠮᠠᠰᠢᠨ ᠲᠡᠷᠭᠡ᠂ ᠬᠠᠶᠠᠭᠳᠠᠮᠠᠯ ᠮᠠᠰᠢᠨ | ᠲᠠᠷᠢᠶᠠᠯᠠᠩ ᠤᠨ ᠮᠠᠰᠢᠨ᠂ ᠴᠡᠷᠢᠭ ᠤᠨ ᠠᠯᠪᠠᠨ ᠠᠴᠠ ᠪᠠᠭᠤᠭᠰᠠᠨ ᠬᠡᠷᠡᠯ ᠴᠡᠨᠡᠭ ᠤᠨ ᠲᠣᠨᠤᠭ᠂ ᠬᠠᠶᠠᠭᠳᠠᠮᠠᠯ ᠬᠠᠭᠤᠴᠢᠨ | ᠴᠠᠬᠢᠯᠭᠠᠨ ᠬᠡᠷᠡᠭᠰᠡᠯ᠂ ᠬᠠᠶᠠᠭᠳᠠᠮᠠᠯ ᠬᠠᠭᠤᠴᠢᠨ ᠳ᠋ᠢᠶᠠᠨ ᡂᠢ᠂ ᠬᠠᠶᠠᠭᠳᠠᠮᠠᠯ ᠬᠠᠭᠤᠴᠢᠨ ᠳᠤᠭᠤᠶᠢᠯᠠᠪᠤᠷᠢ ᠵᠡᠷᠭᠡ ᠳᠠᠬᠢᠯᠳᠠ | ᠡᠬᠢ ᠪᠠᠶᠠᠯᠢᠭ ᠢ ᠲᠥᠷᠥᠯ ᠬᠤᠪᠢᠶᠠᠨ ᠠᠰᠢᠭᠯᠠᠬᠤ ᠪᠠ ᠲᠥᠪᠯᠡᠷᠡᠭᠦᠯᠦᠨ ᠰᠢᠢᠳᠪᠦᠷᠢᠯᠡᠬᠦ ᠶᠢ ᠠᠬᠢᠭᠤᠯᠤᠨ᠎ᠠ᠃ ᠰᠦᠯᠢᠶᠣᠣ | ᠬᠠᠶᠠᠭᠳᠠᠮᠠᠯ ᠪᠣᠳᠠᠰ ᠵᠡᠷᠭᠡ ᠬᠤᠷᠢᠶᠠᠨ ᠠᠪᠴᠤ ᠪᠣᠯᠬᠤ ᠪᠣᠳᠠᠰ ᠢ ᠲᠥᠷᠥᠯ ᠬᠤᠪᠢᠶᠠᠨ ᠬᠤᠷᠢᠶᠠᠨ ᠴᠤᠭᠯᠠᠭᠤᠯᠬᠤ ᠪᠠ | ᠰᠢᠢᠳᠪᠦᠷᠢᠯᠡᠬᠦ ᠡᠷᠴᠢᠮ ᠢ ᠴᠢᠩᠭᠠᠷᠠᠭᠤᠯᠵᠤ᠂ ᠲᠦᠷᠭᠡᠨ ᠬᠦᠷᠭᠡᠯᠲᠡ ᠶᠢᠨ ᠪᠣᠭᠤᠳᠠᠯ ᠤᠨ ᠬᠤᠤᠷ ᠦᠭᠡᠶᠢᠳᠡᠭᠦᠯᠦᠭᠰᠡᠨ | ᠠᠯᠪᠠᠳᠠᠯᠭ᠎ᠠ ᠶᠢᠨ ᠴᠢᠨᠠᠷᠲᠠᠶ ᠤᠯᠤᠰ ᠤᠨ ᠪᠠᠷᠢᠮᠵᠢᠶ᠎ᠠ ᠪᠠ ᠲᠦᠷᠭᠡᠨ ᠬᠦᠷᠭᠡᠯᠲᠡ ᠶᠢᠨ ᠪᠣᠬᠢᠷᠲᠤᠯ ᠥᠬᠡᠶ ᠪᠣᠭᠤᠳᠠᠯ ᠤᠨ | ᠪᠠᠷᠢᠮᠵᠢᠶ᠎ᠠ ᠶᠢᠨ ᠰᠢᠰᠲ᠋ᠧᠮᠵᠢ ᠶᠢ ᠨᠠᠶᠢᠳᠠᠪᠤᠷᠢᠵᠢᠭᠤᠯᠤᠨ᠂ ᠬᠤᠭ ᠨᠣᠪᠰᠢ ᠶᠢ ᠲᠥᠷᠥᠯ ᠬᠤᠪᠢᠶᠠᠬᠤ ᠵᠢᠴᠢ ᠡᠬᠢ | ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠬᠤ ᠶᠢ ᠴᠢᠩᠭᠠᠳᠬᠠᠨ᠎ᠠ᠃ | ︵ᠲᠦᠷᠪᠡ︶ ᠪᠠᠷᠢᠮᠵᠢᠶ᠎ᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠬᠦ | 1. ᠡᠨᠧᠷᠭᠢ ᠶᠢᠨ ᠬᠤᠷᠣᠭᠳᠠᠯ᠂ ᠭᠠᠳᠠᠭᠰᠢᠯᠠᠭᠤᠯᠤᠯᠲᠠ᠂ ᠮᠡᠷᠭᠡᠵᠢᠯ ᠤᠨ ᠪᠠᠷᠢᠮᠵᠢᠶ᠎ᠠ ᠶᠢ ᠨᠠᠶᠢᠳᠠᠪᠤᠷᠢᠵᠢᠭᠤᠯᠬᠤ ᠶᠢᠨ | ᠬᠠᠮᠲᠤ ᠰᠠᠶᠢᠲᠤᠷ ᠬᠡᠷᠡᠭᠵᠢᠭᠦᠯᠬᠦ ᠬᠡᠷᠡᠭᠲᠡᠶ᠃ ᠡᠨᠧᠷᠭᠢ ᠶᠡᠭᠡ ᠬᠤᠷᠣᠭᠳᠠᠭᠤᠯᠬᠤ ᠠᠵᠢᠯ ᠲᠥᠷᠥᠯ ᠤᠨ ᠡᠨᠧᠷᠭᠢ ᠬᠡᠷᠡᠭᠯᠡᠬᠦ | ᠭᠤᠤᠯᠳᠠᠯᠭ᠎ᠠ ᠲᠠᠢ ᠠᠵᠤ ᠠᠬᠤᠶᠢᠯᠠᠯ ᠤᠨ ᠡᠨᠧᠷᠭᠢ ᠶᠢᠨ ᠠᠰᠢᠭᠯᠠᠮᠵᠢ ᠶᠢ ᠬᠢᠨᠠᠨ ᠪᠠᠶᠢᠴᠠᠭᠠᠬᠤ ᠠᠵᠢᠯ ᠢ ᠬᠡᠷᠡᠭᠵᠢᠭᠦᠯᠬᠦ ᠪᠠᠷ | ᠠᠵᠠ ᠲᠣᠬᠢᠶᠠᠯ ᠪᠣᠯᠭᠠᠵᠤ᠂ ᠡᠨᠧᠷᠭᠢ ᠬᠡᠷᠡᠭᠯᠡᠬᠦ ᠭᠤᠤᠯᠳᠠᠯᠭ᠎ᠠ ᠲᠠᠢ ᠠᠵᠤ ᠠᠬᠤᠶᠢᠯᠠᠯ ᠤᠨ ᠡᠨᠧᠷᠭᠢ ᠠᠷᠪᠢᠯᠠᠵᠤ | ᠨᠡᠭᠦᠷᠡᠰᠦᠲᠥ᠋ᠷᠥᠭᠴᠢ ᠪᠠᠭᠠᠰᠬᠠᠬᠤ ᠥᠭᠡᠷᠡᠴᠢᠯᠡᠯᠲᠡ ᠪᠠ ᠲᠥᠬᠦᠭᠡᠷᠦᠮᠵᠢ ᠶᠢᠨ ᠡᠨᠧᠷᠭᠢ ᠶᠢᠨ ᠠᠰᠢᠭᠯᠠᠮᠵᠢ ᠶᠢ | ᠳᠡᠭᠡᠭᠰᠢᠯᠡᠭᠦᠯᠬᠦ ᠶᠢ ᠬᠠᠨᠳᠤᠯᠭ᠎ᠠ ᠲᠠᠢ ᠪᠠᠷ ᠠᠬᠢᠭᠤᠯᠵᠤ᠂ ᠦᠢᠯᠡᠳᠬᠦᠨ ᠤ ᠲᠥᠬᠦᠭᠡᠷᠦᠮᠵᠢ ᠶᠢᠨ ᠡᠨᠧᠷᠭᠢ ᠶᠢᠨ | ᠠᠰᠢᠭᠯᠠᠮᠵᠢ ᠶᠢᠨ ᠬᠢᠷᠢ ᠲᠦᠪᠰᠢᠨ ᠤ ᠪᠠᠷᠢᠮᠵᠢᠶ᠎ᠠ ᠵᠢᠴᠢ ᠬᠠᠮᠢᠶ᠎ᠠ ᠪᠥᠬᠦᠶ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠦᠨ᠂ | ᠬᠠᠤᠯᠢ ᠲᠣᠭᠲᠠᠭᠠᠯ ᠶᠣᠰᠣᠭᠠᠷ ᠬᠤᠴᠣᠷᠤᠩᠭᠤᠶ ᠦᠢᠯᠡᠳᠪᠦᠷᠢᠯᠡᠯ ᠤᠨ ᠡᠨᠧᠷᠭᠢ ᠬᠡᠷᠡᠭᠯᠡᠬᠦ ᠲᠥᠬᠦᠭᠡᠷᠦᠮᠵᠢ ᠶᠢ | ᠰᠢᠭᠰᠢᠭᠳᠡᠭᠦᠯᠦᠨ᠎ᠡ᠃ ᠭᠤᠤᠯᠳᠠᠯᠭ᠎ᠠ ᠲᠠᠢ ᠠᠵᠢᠯ ᠲᠥᠷᠥᠯ ᠤᠨ ᠭᠠᠳᠠᠭᠰᠢᠯᠠᠭᠤᠯᠬᠤ ᠪᠠᠷᠢᠮᠵᠢᠶ᠎ᠠ ᠶᠢ ᠬᠡᠷᠡᠭᠵᠢᠭᠦᠯᠵᠦ᠂ ᠠᠭᠠᠷ | ᠮᠠᠨᠳᠠᠯ᠂ ᠤᠰᠤᠨ ᠤ ᠪᠣᠬᠢᠷᠲᠤᠯ ᠪᠣᠳᠠᠰ ᠵᠡᠷᠭᠡ ᠶᠢᠨ ᠭᠠᠳᠠᠭᠰᠢᠯᠠᠭᠤᠯᠬᠤ ᠶᠢ ᠡᠵᠡᠮᠳᠡᠬᠦ ᠬᠢᠷᠢ ᠬᠡᠮᠵᠢᠶ᠎ᠡ ᠶᠢ ᠰᠢᠯᠢᠳᠡᠭᠵᠢᠭᠦᠯᠦᠨ | ᠳᠡᠭᠡᠭᠰᠢᠯᠡᠭᠦᠯᠦᠨ᠎ᠡ᠃ ᠡᠨᠧᠷᠭᠢ ᠶᠢᠨ ᠬᠤᠷᠣᠭᠳᠠᠯ ᠤᠨ ᠬᠢᠵᠠᠭᠠᠷ ᠲᠤᠭ᠎ᠠ᠂ ᠦᠶ᠋ᠯᠡᠳᠬᠦᠨ ᠤ ᠲᠥᠬᠦᠭᠡᠷᠦᠮᠵᠢ ᠶᠢᠨ | ᠡᠨᠧᠷᠭᠢ ᠶᠢᠨ ᠠᠰᠢᠭᠯᠠᠮᠵᠢ ᠪᠠ ᠰᠠᠭᠤᠳᠠᠯ ᠤᠨ ᠲᠡᠷᠭᠡ᠂ ᠬᠦᠨᠳᠦ ᠬᠡᠯᠪᠡᠷᠢ ᠶᠢᠨ ᠬᠤᠳᠠᠯᠳᠤᠭᠠᠨ ᠤ ᠬᠡᠷᠡᠭᠯᠡᠭᠡᠨ ᠤ ᠲᠡᠷᠭᠡᠨ ᠤ | ᠡᠨᠧᠷᠭᠢ ᠶᠢᠨ ᠬᠤᠷᠣᠭᠳᠠᠯ ᠤᠨ ᠬᠡᠮᠵᠢᠶᠡᠨ ᠤ ᠬᠡᠮᠵᠢᠭᠳᠡᠯ ᠤᠨ ᠬᠠᠮᠢᠶ᠎ᠠ ᠪᠥᠬᠦᠶ ᠬᠢᠵᠠᠭᠠᠷᠯᠠᠯ᠂ ᠪᠣᠬᠢᠷᠲᠤᠯ ᠪᠣᠳᠠᠰ | ᠭᠠᠳᠠᠭᠰᠢᠯᠠᠭᠤᠯᠬᠤ᠂ ᠭᠤᠤᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠤᠨ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢᠨ ᠲᠣᠭᠠᠴᠠᠭ᠎ᠠ ᠬᠢᠬᠦ ᠵᠡᠷᠭᠡ ᠬᠦᠷᠢᠶᠡᠨ ᠳᠠᠬᠢ ᠤᠯᠤᠰ ᠤᠨ ᠪᠠᠷᠢᠮᠵᠢᠶ᠎ᠠ ᠶᠢ ᠤᠬᠠᠭᠤᠯᠤᠨ | ᠲᠤᠭᠤᠰᠢᠯᠠᠭᠤᠯᠬᠤ ᠪᠣᠯᠪᠠᠰᠤᠷᠠᠭᠤᠯᠤᠯ᠂ ᠳᠡᠯᠭᠡᠷᠡᠭᠦᠯᠦᠨ ᠬᠡᠷᠡᠭᠯᠡᠬᠦ ᠪᠠ ᠪᠠᠷᠢᠮᠵᠢᠶ᠎ᠠ ᠶᠢ ᠬᠡᠷᠡᠭᠵᠢᠭᠦᠯᠬᠦ ᠦᠷ᠎ᠡ ᠪᠦᠲᠦᠮᠵᠢ ᠶᠢ | ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | 2. ᠦᠢᠯᠡᠳᠬᠦᠨ ᠤ ᠮᠡᠷᠭᠡᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠬᠦ ᠶᠢ ᠴᠢᠩᠭᠠᠷᠠᠭᠤᠯᠤᠨ᠎ᠠ᠃ ᠪᠠᠷᠢᠮᠵᠢᠶ᠎ᠠ ᠶᠢᠨ | ᠬᠥᠲᠥᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠰᠢᠨ ᠲᠡᠷᠭᠡ᠂ ᠬᠡᠷ ᠤᠨ ᠴᠠᠬᠢᠯᠭᠠᠨ ᠬᠡᠷᠡᠭᠰᠡᠯ᠂ | ᠬᠡᠷ ᠤᠨ ᠡᠳ᠋ᠯᠡᠯ ᠬᠡᠷᠡᠭᠰᠡᠯ᠂ ᠬᠡᠷᠡᠭᠯᠡᠭᠡᠨ ᠤ ᠡᠯᠧᠺᠳ᠋ᠷᠣᠨ ᠵᠡᠷᠭᠡ ᠬᠦᠷᠢᠶᠡᠨ ᠳᠠᠬᠢ ᠤᠯᠤᠰ ᠤᠨ ᠪᠠᠷᠢᠮᠵᠢᠶ᠎ᠠ ᠶᠢ ᠤᠬᠠᠭᠤᠯᠤᠨ | ᠲᠤᠤᠱᠯᠠᠭᠤᠯᠤᠨ ᠬᠡᠷᠡᠭᠵᠢᠭᠦᠯᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠡᠷᠡᠭᠯᠡᠭᠴᠢᠳ ᠢ ᠬᠥᠲᠥᠯᠦᠨ ᠵᠢᠯᠣᠭᠤᠳᠴᠤ | ᠪᠠᠶᠢᠭᠠᠳ ᠬᠡᠷ ᠤᠨ ᠴᠠᠬᠢᠯᠭᠠᠨ ᠬᠡᠷᠡᠭᠰᠡᠯ ᠤᠨ ᠪᠦᠲᠦᠭᠡᠭᠳᠡᠬᠦᠨ ᠢ ᠠᠮᠤᠷ ᠲᠦᠪᠰᠢᠨ ᠢᠶᠠᠷ ᠬᠡᠷᠡᠭᠯᠡᠬᠦ ᠣᠨ ᠤ ᠬᠢᠵᠠᠭᠠᠷ ᠢ | ᠠᠩᠬᠠᠷᠤᠭᠤᠯᠵᠤ᠂ ᠴᠠᠭ ᠲᠤᠬᠠᠶ ᠳᠤᠨᠢ ᠰᠢᠭᠰᠢᠭᠳᠡᠭᠦᠯᠵᠦ᠂ ᠪᠣᠬᠢᠷᠲᠤᠯ ᠥᠬᠡᠶ ᠴᠢᠨᠠᠷ ᠰᠠᠶᠢᠲᠠᠶ ᠦᠢᠯᠡᠳᠬᠦᠨ ᠤ ᠬᠡᠷᠡᠭᠯᠡᠭᠡ ᠶᠢ | ᠠᠬᠢᠭᠤᠯᠤᠨ᠎ᠠ᠃ ᠬᠢᠨᠠᠨ ᠬᠠᠮᠢᠶᠠᠷᠬᠤ ᠠᠷᠭ᠎ᠠ ᠪᠠᠷᠢᠯ ᠢ ᠴᠢᠩᠭᠠᠷᠠᠭᠤᠯᠵᠤ᠂ ᠤᠶᠤᠨᠴᠢᠯᠠᠭᠰᠠᠨ ᠬᠢᠨᠠᠨ ᠬᠠᠮᠢᠶᠠᠷᠬᠤ | ᠰᠢᠰᠲ᠋ᠧᠮᠵᠢ ᠶᠢ ᠰᠦᠪᠡᠭᠴᠢᠯᠡᠨ ᠪᠠᠶᠢᠭᠤᠯᠵᠤ᠂ ᠬᠢᠨᠠᠨ ᠬᠠᠮᠢᠶᠠᠷᠬᠤ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠨ᠂ | ᠤᠯᠤᠰ ᠤᠨ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠳᠤ ᠦᠯᠦ ᠨᠡᠶᠢᠴᠡᠬᠦ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠶ᠋ᠳᠪᠦᠷᠢᠯᠡᠬᠦ ᠬᠡᠷᠡᠭᠲᠡᠶ᠃ ᠬᠡᠷᠡᠭᠯᠡᠭᠡ ᠶᠢᠨ ᠵᠦᠢᠯ ᠤᠨ ᠶᠠᠰᠣ ᠴᠢᠨᠡᠷ ᠤᠨ | ᠠᠮᠥᠷ ᠳᠥᠪᠰᠢᠨ ᠤ ᠬᠢᠨᠡᠯᠳᠡ ᠬᠠᠮᠢᠶᠡᠷᠦᠯᠳᠡ ᠶᠢᠨ ᠭᠠᠷᠴᠠᠭ ᠢ ᠨᠡᠶᠢᠳᠡᠪᠦᠷᠢᠵᠢᠭᠤᠯᠵᠦ᠂ ᠶᠠᠰᠣ ᠴᠢᠨᠡᠷ ᠤᠨ ᠠᠮᠥᠷ | ᠳᠥᠪᠰᠢᠨ ᠤ ᠬᠢᠨᠡᠯᠳᠡ ᠬᠠᠮᠢᠶᠡᠷᠦᠯᠳᠡ ᠶᠢ ᠴᠢᠩᠳᠡᠯᠡᠨ᠂ ᠵᠠᠬ᠎ᠠ ᠳᠡᠯᠭᠡᠬᠦᠷ ᠤᠨ ᠡᠷᠡᠬᠦᠯ ᠢᠶᠠᠷ ᠬᠦᠭᠵᠢᠬᠦ ᠶᠢ ᠠᠬᠢᠭᠤᠯᠥᠨ᠎ᠠ᠃ | ᠪᠣᠬᠢᠷᠳᠦᠯ ᠦᠭᠡᠢ ᠭᠡᠷᠡᠴᠢᠯᠡᠯ᠂ ᠣᠷᠭᠠᠨᠢᠭ ᠭᠡᠷᠡᠴᠢᠯᠡᠯ ᠪᠠ ︽ᠮᠣᠩᠭᠤᠯ︾ ᠦᠰᠦᠭᠳᠦ ᠳᠡᠮᠳᠡᠭ ᠤᠨ ᠭᠡᠷᠡᠴᠢᠯᠡᠯ ᠵᠡᠷᠭᠡ | ᠳᠡᠭᠡᠳᠦ ᠳᠡᠰ ᠤᠨ ᠶᠠᠰᠣ ᠴᠢᠨᠡᠷ ᠤᠨ ᠭᠡᠷᠡᠴᠢᠯᠡᠯ ᠤᠨ ᠡᠷᠴᠢᠮ ᠢ ᠴᠢᠩᠭᠠᠷᠡᠭᠤᠯᠥᠨ᠎ᠠ᠃ ᠤᠯᠤᠰ᠂ ᠥᠪᠡᠷᠲᠡᠭᠡᠨ ᠵᠠᠰᠠᠬᠤ | ᠣᠷᠣᠨ ᠤ ᠬᠠᠮᠢᠶ᠎ᠠ ᠪᠥᠬᠦᠶ ᠪᠠᠷᠢᠮᠵᠢᠶ᠎ᠠ ᠶᠢ ᠲᠣᠭᠲᠠᠭᠠᠬᠤ᠂ ᠵᠠᠰᠠᠪᠤᠷᠢ ᠣᠷᠣᠭᠤᠯᠬᠤ ᠳᠤ ᠢᠳᠡᠪᠬᠢᠲᠡᠶ ᠣᠷᠣᠯᠴᠠᠨ᠎ᠠ᠃ | 3. ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠪᠠᠷᠢᠮᠵᠢᠶ᠎ᠠ ᠶᠢ ᠰᠤᠳᠤᠯᠤᠨ ᠲᠣᠭᠲᠠᠭᠠᠬᠤ ᠶᠢ ᠲᠦᠯᠬᠢᠨ | ᠠᠬᠢᠭᠤᠯᠤᠨ᠎ᠠ᠃ ᠪᠣᠬᠢᠷᠲᠤᠯ ᠥᠬᠡᠶ ᠵᠢᠷᠤᠭ ᠲᠥᠯᠥᠪᠯᠡᠭᠡ᠂ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ᠂ | ᠡᠯᠧᠺᠳ᠋ᠷᠣᠨ ᠦᠶ᠋ᠯᠡᠳᠬᠦᠨ ᠤ ᠭᠠᠷ ᠳᠠᠮᠵᠢᠭᠰᠠᠨ ᠠᠷᠠᠯᠵᠢᠶᠠᠯᠠᠬᠤ ᠵᠡᠷᠭᠡ ᠬᠦᠷᠢᠶᠡᠨ ᠳᠠᠬᠢ ᠤᠯᠤᠰ ᠤᠨ ᠪᠠᠷᠢᠮᠵᠢᠶ᠎ᠠ ᠶᠢ | ᠤᠬᠠᠭᠤᠯᠤᠨ ᠲᠤᠭᠤᠰᠢᠯᠠᠭᠤᠯᠬᠤ ᠪᠣᠯᠪᠠᠰᠤᠷᠠᠭᠤᠯᠤᠯ᠂ ᠳᠡᠯᠭᠡᠷᠡᠭᠦᠯᠦᠨ ᠬᠡᠷᠡᠭᠯᠡᠬᠦ ᠪᠠ ᠪᠠᠷᠢᠮᠵᠢᠶ᠎ᠠ ᠶᠢ ᠬᠡᠷᠡᠭᠵᠢᠭᠦᠯᠬᠦ ᠦᠷ᠎ᠡ | ᠪᠦᠲᠦᠮᠵᠢ ᠶᠢ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠠᠷᠢᠮᠵᠢᠶᠠᠵᠢᠭᠰᠠᠨ ᠠᠵᠢᠯ ᠤᠨ ᠮᠡᠳᠡᠭᠡ | ᠵᠠᠩᠭᠢ ᠶᠢ ᠮᠡᠳᠡᠭᠡᠯᠡᠬᠦ ᠲᠣᠭᠲᠠᠴᠠ ᠶᠢ ᠪᠠᠶᠢᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠪᠠᠷᠢᠮᠵᠢᠶ᠎ᠠ ᠶᠢᠨ ᠮᠡᠳᠡᠭᠡ | ᠵᠠᠩᠭᠢ ᠶᠢ ᠴᠠᠭ ᠲᠤᠬᠠᠶ ᠳᠤᠨᠢ ᠴᠤᠭᠯᠠᠭᠤᠯᠤᠨ ᠡᠮᠬᠢᠳᠬᠡᠵᠦ ᠳᠠᠮᠵᠢᠭᠤᠯᠤᠨ ᠬᠦᠷᠭᠡᠵᠦ᠂ ᠪᠠᠷᠢᠮᠵᠢᠶ᠎ᠠ ᠶᠢᠨ ᠤᠬᠠᠭᠤᠯᠭ᠎ᠠ | ᠪᠣᠯᠪᠠᠰᠤᠷᠠᠭᠤᠯᠤᠯ ᠢ ᠴᠢᠩᠭᠠᠳᠬᠠᠨ᠎ᠠ᠃ ᠤᠯᠤᠰ ᠤᠨ ᠪᠠᠷᠢᠮᠵᠢᠶ᠎ᠠ ᠶᠢ ᠢᠵᠢ ᠪᠦᠷᠢᠳᠦᠭᠦᠯᠦᠨ ᠬᠡᠷᠡᠭᠵᠢᠭᠦᠯᠵᠦ᠂ ᠣᠷᠣᠨ | ᠨᠤᠲᠤᠭ ᠤᠨ ᠪᠠᠷᠢᠮᠵᠢᠶ᠎ᠠ ᠶᠢᠨ ᠪᠠᠶᠢᠭᠤᠯᠤᠯᠲᠠ ᠶᠢ ᠬᠠᠮᠵᠢᠯᠴᠠᠨ ᠠᠬᠢᠭᠤᠯᠵᠤ᠂ ᠣᠷᠣᠨ ᠨᠤᠲᠤᠭ ᠤᠨ ᠪᠠᠷᠢᠮᠵᠢᠶ᠎ᠠ ᠶᠢᠨ | ᠲᠥᠷᠥᠯ ᠵᠦᠢᠯ ᠲᠣᠭᠲᠠᠭᠠᠬᠤ ᠲᠥᠯᠥᠪᠯᠡᠭᠡ ᠶᠢ ᠡᠯᠰᠡᠨ ᠴᠤᠭᠯᠠᠭᠤᠯᠵᠤ᠂ ᠪᠣᠬᠢᠷᠲᠤᠯ ᠥᠬᠡᠶ ᠡᠷᠭᠢᠯᠳᠦᠭᠦᠯᠬᠦ᠂ ᠡᠬᠢ | ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ ᠵᠡᠷᠭᠡ ᠭᠤᠤᠯᠳᠠᠯᠭ᠎ᠠ ᠲᠠᠢ ᠬᠦᠷᠢᠶᠡᠨ ᠳᠤ ᠨᠢᠭᠡ ᠪᠦᠯᠦᠭ ᠣᠷᠣᠨ | ᠨᠤᠲᠤᠭ ᠤᠨ ᠪᠠᠷᠢᠮᠵᠢᠶ᠎ᠠ ᠶᠢ ᠨᠡᠶᠢᠲᠡᠯᠡᠨ᠎ᠡ᠃ ᠨᠥᠬᠦᠴᠡᠯ ᠲᠠᠢ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠤᠯ ᠤᠨ | ᠬᠦᠷᠢᠶᠡᠯᠡᠩ ᠭᠠᠵᠠᠷ᠂ ᠨᠡᠶᠢᠭᠡᠮ ᠤᠨ ᠪᠦᠯᠬᠦᠮ ᠵᠡᠷᠭᠡ ᠶᠢᠨ ᠳᠠᠬᠢᠨ ᠡᠭᠦᠰᠴᠦ ᠪᠣᠯᠬᠤ ᠡᠬᠢ ᠪᠠᠶᠠᠯᠢᠭ ᠢ ᠡᠭᠡᠭᠦᠯᠦᠨ | ᠬᠤᠷᠢᠶᠠᠬᠤ ᠤᠯᠤᠰ ᠤᠨ ᠪᠠᠷᠢᠮᠵᠢᠶ᠎ᠠ ᠶᠢ ᠰᠤᠳᠤᠯᠤᠨ ᠦᠢᠯᠡᠳᠬᠦ ᠳᠤ ᠢᠳᠡᠪᠬᠢᠲᠡᠶ ᠣᠷᠣᠯᠴᠠᠬᠤ ᠶᠢ ᠳᠡᠮᠵᠢᠨ᠎ᠡ᠃ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠨᠢᠭᠡᠳᠦᠯᠲᠡᠢ ᠲᠥᠯᠥᠪᠯᠡᠨ ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠶᠢ ᠴᠢᠩᠭᠠᠳᠬᠠᠪᠠ᠃ ᠦᠬᠠᠢ | ᠬᠤᠳᠠ ᠶᠢᠨ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯᠡᠰ ᠢ ᠬᠠᠭᠤᠴᠢᠨ ᠢᠶᠠᠷ ᠰᠢᠨ᠎ᠡ ᠶᠢ | ᠰᠣᠯᠢᠬᠤ ᠶᠢ ᠠᠬᠢᠭᠤᠯᠬᠤ ᠠᠵᠢᠯ ᠤᠨ ᠠᠬᠢᠭᠤᠯᠬᠤ ᠲᠣᠭᠲᠠᠴᠠ ᠶᠢ ᠪᠠᠶᠢᠭᠤᠯᠵᠤ᠂ ᠠᠵᠢᠯ ᠤᠨ ᠳᠤᠮᠳᠠ ᠪᠠᠨ ᠨᠢᠭᠡᠳᠦᠯᠲᠡᠢ | ᠲᠥᠯᠥᠪᠵᠢᠭᠦᠯᠦᠨ ᠠᠬᠢᠭᠤᠯᠬᠤ ᠶᠢ ᠪᠠᠷᠢᠮᠲᠠᠯᠠᠵᠤ᠂ ᠲᠦᠷᠦᠯ ᠵᠦᠢᠯ ᠢ ᠲᠥᠯᠥᠪᠵᠢᠭᠦᠯᠬᠦ ᠳᠡᠭᠡᠨ ᠨᠢᠭᠡᠳᠦᠯᠲᠡᠢ | ᠲᠥᠯᠥᠪᠵᠢᠭᠦᠯᠵᠦ᠂ ᠲᠦᠷᠦᠯ ᠵᠦᠢᠯ ᠢ ᠲᠡᠮᠡᠴᠡᠨ ᠣᠯᠵᠤ᠂ ᠵᠠᠬ᠎ᠠ ᠳᠡᠯᠭᠡᠭᠦᠷ ᠢ ᠨᠢᠭᠡᠳᠦᠯᠲᠡᠢ ᠲᠥᠯᠥᠪᠵᠢᠭᠦᠯᠵᠦ᠂ | ᠪᠠᠷᠢᠮᠵᠢᠶ᠎ᠠ ᠶᠢ ᠨᠢᠭᠡᠳᠦᠯᠲᠡᠢ ᠲᠥᠯᠥᠪᠵᠢᠭᠦᠯᠵᠦ᠂ ᠪᠡᠯᠡ ᠮᠥᠩᠭᠦ ᠶᠢ ᠬᠡᠷᠡᠭᠯᠡᠬᠦ ᠳᠤ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ | ᠦᠢᠯᠡᠳᠪᠦᠷᠢᠯᠡᠬᠦ᠂ ᠪᠣᠷᠣᠯᠠᠭᠤᠯᠬᠤ ᠠᠵᠤ ᠠᠬᠤᠶᠢᠯᠠᠯ ᠪᠣᠯᠤᠨ ᠮᠥᠩᠭᠦᠨ ᠭᠦᠢᠯᠭᠡᠭᠡᠨ ᠤ ᠲᠠᠪᠴᠠᠩ ᠤᠨ ᠡᠬᠢ ᠪᠠᠶᠠᠯᠢᠭ ᠢ | ᠨᠢᠭᠡᠳᠦᠯᠲᠡᠶ ᠲᠥᠯᠥᠪᠯᠡᠨ ᠡᠮᠬᠢᠯᠡᠨ ᠨᠡᠶᠢᠯᠡᠭᠦᠯᠵᠦ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢᠨ ᠲᠦᠭᠵᠢᠷᠡᠯ᠂ | ᠬᠤᠷᠢᠭ᠎ᠠ ᠴᠡᠭ ᠢ ᠨᠡᠪᠲᠡᠷᠡᠭᠦᠯᠦᠨ᠎ᠡ᠃ ᠡᠯ᠎ᠡ ᠲᠣᠭᠤᠷᠢᠭ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠨᠢᠭᠲᠠ | ᠬᠠᠮᠵᠢᠯᠴᠠᠵᠤ᠂ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠲᠥᠷᠥ ᠶᠢᠨ | ᠪᠣᠳᠣᠯᠭ᠎ᠠ ᠶᠢ ᠪᠣᠳᠠᠲᠠᠶᠢᠵᠢᠭᠤᠯᠬᠤ᠂ ᠡᠭᠦᠷᠭᠡ ᠶᠢ ᠪᠣᠳᠠᠲᠠᠶᠢᠵᠢᠭᠤᠯᠬᠤ᠂ ᠬᠠᠮᠵᠢᠯᠴᠠᠭ᠎ᠠ ᠶᠢ ᠪᠣᠳᠠᠲᠠᠶᠢᠵᠢᠭᠤᠯᠬᠤ᠂ ᠲᠥᠷᠥᠯ | ᠵᠦᠢᠯ ᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠮᠦᠨᠡᠬᠢ ᠬᠤᠭᠤᠴᠠᠭᠠᠨ ᠤ ᠪᠠᠶᠢᠳᠠᠯ ᠢ ᠣᠶᠢᠯᠠᠭᠠᠬᠤ ᠶᠢ | ᠴᠢᠩᠭᠠᠳᠬᠠᠵᠤ᠂ ᠤᠯᠤᠰ ᠤᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠳᠤ ᠨᠡᠶᠢᠴᠡᠬᠦ ᠨᠢᠭᠡ ᠪᠦᠯᠦᠭ ᠢᠨᠵᠧᠨᠧᠷᠢᠩ ᠤᠨ | ᠲᠥᠷᠥᠯ ᠵᠦᠢᠯ ᠢ ᠱᠠᠯᠠᠪᠳᠠᠨ ᠲᠥᠯᠥᠪᠯᠡᠨ ᠨᠥᠭᠡᠴᠡᠯᠡᠵᠦ᠂ ᠬᠦᠷᠢᠶ᠎ᠡ ᠴᠠᠷᠠᠭ᠎ᠠ ᠬᠤᠪᠢᠶᠠᠭᠰᠠᠨ ᠲᠥᠷᠥᠯ ᠵᠦᠢᠯ ᠤᠨ | ᠨᠥᠭᠡᠴᠡᠯᠡᠯᠲᠡ ᠶᠢᠨ ᠨᠠᠷᠢᠨ ᠬᠠᠭᠤᠳᠠᠰᠤ ᠶᠢ ᠪᠠᠶᠢᠭᠤᠯᠵᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ | ᠯᠠᠪᠳᠠᠭᠤᠨ ᠪᠠᠲᠤᠲᠠᠶ ᠰᠠᠶᠢᠲᠤᠷ ᠥᠷᠨᠢᠭᠦᠯᠵᠦ᠂ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠬᠥᠲᠥᠯᠦᠨ | ᠵᠢᠯᠣᠭᠤᠳᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠲᠥᠪ ᠤᠨ ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ᠂ | ᠣᠷᠳᠣ ᠬᠤᠭᠤᠴᠠᠭᠠᠨ ᠤ ᠣᠨᠴᠠᠭᠠᠶ ᠤᠯᠤᠰ ᠤᠨ ᠵᠢᠭᠡᠯᠡᠯᠭᠡ᠂ ᠲᠥᠪ ᠤᠨ ᠡᠳ᠋ ᠤᠨ ᠵᠠᠰᠠᠭ ᠤᠨ ᠨᠥᠬᠦᠪᠥᠷᠢ ᠵᠡᠷᠭᠡ ᠪᠠᠯᠠ | ᠮᠥᠩᠭᠦ ᠶᠢᠨ ᠳᠡᠮᠵᠢᠯᠭᠡ ᠶᠢ ᠢᠳᠡᠪᠬᠢᠲᠡᠶ ᠣᠯᠵᠤ᠂ ᠲᠥᠬᠦᠭᠡᠷᠦᠮᠵᠢ ᠪᠠ ᠦᠢᠯᠡᠳᠬᠦᠨ ᠤ ᠰᠢᠨᠡᠴᠢᠯᠡᠯᠲᠡ ᠰᠣᠯᠢᠭᠳᠠᠯ ᠢ | ᠦᠷᠭᠦᠯᠵᠢᠯᠡᠨ ᠡᠷᠡᠭᠦᠯ ᠢᠶᠠᠷ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ | ︵ᠬᠤᠶᠠᠷ︶ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ ᠳᠡᠮᠵᠢᠯᠭᠡ ᠶᠢ ᠰᠢᠯᠢᠳᠡᠭᠵᠢᠭᠦᠯᠦᠨ᠎ᠡ᠃ ᠡᠳ᠋ ᠤᠨ | ᠵᠠᠰᠠᠭ ᠭᠠᠶᠢᠯᠢ ᠶᠢᠨ ᠳᠡᠮᠵᠢᠯᠭᠡ ᠶᠢ ᠲᠡᠭᠦᠯᠳᠡᠷᠵᠢᠭᠦᠯᠵᠦ᠂ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ᠂ ᠬᠠᠭᠤᠴᠢᠨ ᠢᠶᠠᠷ | ᠰᠢᠨ᠎ᠡ ᠶᠢ ᠰᠣᠯᠢᠬᠤ᠂ ᠲᠡᠷᠭᠡ ᠬᠤᠳᠠᠯᠳᠤᠨ ᠠᠪᠬᠤ ᠵᠡᠷᠭᠡ ᠡᠳ᠋ ᠤᠨ ᠵᠠᠰᠠᠭ ᠭᠠᠶᠢᠯᠢ ᠶᠢᠨ ᠨᠥᠬᠦᠪᠥᠷᠢ ᠶᠢᠨ ᠲᠥᠷᠥ ᠶᠢᠨ | ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠠᠮᠢᠶ᠎ᠠ ᠪᠥᠬᠦᠶ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ | ᠡᠨᠧᠷᠭᠢ ᠠᠷᠪᠢᠯᠠᠨ ᠤᠰᠤ ᠠᠷᠪᠢᠯᠠᠬᠤ᠂ ᠣᠷᠴᠢᠨ ᠲᠣᠭᠤᠷᠢᠨ ᠢ ᠬᠠᠮᠠᠭᠠᠯᠠᠬᠤ᠂ ᠠᠶᠤᠯ ᠦᠭᠡᠶ ᠦᠢᠯᠡᠳᠪᠦᠷᠢᠯᠡᠯ ᠤᠨ | ᠲᠤᠰᠬᠠᠶ ᠬᠡᠷᠡᠭᠯᠡᠭᠡᠨ ᠤ ᠲᠥᠬᠦᠭᠡᠷᠦᠮᠵᠢ ᠶᠢᠨ ᠬᠠᠮᠢᠶ᠎ᠠ ᠪᠦᠬᠦᠢ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠮᠦᠡᠭᠬᠦᠨ ᠬᠦᠢᠯᠬᠡᠬᠡᠡ ᠤ ᠳᠡᠮᠵᠢᠯᠭᠡ ᠶᠢ ᠰᠢᠯᠢᠳᠡᠭᠵᠢᠬᠦᠯᠵᠦ᠂ ᠪᠦᠳᠦᠴᠠ ᠶᠢᠨ | ᠴᠢᠨᠡᠷᠳᠡᠢ ᠳᠥᠷᠥ ᠶᠢᠨ ᠪᠤᠳᠣᠯᠭ᠎ᠠ ᠶᠢᠨ ᠪᠠᠭᠠᠵᠢ ᠶᠢ ᠭᠡᠷᠡᠭᠯᠡᠨ᠂ ᠮᠦᠡᠭᠬᠦᠨ ᠬᠦᠢᠯᠬᠡᠬᠡᠡ ᠤ ᠪᠠᠶᠢᠭᠤᠯᠥᠮᠵᠢ ᠶᠢ ᠬᠦᠳᠦᠯᠥᠨ | ᠵᠢᠯᠥᠭᠤᠳᠴᠥ ᠪᠠᠶᠢᠭᠠᠳ ᠳᠦᠬᠦᠭᠡᠷᠦᠮᠵᠢ ᠶᠢ ᠰᠢᠨᠡᠳᠭᠡᠬᠦ᠂ ᠮᠡᠷᠭᠡᠵᠢᠯ ᠤᠨ ᠦᠭᠡᠷᠡᠴᠢᠯᠡᠯᠳᠡ᠂ ᠣᠯᠠᠮᠵᠢᠯᠠᠯᠳᠦ ᠦᠢᠯᠡᠳᠬᠦ | ᠦᠢᠯᠡᠰ ᠤᠨ ᠭᠡᠯᠪᠡᠷᠢ ᠶᠢ ᠬᠤᠪᠢᠷᠡᠭᠤᠯᠥᠨ ᠳᠡᠰ ᠳᠡᠪᠰᠢᠬᠦᠯᠬᠦ ᠳᠤ ᠮᠦᠡᠭᠬᠦᠨ ᠬᠦᠢᠯᠬᠡᠬᠡᠡ ᠤ ᠳᠡᠮᠵᠢᠯᠬᠡ ᠶᠢᠨ ᠡᠷᠴᠢᠮ ᠢ | ᠴᠢᠩᠭᠠᠳᠬᠠᠨ᠎ᠠ᠃ ᠪᠠᠩᠬᠢ ᠶᠢᠨ ᠪᠠᠶᠢᠭᠤᠯᠤᠮᠵᠢ ᠶᠢ ᠬᠦᠲᠦᠯᠦᠨ ᠵᠢᠯᠤᠭᠤᠳᠴᠤ ᠪᠠᠶᠢᠭᠠᠳ ᠵᠦᠢ ᠶᠤᠰᠤᠨ ᠤ ᠢᠲᠡᠭᠡᠮᠵᠢᠲᠦ | ᠵᠢᠭᠡᠯᠡᠯᠭᠡ᠂ ᠵᠦᠢ ᠶᠤᠰᠤᠨ ᠤ ᠵᠢᠭᠡᠯᠡᠯᠭᠡ ᠶᠢᠨ ᠲᠡᠮᠳᠡᠭᠲᠦ᠂ ᠵᠦᠢ ᠶᠤᠰᠤᠨ ᠤ ᠳᠠᠭᠠᠳᠬᠠᠯ ᠵᠡᠷᠭᠡ ᠶᠢ ᠵᠦᠢ ᠵᠣᠬᠢᠰᠲᠠᠢ | ᠨᠡᠮᠡᠭᠳᠡᠭᠦᠯᠵᠦ᠂ ᠵᠦᠢ ᠶᠤᠰᠤᠨ ᠤ ᠤᠶᠤᠨᠲᠦ ᠭᠡᠷ ᠤᠨ ᠴᠠᠬᠢᠯᠭᠠᠨ ᠬᠡᠷᠡᠭᠰᠡᠯ ᠤᠨ ᠦᠢᠯᠡᠳᠪᠦᠷᠢᠯᠡᠯ᠂ ᠦᠢᠯᠡᠴᠢᠯᠡᠭᠡ ᠪᠠ | ᠬᠡᠷᠡᠭᠯᠡᠭᠡ ᠳᠤ ᠦᠵᠡᠭᠦᠯᠬᠦ ᠮᠦᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠳᠬᠠᠨ᠎ᠠ᠃ ᠪᠠᠩᠬᠢ ᠶᠢᠨ ᠪᠠᠶᠢᠭᠤᠯᠤᠮᠵᠢ ᠶᠢᠨ | ᠬᠠᠤᠯᠢ ᠶᠣᠰᠣᠭᠠᠷ ᠲᠣᠭᠲᠠᠭᠠᠯ ᠳᠤ ᠨᠡᠶᠢᠴᠡᠬᠦ᠂ ᠲᠦᠭᠰᠢᠭᠦᠷᠢ ᠶᠢ ᠡᠵᠡᠮᠳᠡᠵᠦ ᠳᠡᠶᠢᠯᠬᠦ᠂ ᠬᠤᠳᠠᠯᠳᠤᠭ᠎ᠠ ᠶᠢ ᠦᠷᠭᠦᠯᠵᠢᠯᠡᠭᠦᠯᠬᠦ | ᠤᠷᠢᠲᠠᠯ ᠳᠣᠤᠷ᠎ᠠ᠂ ᠰᠠᠭᠤᠳᠠᠯ ᠤᠨ ᠮᠠᠰᠢᠨ ᠤ ᠵᠢᠭᠡᠯᠡᠯᠭᠡ ᠶᠢᠨ ᠠᠩᠬ᠎ᠠ ᠲᠤᠰᠢᠶᠠᠬᠤ ᠬᠠᠷᠢᠴᠠᠯ ᠢ ᠵᠣᠬᠢᠰᠲᠠᠶ | ᠪᠠᠭᠤᠷᠠᠭᠤᠯᠬᠤ ᠶᠢ ᠵᠣᠷᠢᠭᠵᠢᠭᠤᠯᠵᠤ᠂ ᠮᠠᠰᠢᠨ ᠲᠡᠷᠭᠡᠨ ᠤ ᠵᠢᠭᠡᠯᠡᠯᠭᠡ ᠶᠢᠨ ᠬᠤᠭᠤᠴᠠᠭ᠎ᠠ᠂ ᠢᠲᠡᠭᠡᠮᠵᠢᠲᠦ ᠵᠢᠭᠡᠯᠡᠯᠭᠡ ᠶᠢᠨ | ᠲᠤᠭ᠎ᠠ ᠬᠡᠮᠵᠢᠶ᠎ᠡ ᠶᠢ ᠵᠦᠢ ᠵᠣᠬᠢᠰᠲᠠᠶ ᠲᠣᠭᠲᠠᠭᠠᠬᠤ ᠬᠡᠷᠡᠭᠲᠡᠶ᠃ | ︵ᠭᠤᠷᠪᠠ︶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠤᠯᠭᠠᠭᠤᠷᠢᠯᠠᠯ ᠢ ᠴᠢᠩᠭᠠᠷᠠᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ | ᠪᠥᠬᠦ ᠬᠦᠴᠦᠨ ᠢᠶᠠᠷ ᠢᠶᠠᠨ ᠬᠡᠷᠡᠭᠵᠢᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠬᠦᠴᠦᠨ ᠯᠦᠭᠡ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠬᠠᠲᠠᠭᠤ ᠴᠢᠩᠭ᠎ᠠ ᠣᠷᠣᠭᠤᠯᠤᠨ | ᠠᠪᠴᠢᠷᠠᠬᠤ᠂ ︽ᠵᠠᠷᠯᠠᠨ ᠮᠠᠩᠯᠠᠶᠢᠯᠠᠭᠤᠯᠬᠤ︾ ︽ᠮᠣᠷᠢᠨ ᠤ ᠮᠥᠷᠦ᠋ᠢᠴᠡᠭᠡᠨ︾ ᠵᠡᠷᠭᠡ ᠴᠢᠬᠤᠯᠠ ᠶᠡᠭᠡ ᠲᠥᠷᠥᠯ ᠵᠦᠢᠯ ᠤᠨ | ᠵᠣᠬᠢᠶᠠᠨ ᠪᠠᠶᠢᠭᠤᠯᠬᠤ ᠠᠷᠭ᠎ᠠ ᠮᠠᠶ᠋ᠢᠭ ᠪᠠ ︽ᠰᠢᠨ᠎ᠡ ᠶᠢ ᠡᠭᠦᠳᠬᠦ ᠬᠤᠯᠪᠣᠭᠠᠲᠤ ᠴᠣᠭᠴᠠ︾ ᠶᠢᠨ ᠮᠡᠷᠭᠡᠵᠢᠯ ᠤᠨ ᠪᠣᠭᠤᠮᠲᠠ | ᠰᠢᠪᠲᠤᠯᠬᠤ ᠶᠢᠨ ᠬᠠᠮᠵᠢᠯᠴᠠᠬᠤ ᠲᠣᠭᠲᠠᠴᠠ ᠪᠠᠷ ᠳᠠᠮᠵᠢᠭᠤᠯᠤᠨ᠂ ᠴᠢᠬᠤᠯᠠ ᠶᠡᠭᠡ ᠮᠡᠷᠭᠡᠵᠢᠯ ᠤᠨ ᠲᠣᠨᠤᠭ | ᠲᠥᠬᠦᠭᠡᠷᠦᠮᠵᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠣᠭᠤᠮᠲᠠ ᠰᠢᠪᠲᠤᠯᠬᠤ ᠶᠢ ᠢᠳᠡᠪᠬᠢᠲᠡᠶ ᠥᠷᠨᠢᠭᠦᠯᠵᠦ᠂ | ᠴᠢᠬᠤᠯᠠ ᠶᠡᠭᠡ ᠮᠡᠷᠭᠡᠵᠢᠯ ᠤᠨ ᠲᠣᠨᠤᠭ ᠲᠥᠬᠦᠭᠡᠷᠦᠮᠵᠢ ᠶᠢᠨ ︽ᠪᠣᠭᠤᠮᠢᠯᠠᠬᠤ︾ ᠬᠦᠴᠢᠷ ᠠᠰᠠᠭᠤᠳᠠᠯ ᠢ ᠰᠢᠢᠳᠪᠦᠷᠢᠯᠡᠨ᠂ | ᠬᠤᠰᠢᠭᠤᠷᠠᠯ ᠮᠡᠷᠭᠡᠵᠢᠯ ᠤᠨ ᠰᠢᠯᠭᠠᠨ ᠪᠠᠲᠤᠯᠠᠭᠰᠠᠨ ᠵᠢᠱᠢᠶ᠎ᠡ ᠦᠵᠡᠭᠦᠯᠬᠦ ᠡᠭᠦᠷᠭᠡ ᠶᠢ ᠭᠥᠯᠢᠶᠡᠨ ᠠᠪᠴᠤ᠂ ᠰᠢᠨ᠎ᠡ ᠶᠢ | ᠡᠭᠦᠳᠦᠭᠰᠡᠨ ᠦᠷ᠎ᠡ ᠪᠦᠲᠦᠭᠡᠯ ᠳᠤ ᠦᠢᠯᠡᠴᠢᠯᠡᠭᠡ ᠪᠠ ᠠᠵᠤ ᠦᠢᠯᠡᠰ ᠢ ᠨᠡᠪᠴᠢᠭᠦᠯᠦᠨ ᠨᠠᠶᠢᠳᠠᠪᠤᠷᠢᠵᠢᠭᠤᠯᠬᠤ ᠶᠢ ᠰᠠᠶᠢᠲᠤᠷ | ᠬᠢᠨ᠎ᠠ᠃ ᠡᠯ᠎ᠡ ᠵᠦᠢᠯ ᠤᠨ ᠰᠢᠨ᠎ᠡ ᠮᠡᠷᠭᠡᠵᠢᠯ ᠤᠨ ᠥᠷᠢᠰᠥᠯᠳᠦᠭᠡᠨ ᠤ ᠪᠤᠶᠢᠵᠢᠯᠲᠠ ᠶᠢ ᠠᠬᠢᠭᠤᠯᠬᠤ ᠶᠢ ᠵᠣᠷᠢᠭᠵᠢᠭᠤᠯᠤᠨ | ᠠᠬᠢᠭᠤᠯᠵᠤ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠴᠢᠷᠮᠠᠶᠢᠨ ᠪᠣᠶ ᠪᠣᠯᠭᠠᠬᠤ ᠬᠡᠷᠡᠭᠲᠡᠶ᠃ | ︵ᠲᠦᠷᠪᠡ︶ ᠤᠬᠠᠭᠤᠯᠭ᠎ᠠ ᠶᠢ ᠴᠢᠩᠭᠠᠳᠬᠠᠵᠤ ᠠᠭᠤᠷ ᠠᠮᠢᠰᠬᠤᠯ ᠢ ᠪᠣᠶ ᠪᠣᠯᠭᠠᠨ᠎ᠠ᠃ ᠡᠯ᠎ᠡ ᠲᠣᠭᠤᠷᠢᠭ᠂ ᠡᠯ᠎ᠡ | ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠡᠷᠴᠢᠮ ᠢᠶᠠᠨ | ᠴᠢᠩᠭᠠᠷᠠᠭᠤᠯᠵᠤ᠂ ᠣᠯᠤᠭᠰᠠᠨ ᠦᠷ᠎ᠡ ᠪᠦᠲᠦᠮᠵᠢ ᠪᠣᠯᠤᠨ ᠲᠤᠷᠰᠢᠯᠭ᠎ᠠ ᠠᠷᠭ᠎ᠠ ᠬᠢᠳᠡᠯ ᠢᠶᠠᠨ ᠳ᠋ᠦᠩᠨᠡᠵᠦ᠂ ᠰᠠᠶᠢᠨ | ᠲᠤᠷᠰᠢᠯᠭ᠎ᠠ ᠠᠷᠭ᠎ᠠ ᠬᠢᠳᠡᠯ ᠢ ᠤᠬᠠᠭᠤᠯᠤᠨ ᠮᠡᠳᠡᠭᠡᠯᠡᠬᠦ ᠪᠠᠨ ᠴᠢᠩᠭᠠᠳᠬᠠᠬᠤ ᠬᠡᠷᠡᠭᠲᠡᠶ︔ ᠨᠡᠶᠢᠭᠡᠮ ᠤᠨ ᠠᠩᠬᠠᠷᠤᠯ ᠳᠤ | ᠢᠳᠡᠪᠬᠢᠲᠡᠢ ᠬᠠᠷᠢᠭᠤᠯᠲᠠ ᠥᠭᠴᠦ᠂ ᠢᠲᠡᠭᠡᠯ ᠵᠣᠷᠢᠭ ᠢ ᠲᠣᠭᠲᠠᠪᠤᠷᠢᠵᠢᠭᠤᠯᠬᠤ᠂ ᠵᠢᠱᠢᠯᠲᠡ ᠶᠢ ᠲᠣᠭᠲᠠᠪᠤᠷᠢᠵᠢᠭᠤᠯᠬᠤ᠂ | ᠪᠡᠯᠡ ᠣᠷᠣᠭᠤᠯᠤᠯᠲᠠ ᠶᠢ ᠲᠣᠭᠲᠠᠭᠤᠨ ᠪᠠᠶᠢᠯᠭᠠᠬᠤ ᠶᠢ ᠪᠡᠶᠡᠯᠡᠭᠦᠯᠬᠦ ᠬᠡᠷᠡᠭᠲᠡᠢ︔ ᠦᠵᠡᠰᠬᠦᠯᠡᠩ ᠤᠨ ᠴᠤᠭᠯᠠᠭᠠᠨ᠂ ︽ | ᠬᠡᠷᠡᠭᠯᠡᠭᠡ ᠶᠢ ᠠᠬᠢᠭᠤᠯᠬᠤ ᠣᠨ︾ ᠤ ᠠᠵᠢᠯᠯᠠᠭ᠎ᠠ ᠵᠡᠷᠭᠡ ᠲᠠᠢ ᠤᠶᠠᠯᠳᠤᠭᠤᠯᠬᠤ ᠶᠢ ᠴᠢᠬᠤᠯᠠᠴᠢᠯᠠᠵᠤ᠂ ᠰᠢᠨ᠎ᠡ | ᠵᠠᠭᠤᠴᠢᠯᠠᠭᠤᠷ᠂ ᠡᠯᠧᠺᠳ᠋ᠷᠣᠨ ᠬᠤᠳᠠᠯᠳᠤᠭᠠᠨ ᠤ ᠲᠠᠪᠴᠠᠩ ᠵᠡᠷᠭᠡ ᠠᠷᠭ᠎ᠠ ᠵᠠᠮ ᠢ ᠠᠰᠢᠭᠯᠠᠨ ᠲᠠᠨᠢᠯᠴᠠᠭᠤᠯᠤᠨ ᠤᠬᠠᠭᠤᠯᠬᠤ | ᠬᠡᠷᠡᠭᠲᠡᠶ︔ ᠡᠯ᠎ᠡ ᠲᠥᠷᠥᠯ ᠤᠨ ᠠᠴᠢᠶᠠᠯᠠᠪᠤᠷᠢ ᠶᠢᠨ ᠲᠠᠪᠴᠠᠩ ᠢ ᠭᠦᠢᠴᠡᠳ ᠠᠰᠢᠭᠯᠠᠵᠤ᠂ ᠠᠷᠭ᠎ᠠ ᠬᠡᠯᠪᠡᠷᠢ ᠶᠢᠨ ᠰᠢᠨ᠎ᠡ ᠶᠢ | ᠡᠭᠦᠳᠴᠦ᠂ ᠶᠡᠭᠡ ᠬᠡᠪᠴᠢᠶᠡᠨ ᠤ ᠲᠥᠬᠦᠭᠡᠷᠦᠮᠵᠢ ᠶᠢᠨ ᠰᠢᠨᠡᠴᠢᠯᠡᠯᠲᠡ ᠪᠠ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ | ᠰᠢᠨ᠎ᠡ ᠶᠢ ᠰᠣᠯᠢᠬᠤ ᠶᠢ ᠠᠬᠢᠭᠤᠯᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ ᠭᠡᠵᠡᠢ᠃ | | | | |