ᠢᠦᠶ ᡁᠢ ᠶᠦᠩ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/7/15
      7 ᠰᠠᠷ᠎ᠠ ᠶᠢᠨ 12 ᠤᠨ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠢᠦᠶ ᡁᠢ ᠶᠦᠩ ᠪᠦᠯᠬᠦᠮ ᠳᠠᠭᠠᠭᠤᠯᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠤᠳᠤᠷᠢᠳᠤᠯᠭ᠎ᠠ ᠮᠠ ᠺᠠᠢ ᠣᠷᠣᠯᠴᠠᠪᠠ᠃      ᠢᠦᠢ ᡁᠢ ᠶᠦᠩ ᠳ᠋ᠦ᠋ ᠺᠧᠦ ᠲᠣᠰᠬᠤᠨ᠂ ᠳ᠋ᠦᠩ ᠰᠢᠩ ᠲᠣᠰᠬᠤᠨ᠂ ᠸᠠᠨ ᠮᠦ ᠲᠠᠨ ᠲᠣᠰᠬᠤᠨ ᠳᠤ ᠭᠦᠨᠵᠡᠭᠡᠶᠢᠷᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠠᠷᠢᠯᠭ᠎ᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ ᠬᠡᠯᠡᠬᠦ ᠳᠡᠭᠡᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠪᠣᠯ ᠴᠢᠬᠤᠯᠠ ᠤᠯᠤᠰ ᠲᠥᠷᠥ ᠶᠢᠨ ᠡᠭᠦᠷᠭᠡ ᠮᠥᠨ᠂ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠂ ᠪᠠᠶᠠᠨᠲᠣᠬᠤᠶ ᠪᠠᠯᠭᠠᠰᠤ᠂ ᠤᠰᠤᠨ ᠤ ᠶᠠᠪᠤᠳᠠᠯ ᠤᠨ ᠪᠦᠯᠦᠭᠯᠡᠯ ᠵᠢᠴᠢ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠠᠯ᠎ᠠ᠂ ᠬᠢᠨᠠᠨ ᠬᠠᠮᠢᠶᠠᠷᠬᠤ᠂ ᠮᠡᠷᠭᠡᠵᠢᠯ ᠤᠨ ᠵᠥᠪᠯᠡᠭᠴᠢ ᠵᠡᠷᠭᠡ ᠪᠥᠲᠥᠭᠡᠨ ᠪᠠᠶᠢᠭᠤᠯᠤᠯᠲᠠ ᠳᠤ ᠣᠷᠣᠯᠴᠠᠭᠰᠠᠨ ᠡᠯ᠎ᠡ ᠲᠠᠯ᠎ᠠ ᠶᠢᠨ ᠬᠢᠨ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠮᠲᠤ ᠪᠠᠷ ᠠᠷᠭ᠎ᠠ ᠪᠤᠳᠤᠵᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠠᠬᠢ ᠠᠰᠠᠭᠤᠳᠠᠯ ᠢ ᠬᠠᠮᠵᠢᠯᠴᠠᠨ ᠰᠢᠢᠳᠪᠦᠷᠢᠯᠡᠵᠦ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ ᠳᠠᠭᠠᠵᠤ᠂ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠴᠢᠩᠳᠠᠯᠠᠵᠤ᠂ ᠪᠠᠷᠢᠯᠭ᠎ᠠ ᠶᠢᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠪᠠᠯᠠ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠴᠢᠩᠳᠠᠯᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠬᠤ ᠬᠡᠷᠡᠭᠲᠡᠶ ᠭᠡᠵᠡᠶ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠲᠠᠷᠢᠶᠠᠴᠢᠳ ᠤᠨ ᠦᠢᠯᠡᠳᠪᠦᠷᠢᠯᠡᠯ ᠠᠮᠢᠳᠤᠷᠠᠯ ᠤᠨ ᠬᠠᠷᠰᠢᠯᠠᠯ ᠢ ᠪᠠᠭᠠᠰᠬᠠᠵᠤ᠂ ᠡᠨᠡᠬᠦ ᠠᠷᠠᠳ ᠤᠨ ᠠᠮᠢᠳᠤᠷᠠᠯ ᠤᠨ ᠢᠨᠵᠧᠨᠧᠷᠢᠩ ᠢ ᠰᠠᠶᠢᠲᠤᠷ ᠬᠢᠵᠦ ᠪᠣᠳᠠᠲᠠᠢ ᠬᠢᠬᠦ ᠬᠡᠷᠡᠭᠲᠡᠢ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号