ᠷᠠᠰᠢᠵᠦ᠋ᠩ ᠵᠡᠭᠡᠯᠢ ᠭᠤᠳᠤᠮᠵᠢ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠭᠤᠷᠪᠠᠳᠤᠭᠠᠷ ᠤᠯᠠᠷᠢᠯ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/15
      7 ᠰᠠᠷ᠎ᠠ ᠶᠢᠨ 12 ᠤᠨ ᠡᠳᠦᠷ᠂ ᠷᠠᠰᠢᠵᠦ᠋ᠩ ᠵᠡᠭᠡᠯᠢ ᠭᠤᠳᠤᠮᠵᠢ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ 2024 ᠣᠨ ᠤ ᠭᠤᠷᠪᠠᠳᠤᠭᠠᠷ ᠤᠯᠠᠷᠢᠯ ᠤᠨ ᠠᠵᠢᠯ ᠤᠨ ᠬᠤᠷᠠᠯ ᠬᠤᠷᠠᠯᠳᠤᠭᠤᠯᠵᠤ᠂ ᠵᠡᠭᠡᠯᠢ ᠭᠤᠳᠤᠮᠵᠢ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠨᠡᠶᠢᠭᠡᠮ ᠲᠣᠭᠤᠷᠢᠭ ᠤᠨ ᠱᠦᠵᠢ᠂ ᠬᠡᠷᠡᠭ ᠡᠷᠬᠢᠯᠡᠬᠦ ᠭᠠᠵᠠᠷ ᠤᠨ ᠬᠤᠯᠪᠣᠭᠳᠠᠯ ᠪᠦᠬᠦᠢ ᠠᠵᠢᠯᠲᠠᠳ ᠬᠤᠷᠠᠯ ᠳᠤ ᠣᠷᠣᠯᠴᠠᠪᠠ᠃      ᠬᠤᠷᠠᠯ ᠠᠴᠠ ᠡᠯ᠎ᠡ ᠨᠡᠶᠢᠭᠡᠮ ᠲᠣᠭᠤᠷᠢᠭ ᠤᠨ ᠬᠤᠶᠠᠳᠤᠭᠠᠷ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠢ ᠰᠣᠨᠣᠰᠴᠤ᠂ ᠳᠡᠭᠡᠳᠦ ᠱᠠᠲᠤᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠵᠡᠭᠡᠯᠢ ᠭᠤᠳᠤᠮᠵᠢ ᠶᠢᠨ ᠭᠤᠷᠪᠠᠳᠤᠭᠠᠷ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠨᠢᠭᠡ ᠳᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠦᠨᠡᠨ ᠬᠦ ᠨᠠᠷᠢᠨ ᠨᠠᠶᠢᠳᠠᠪᠤᠷᠢᠵᠢᠭᠤᠯᠬᠤ ᠬᠡᠷᠡᠭᠲᠡᠢ᠃ ᠵᠡᠭᠡᠯᠢ ᠭᠤᠳᠤᠮᠵᠢ ᠶᠢᠨ ᠡᠯ᠎ᠡ ᠠᠯᠪᠠᠨ ᠭᠡᠷ᠂ ᠡᠯ᠎ᠡ ᠨᠡᠶᠢᠭᠡᠮ ᠲᠣᠭᠤᠷᠢᠭ ᠤᠨ ᠬᠢᠨ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠡᠬᠢ ᠡᠭᠦᠰᠦᠯ ᠠᠴᠠ ᠨᠢ ᠵᠠᠰᠠᠵᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠤ᠂ ︽ᠶᠠᠮᠠᠷᠪᠠ ᠠᠮᠤᠷ ᠲᠦᠪᠰᠢᠨ ᠤ ᠠᠳᠡᠯ ᠭᠠᠷᠬᠤ ᠦᠭᠡᠢ︾ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠬᠤᠶᠠᠷ ᠲᠤ᠂ ᠠᠶᠤᠯᠭᠦᠢ ᠦᠢᠯᠡᠳᠪᠦᠷᠢᠯᠡᠯ ᠤᠨ ᠭᠤᠣᠯᠳᠠᠯᠭ᠎ᠠ ᠲᠠᠢ ᠡᠭᠦᠷᠭᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠨᠡᠶᠢᠭᠡᠮ ᠤᠨ ᠶᠡᠭᠡ ᠲᠠᠯ᠎ᠠ ᠶᠢᠨ ᠠᠮᠤᠷ ᠲᠦᠪᠰᠢᠨ ᠲᠣᠭᠲᠠᠭᠤᠨ ᠢ ᠪᠠᠲᠤᠯᠠᠬᠤ ᠬᠡᠷᠡᠭᠲᠡᠢ᠃ ᠣᠶᠢᠷ᠎ᠠ ᠶᠢᠨ ᠬᠤᠭᠤᠴᠠᠭᠠᠨ ᠤ ᠤᠯᠤᠰ ᠤᠨ ᠳᠣᠲᠣᠭᠠᠳᠤ ᠶᠢᠨ ᠦᠶ᠋ᠯᠡᠳᠪᠦᠷᠢᠯᠡᠯ ᠤᠨ ᠠᠮᠤᠷ ᠲᠦᠪᠰᠢᠨ ᠤ ᠠᠳᠡᠯ ᠠᠴᠠ ᠭᠦᠨᠵᠡᠭᠡᠶ ᠰᠤᠷᠭᠠᠮᠵᠢ ᠠᠪᠴᠤ᠂ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠠᠶᠤᠯ ᠲᠦᠭᠰᠢᠭᠦᠷᠢ ᠶᠢ ᠨᠠᠷᠢᠨ ᠬᠢᠨᠠᠮᠠᠭᠠᠶ ᠰᠤᠳᠤᠯᠤᠨ ᠮᠠᠭᠠᠳᠯᠠᠵᠤ᠂ ᠬᠦᠴᠦᠨ ᠢ ᠭᠤᠤᠯᠳᠠᠯᠭ᠎ᠠ ᠲᠠᠢ ᠬᠢᠨᠠᠨ ᠬᠠᠮᠢᠶᠠᠷᠬᠤ᠂ ᠭᠤᠤᠯᠳᠠᠯᠭ᠎ᠠ ᠲᠠᠢ ᠰᠡᠷᠭᠡᠶᠢᠯᠡᠨ ᠡᠵᠡᠮᠳᠡᠬᠦ ᠶᠢ ᠨᠠᠶᠢᠳᠠᠪᠤᠷᠢᠵᠢᠭᠤᠯᠤᠨ᠂ ᠬᠦᠨᠳᠦ ᠶᠡᠭᠡ ᠠᠳᠡᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠶ ᠥᠷᠨᠢᠭᠦᠯᠵᠦ᠂ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠠᠮᠤᠷ ᠲᠦᠪᠰᠢᠨ ᠤ ᠠᠶᠤᠯ ᠲᠦᠭᠰᠢᠭᠦᠷᠢ ᠶᠢ ᠴᠢᠩᠭ᠎ᠠ ᠡᠵᠡᠮᠳᠡᠵᠦ᠂ ︽ᠥᠴᠦᠬᠡᠨ ᠴᠦ ᠠᠯᠳᠠᠰᠢ ᠭᠠᠷᠭᠠᠬᠤ ᠥᠬᠡᠶ︾ ᠨᠢᠭᠲᠠ ᠴᠢᠩᠭ᠎ᠠ ᠠᠵᠢᠯ ᠢᠶᠠᠷ ︽ᠨᠢᠭᠡ ᠶᠢ ᠠᠯᠳᠠᠪᠠᠯ ᠲᠦᠮᠡ ᠶᠢ ᠠᠯᠳᠠᠬᠤ︾ ᠬᠦᠨᠳᠦ ᠨᠣᠴᠢᠲᠠᠶ ᠦᠷ᠎ᠡ ᠳ᠋ᠦᠩ ᠢ ᠰᠡᠷᠭᠡᠶᠢᠯᠡᠬᠦ ᠬᠡᠷᠡᠭᠲᠡᠢ᠃ ᠭᠤᠷᠪᠠ ᠳᠤ᠂ ᠪᠠᠴᠢᠮ ᠪᠠᠶᠢᠳᠠᠯ ᠢ ᠠᠷᠭᠠᠴᠠᠬᠤ ᠡᠯ᠎ᠡ ᠵᠦᠢᠯ ᠤᠨ ᠪᠡᠯᠡᠳᠬᠡᠯ ᠢ ᠰᠠᠶᠢᠲᠤᠷ ᠬᠢᠵᠦ᠂ ᠠᠵᠢᠯ ᠤᠨ ᠬᠠᠷᠢᠭᠤᠴᠠᠯᠭ᠎ᠠ ᠪᠠᠨ ᠰᠠᠬᠢᠵᠤ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠡᠶᠡᠯᠡᠭᠦᠯᠬᠦ ᠬᠡᠷᠡᠭᠲᠡᠢ᠃ ᠡᠨᠡ ᠵᠢᠯ ᠮᠠᠨ ᠤ ᠣᠷᠣᠨ ᠤ ᠲᠦᠢᠯ ᠤᠨ ᠴᠠᠭ ᠠᠭᠤᠷ ᠣᠯᠠᠨ ᠭᠠᠷᠳᠠᠭ ᠪᠣᠯᠬᠤᠷ ᠡᠯ᠎ᠡ ᠲᠥᠷᠥᠯ ᠤᠨ ᠭᠠᠮᠰᠢᠭ ᠤᠨ ᠠᠳᠡᠯ ᠠᠮᠠᠷᠬᠠᠨ ᠭᠠᠷᠳᠠᠭ᠃ ᠵᠡᠭᠡᠯᠢ ᠭᠤᠳᠤᠮᠵᠢ ᠶᠢᠨ ᠬᠢᠨ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠵᠤ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠢ ᠰᠠᠶᠢᠲᠤᠷ ᠠᠳᠬᠤᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠤᠷᠢᠳᠴᠢᠯᠠᠨ ᠰᠡᠷᠭᠡᠶᠢᠯᠡᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号