ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠵᠠᠰᠠᠭ ᠤᠨ ᠣᠷᠳᠣᠨ ᠤ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠬᠤᠯᠪᠣᠭᠳᠠᠯ ᠪᠦᠬᠦᠢ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠡ ᠳᠤ᠄ | ︽ᠦᠬᠠᠶ ᠬᠤᠲᠠ ᠶᠢᠨ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯ ᠢ | ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠬᠤ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠲᠥᠰᠦᠯ︾ ᠢ | ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ | ᠨᠠᠶᠢᠳᠠᠪᠤᠷᠢᠵᠢᠭᠤᠯᠲᠤᠭᠠᠶ᠃ | 2024 ᠣᠨ ᠤ 6 ᠰᠠᠷ᠎ᠠ ᠶᠢᠨ 8 ᠤ ᠡᠳᠦᠷ | ᠦᠬᠠᠶ ᠬᠤᠲᠠ ᠶᠢᠨ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯ ᠤᠨ | ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠲᠥᠰᠦᠯ | ᠤᠯᠤᠰ᠂ ᠥᠪᠡᠷᠲᠡᠭᠡᠨ ᠵᠠᠰᠠᠬᠤ ᠣᠷᠣᠨ ᠤ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ | ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠬᠤ ᠠᠵᠢᠯ ᠤᠨ ᠪᠠᠶᠢᠷᠢᠯᠠᠭᠤᠯᠤᠯᠲᠠ ᠶᠢ | ᠬᠢᠨᠠᠮᠠᠭᠠᠶ ᠲᠤᠤᠱᠯᠠᠭᠤᠯᠬᠤ ᠶᠢᠨ ᠲᠥᠯᠥᠭᠡ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ | ᠳᠥᠯᠭᠢᠨ ᠠᠬᠢᠭᠤᠯᠬᠤ ᠶᠢᠨ ᠲᠥᠯᠥᠭᠡ᠂ ᠦᠬᠠᠶ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ | ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ ᠪᠣᠯᠤᠨ ᠭᠤᠤᠯ ᠬᠠᠷᠠᠯᠲᠠ | ︵ᠨᠢᠭᠡ︶ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠤᠱᠯᠠᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠣᠯᠤᠨ ᠲᠥᠪ ᠤᠨ ᠡᠳ᠋ ᠤᠨ | ᠵᠠᠰᠠᠭ ᠠᠵᠤ ᠠᠬᠤᠢ ᠶᠢᠨ ᠵᠥᠪᠯᠡᠯ ᠤᠨ ᠳᠥᠷᠪᠡᠳᠦᠭᠡᠷ ᠤᠳᠠᠭ᠎ᠠ ᠶᠢᠨ ᠬᠤᠷᠠᠯ ᠤᠨ ᠪᠠᠶᠢᠷᠢᠯᠠᠭᠤᠯᠤᠯᠲᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠪᠠᠬᠢ ᠪᠤᠢ ᠪᠣᠯᠭᠠᠬᠤ ᠠᠵᠢᠯ ᠤᠨ ᠭᠤᠣᠯ ᠰᠢᠵᠢᠮ ᠢ ᠪᠠᠲᠤ ᠡᠵᠡᠮᠳᠡᠵᠦ᠂ ᠳᠣᠲᠣᠭᠠᠳᠤ ᠬᠡᠷᠡᠭᠴᠡᠭᠡ ᠶᠢ | ᠥᠷᠭᠡᠳᠬᠡᠬᠦ ᠪᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ | ᠪᠠᠷᠢᠮᠲᠠᠯᠠᠵᠤ᠂ ᠵᠠᠬ᠎ᠠ ᠳᠡᠯᠭᠡᠭᠦᠷ ᠢᠶᠠᠷ ᠭᠤᠣᠯ ᠪᠣᠯᠭᠠᠵᠤ᠂ ᠲᠡᠷᠢᠭᠦᠨ ᠤ ᠬᠢ ᠶᠢ ᠵᠣᠷᠢᠭᠵᠢᠭᠤᠯᠵᠤ᠂ | ᠬᠤᠴᠣᠷᠤᠩᠭᠤᠢ ᠶᠢ ᠰᠢᠭᠰᠢᠭᠳᠡᠭᠦᠯᠵᠦ᠂ ᠪᠠᠷᠢᠮᠵᠢᠶ᠎ᠠ ᠪᠠᠷ ᠬᠦᠳᠦᠯᠦᠨ ᠳᠠᠭᠠᠭᠤᠯᠵᠤ᠂ ᠡᠮᠬᠢ ᠵᠢᠷᠤᠮ ᠲᠠᠢ | ᠳᠡᠭᠡᠭᠰᠢᠯᠡᠭᠦᠯᠵᠦ᠂ ᠠᠵᠤ ᠦᠢᠯᠡᠳᠪᠦᠷᠢ᠂ ᠬᠥᠳᠡᠭᠡ ᠠᠵᠤ ᠠᠬᠤᠢ᠂ ᠪᠠᠷᠢᠯᠭ᠎ᠠ᠂ ᠵᠠᠮ ᠬᠠᠷᠢᠯᠴᠠᠭ᠎ᠠ᠂ ᠰᠤᠷᠭᠠᠨ | ᠬᠥᠮᠦᠵᠢᠯ᠂ ᠰᠣᠶᠣᠯ ᠵᠤᠭᠠᠴᠠᠯ᠂ ᠡᠮ ᠡᠮᠨᠡᠯᠭᠡ ᠵᠡᠷᠭᠡ ᠲᠤᠯᠤᠭᠠᠨ ᠶᠡᠭᠡ ᠬᠦᠷᠢᠶᠡᠨ ᠤ ᠲᠥᠬᠦᠭᠡᠷᠦᠮᠵᠢ ᠶᠢ | ᠰᠢᠨᠡᠴᠢᠯᠡᠬᠦ ᠪᠠᠷ ᠭᠤᠣᠯᠳᠠᠯᠭ᠎ᠠ ᠪᠣᠯᠭᠠᠵᠤ᠂ ᠲᠥᠬᠦᠭᠡᠷᠦᠮᠵᠢ ᠶᠢ ᠰᠢᠨᠡᠳᠬᠡᠬᠦ᠂ ᠬᠡᠷᠡᠭᠯᠡᠭᠡᠨ ᠤ ᠵᠦᠢᠯᠡᠰ ᠢ | ᠬᠠᠭᠤᠴᠢᠨ ᠢᠶᠠᠷ ᠰᠢᠨ᠎ᠡ ᠶᠢ ᠰᠣᠯᠢᠬᠤ᠂ ᠡᠭᠡᠭᠦᠯᠦᠨ ᠬᠤᠷᠢᠶᠠᠵᠤ ᠠᠰᠢᠭᠯᠠᠬᠤ᠂ ᠪᠠᠷᠢᠮᠵᠢᠶ᠎ᠠ ᠶᠢ ᠳᠡᠭᠡᠭᠰᠢᠯᠡᠭᠦᠯᠬᠦ ᠵᠡᠷᠭᠡ | ᠲᠦᠷᠪᠡᠨ ᠶᠡᠭᠡ ᠠᠵᠢᠯᠯᠠᠭ᠎ᠠ ᠶᠢ ᠬᠡᠷᠡᠭᠵᠢᠭᠦᠯᠵᠦ᠂ ᠲᠡᠷᠢᠭᠦᠨ ᠤ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠬᠦ ᠶᠢ | ᠶᠡᠬᠡᠪᠡᠷ ᠠᠬᠢᠭᠤᠯᠵᠤ᠂ ᠴᠢᠨᠠᠷ ᠰᠠᠶᠢᠲᠠᠢ ᠪᠥᠬᠡᠯᠢᠭ ᠬᠡᠷᠡᠭᠯᠡᠭᠡᠨ ᠤ ᠡᠳ᠋ ᠢ ᠰᠠᠭᠤᠭᠠᠯᠢ ᠠᠷᠠᠳ ᠤᠨ ᠠᠮᠢᠳᠤᠷᠠᠯ ᠳᠤ | ᠨᠡᠩ ᠤᠯᠠᠨ ᠣᠷᠣᠭᠤᠯᠬᠤ ᠶᠢ ᠠᠬᠢᠭᠤᠯᠵᠤ᠂ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠬᠡᠯᠬᠢᠶ᠎ᠡ ᠶᠢ | ᠰᠢᠯᠤᠭᠤᠳᠬᠠᠵᠤ᠂ ᠤᠯᠤᠰ ᠠᠷᠠᠳ ᠤᠨ ᠠᠵᠤ ᠠᠬᠤᠢ ᠶᠢᠨ ᠡᠷᠬᠢᠯᠳᠡᠳᠦ ᠶᠠᠰᠤ ᠴᠢᠨᠠᠷ ᠪᠣᠯᠤᠨ ᠲᠦᠪᠰᠢᠨ ᠢ ᠶᠡᠬᠡᠪᠡᠷ | ᠳᠡᠭᠡᠭᠰᠢᠯᠡᠭᠦᠯᠵᠦ᠂ ᠦᠬᠠᠢ ᠶᠢᠨ ᠣᠨᠴᠠᠯᠢᠭ ᠲᠠᠢ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ | ᠲᠦᠷᠭᠡᠨ ᠪᠤᠶᠢᠵᠢᠭᠤᠯᠤᠨ ᠬᠥᠭᠵᠢᠭᠦᠯᠬᠦ ᠳᠤ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠢ᠃ | ︵ᠬᠤᠶᠠᠷ︶ ᠭᠤᠣᠯ ᠬᠠᠷᠠᠯᠲᠠ | 2027 ᠤᠨ ᠪᠣᠯᠬᠤ ᠳᠤ᠂ ᠪᠦᠬᠦ ᠬᠤᠲᠠ ᠶᠢᠨ ᠠᠵᠤ ᠦᠢᠯᠡᠳᠪᠦᠷᠢ ᠶᠢᠨ ᠬᠦᠷᠢᠶ᠎ᠡ ᠬᠡᠪᠴᠢᠶᠡᠨ ᠤ | ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ 2023 ᠣᠨ ᠤ ᠬᠢ ᠠᠴᠠ 50% ᠠᠴᠠ ᠳᠡᠭᠡᠭᠰᠢ | ᠨᠡᠮᠡᠭᠳᠡᠵᠦ᠂ ᠪᠠᠷᠢᠯᠭ᠎ᠠ᠂ ᠵᠠᠮ ᠬᠠᠷᠢᠯᠴᠠᠭ᠎ᠠ᠂ ᠰᠤᠷᠭᠠᠨ ᠬᠥᠮᠦᠵᠢᠯ᠂ ᠰᠣᠶᠣᠯ ᠵᠢᠭᠤᠯᠴᠢᠯᠠᠯ᠂ ᠡᠮᠴᠢᠯᠡᠭᠡ ᠵᠡᠷᠭᠡ | ᠬᠦᠷᠢᠶ᠎ᠡ ᠬᠡᠪᠴᠢᠶᠡᠨ ᠤ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ 2023 ᠣᠨ ᠲᠠᠢ | ᠬᠠᠷᠢᠴᠠᠭᠤᠯᠪᠠᠯ 25% ᠠᠴᠠ ᠳᠡᠭᠡᠭᠰᠢ ᠨᠡᠮᠡᠭᠳᠡᠨ᠎ᠡ︔ ᠭᠤᠤᠯᠳᠠᠯᠭ᠎ᠠ ᠲᠠᠢ ᠠᠵᠢᠯ ᠲᠥᠷᠥᠯ ᠤᠨ ᠡᠨᠧᠷᠭᠢ ᠬᠡᠷᠡᠭᠯᠡᠬᠦ | ᠲᠥᠬᠦᠭᠡᠷᠦᠮᠵᠢ ᠶᠢᠨ ᠡᠨᠧᠷᠭᠢ ᠶᠢᠨ ᠠᠰᠢᠭᠯᠠᠮᠵᠢ ᠶᠢ ᠦᠨᠳᠦᠰᠦᠨ ᠳᠡᠭᠡᠨ ᠡᠨᠧᠷᠭᠢ ᠠᠷᠪᠢᠯᠠᠬᠤ ᠬᠢᠷᠢ ᠲᠦᠪᠰᠢᠨ ᠳᠤ | ᠬᠦᠷᠦᠭᠦᠯᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠮᠵᠢᠯᠲᠠ ᠪᠦᠲᠦᠮᠵᠢ ᠶᠢ A ᠲᠡᠰ ᠤᠨ ᠬᠢᠷᠢ | ᠬᠡᠮᠵᠢᠶ᠎ᠡ ᠳᠤ ᠬᠦᠷᠦᠭᠰᠡᠨ ᠦᠢᠯᠡᠳᠪᠦᠷᠢᠯᠡᠬᠦ ᠴᠢᠳᠠᠪᠤᠷᠢ ᠶᠢᠨ ᠬᠠᠷᠢᠴᠠᠯ ᠢ ᠶᠡᠬᠡᠪᠡᠷ ᠳᠡᠭᠡᠭᠰᠢᠯᠡᠭᠦᠯᠵᠦ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠣᠭᠠᠴᠢᠯᠠᠭᠰᠠᠨ ᠰᠤᠳᠤᠯᠤᠨ | ᠨᠡᠭᠡᠭᠡᠬᠦ ᠵᠢᠷᠤᠵᠤ ᠲᠥᠯᠥᠪᠯᠡᠬᠦ ᠪᠠᠭᠠᠵᠢ ᠶᠢᠨ ᠲᠦᠭᠡᠮᠡᠯᠵᠢᠯᠲᠡ ᠶᠢᠨ ᠨᠣᠷᠮ᠎ᠠ᠂ ᠵᠠᠩᠭᠢᠯᠠᠭ᠎ᠠ ᠶᠢᠨ ᠠᠵᠢᠯ ᠤᠨ | ᠳᠠᠷᠠᠭᠠᠯᠠᠯ ᠤᠨ ᠡᠵᠡᠮᠰᠢᠯ ᠤᠨ ᠨᠣᠷᠮ᠎ᠠ ᠶᠢ ᠲᠣᠰ ᠲᠣᠰ 90%᠂ 75% ᠠᠴᠠ ᠳᠠᠪᠠᠭᠤᠯᠤᠨ᠎ᠠ︔ ᠬᠠᠶᠠᠭᠳᠠᠮᠠᠯ | ᠮᠠᠰᠢᠨ ᠲᠡᠷᠭᠡᠨ ᠤ ᠡᠭᠡᠭᠦᠯᠦᠨ ᠬᠤᠷᠢᠶᠠᠬᠤ ᠬᠡᠮᠵᠢᠶ᠎ᠡ ᠶᠢ 2023 ᠣᠨ ᠲᠠᠢ ᠬᠠᠷᠢᠴᠠᠭᠤᠯᠪᠠᠯ ᠪᠠᠷᠤᠭ ᠨᠢᠭᠡ ᠳᠠᠬᠢᠨ | ᠨᠡᠮᠡᠭᠳᠡᠭᠦᠯᠵᠦ᠂ ᠭᠠᠷ ᠳᠠᠮᠵᠢᠭᠰᠠᠨ ᠮᠠᠰᠢᠨ ᠲᠡᠷᠭᠡᠨ ᠤ ᠠᠷᠠᠯᠵᠢᠶᠠᠨ ᠤ ᠬᠡᠮᠵᠢᠶ᠎ᠡ ᠶᠢ 2023 ᠣᠨ ᠲᠠᠢ | ᠬᠠᠷᠢᠴᠠᠭᠤᠯᠪᠠᠯ 45% ᠪᠠᠷ ᠨᠡᠮᠡᠭᠳᠡᠭᠦᠯᠵᠦ᠂ ᠡᠬᠢ ᠪᠠᠶᠠᠯᠢᠭ ᠤᠨ ᠬᠠᠩᠭᠠᠯᠭ᠎ᠠ ᠳᠠᠬᠢ ᠳᠠᠬᠢᠯᠲᠠ ᠮᠠᠲ᠋ᠧᠷᠢᠶᠠᠯ ᠤᠨ | ᠡᠵᠡᠯᠡᠬᠦ ᠬᠠᠷᠢᠴᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ᠬᠤᠶᠠᠷ᠂ ᠭᠤᠣᠯᠳᠠᠯᠭ᠎ᠠ ᠲᠠᠢ ᠡᠭᠦᠷᠭᠡ | ︵ᠨᠢᠭᠡ︶ ᠲᠥᠬᠦᠭᠡᠷᠦᠮᠵᠢ ᠶᠢ ᠰᠢᠨᠡᠳᠬᠡᠬᠦ ᠠᠵᠢᠯᠯᠠᠭ᠎ᠠ ᠬᠢᠨ᠎ᠡ | 1. ᠭᠤᠤᠯᠳᠠᠯᠭ᠎ᠠ ᠲᠠᠢ ᠠᠵᠢᠯ ᠲᠥᠷᠥᠯ ᠤᠨ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠶᠢ ᠲᠦᠯᠬᠢᠨ | ᠠᠬᠢᠭᠤᠯᠤᠨ᠎ᠠ᠃ ᠠᠵᠤ ᠦᠢᠯᠡᠳᠪᠦᠷᠢ ᠶᠢᠨ ᠬᠦᠷᠢᠶ᠎ᠡ ᠴᠠᠷᠠᠭ᠎ᠠ ᠶᠢᠨ ᠭᠤᠤᠯᠳᠠᠯᠭ᠎ᠠ ᠲᠠᠢ ᠠᠵᠢᠯ ᠲᠥᠷᠥᠯ ᠤᠨ | ᠲᠥᠬᠦᠭᠡᠷᠦᠮᠵᠢ ︵ᠨᠡᠭᠦᠷᠡᠰᠦᠨ ᠠᠭᠤᠷᠬᠠᠶ᠂ ᠨᠡᠭᠦᠷᠡᠰᠦᠨ ᠠᠭᠤᠷᠬᠠᠶ ᠶᠢᠨ ᠪᠤᠰᠤ ᠲᠥᠬᠦᠭᠡᠷᠦᠮᠵᠢ ᠵᠢᠴᠢ ᠴᠠᠬᠢᠯᠭᠠᠨ | ᠬᠦᠴᠦᠨ ᠤ ᠴᠠᠬᠢᠯᠭᠠᠨ ᠤ ᠲᠣᠤᠷ ᠤᠨ ᠲᠥᠬᠦᠭᠡᠷᠦᠮᠵᠢ ᠪᠠᠭᠲᠠᠨ᠎ᠠ︶ ᠶᠢᠨ ᠰᠢᠨᠡᠳᠬᠡᠨ ᠥᠭᠡᠷᠡᠴᠢᠯᠡᠬᠦ ᠲᠤᠰᠬᠠᠶ | ᠵᠦᠢᠯ ᠤᠨ ᠲᠥᠰᠦᠯ ᠢ ᠲᠣᠭᠲᠠᠭᠠᠨ᠎ᠠ᠃ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠲᠣᠭᠤᠷᠢᠨ ᠳᠤ᠂ | ᠲᠥᠬᠦᠭᠡᠷᠦᠮᠵᠢ ᠶᠢᠨ ᠳᠡᠭᠡᠳᠦ ᠲᠠᠰ ᠤᠨ ᠳᠡᠭᠡᠭᠰᠢᠯᠡᠯᠲᠡ᠂ ᠣᠶᠤᠨᠴᠢᠯᠠᠭᠰᠠᠨ ᠥᠭᠡᠷᠡᠴᠢᠯᠡᠯᠲᠡ ᠪᠠᠷ ᠡᠨᠧᠷᠭᠢ ᠶᠢ | ᠳᠡᠭᠡᠭᠰᠢᠯᠡᠭᠦᠯᠬᠦ᠂ ᠪᠣᠬᠢᠷᠲᠤᠯ ᠥᠬᠡᠶ ᠲᠡᠶᠢᠰᠢ ᠬᠡᠯᠪᠡᠷᠢ ᠪᠠᠨ ᠬᠤᠪᠢᠷᠠᠭᠤᠯᠤᠨ ᠪᠠᠷᠢᠮᠵᠢᠶ᠎ᠠ ᠶᠢ ᠳᠡᠭᠡᠭᠰᠢᠯᠡᠭᠦᠯᠬᠦ ᠪᠠᠷ | ᠭᠤᠤᠯᠳᠠᠯᠭ᠎ᠠ ᠲᠠᠢ ᠴᠢᠭᠯᠡᠯ ᠪᠣᠯᠭᠠᠵᠤ᠂ ᠪᠣᠯᠣᠳ ᠲᠡᠮᠦᠷ᠂ ᠴᠢᠯᠠᠭᠤᠨ ᠲᠣᠰᠣ ᠬᠢᠮᠢ᠂ ᠬᠢᠮᠢ ᠶᠢᠨ ᠠᠵᠤ ᠦᠢᠯᠡᠳᠪᠦᠷᠢ᠂ | ᠪᠠᠷᠢᠯᠭ᠎ᠠ ᠶᠢᠨ ᠮᠠᠲ᠋ᠧᠷᠢᠶᠠᠯ᠂ ᠴᠠᠬᠢᠯᠭᠠᠨ ᠬᠦᠴᠦ᠂ ᠮᠠᠰᠢᠨ ᠮᠧᠬᠠᠨᠢᠭ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠳᠤ | ᠠᠩᠬᠠᠷᠤᠯ ᠢᠶᠠᠨ ᠲᠥᠪᠯᠡᠷᠡᠭᠦᠯᠵᠦ᠂ ᠪᠠᠷᠢᠮᠵᠢᠶᠠᠯᠠᠨ ᠬᠠᠷᠭᠤᠭᠤᠯᠬᠤ ᠠᠵᠢᠯ ᠲᠥᠷᠥᠯ ᠤᠨ ᠪᠠᠷᠢᠮᠵᠢᠶ᠎ᠠ ᠪᠠᠷ ᠠᠵᠤ | ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠬᠤ᠂ | ︽ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠲᠥᠬᠦᠭᠡᠷᠦᠮᠵᠢ ᠶᠢ ᠰᠢᠨᠡᠳᠬᠡᠬᠦ ᠪᠠ | ᠮᠡᠷᠭᠡᠵᠢᠯ ᠤᠨ ᠥᠭᠡᠷᠡᠴᠢᠯᠡᠯᠲᠡ ᠶᠢ ᠥᠷᠨᠢᠭᠦᠯᠦᠨ᠎ᠡ᠃ 2027 ᠤᠨ ᠪᠣᠯᠬᠤ ᠳᠤ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠣᠭᠠᠵᠢᠭᠤᠯᠤᠭᠰᠠᠨ ᠥᠭᠡᠷᠡᠴᠢᠯᠡᠯᠲᠡ ᠶᠢ ᠪᠦᠷᠢᠨ ᠪᠦᠷᠬᠦᠭᠦᠯᠬᠦ ᠶᠢ | ᠪᠡᠶᠡᠯᠡᠭᠦᠯᠬᠦ ᠶᠢᠨ ᠬᠠᠮᠲᠤ ᠳᠤᠮᠳᠠ ᠵᠢᠵᠢᠭ ᠠᠵᠤ ᠠᠬᠤᠶᠢᠯᠠᠯ ᠲᠡᠶᠢᠰᠢ ᠤᠷᠲᠤᠳᠬᠠᠬᠤ ᠪᠠᠷ ᠴᠢᠷᠮᠠᠶᠢᠨ᠎ᠠ᠃ ᠰᠢᠨ᠎ᠡ ᠪᠠᠷ | ᠨᠡᠮᠡᠭᠳᠡᠭᠰᠡᠨ ᠤᠶᠤᠨᠴᠢᠯᠠᠨ ᠦᠶ᠋ᠯᠡᠳᠬᠦ ᠦᠢᠯᠡᠳᠪᠦᠷᠢ ᠶᠢᠨ ᠲᠠᠰᠤᠭ ᠪᠠ ᠦᠢᠯᠡᠳᠪᠦᠷᠢ ᠨᠢ ᠲᠣᠰ ᠲᠣᠰ 3 ᠪᠠ | 6 ᠠᠴᠠ ᠳᠡᠭᠡᠭᠰᠢ ᠳᠤ ᠬᠦᠷᠪᠡ᠃ ᠡᠯ᠎ᠡ ᠠᠵᠢᠯ ᠲᠥᠷᠥᠯ ᠤᠨ ᠰᠢᠨᠡᠴᠢᠯᠡᠵᠦ ᠥᠭᠡᠷᠡᠴᠢᠯᠡᠬᠦ ᠶᠢᠨ ᠰᠢᠭᠤᠳ ᠦᠷ᠎ᠡ | ᠠᠰᠢᠭ ᠪᠠ ᠳᠠᠶᠢᠴᠢᠯᠠᠬᠤ ᠦᠢᠯᠡᠳᠦᠯ ᠢ ᠵᠠᠳᠠᠯᠤᠨ ᠦᠨᠡᠯᠡᠬᠦ ᠠᠵᠢᠯ ᠢ ᠰᠦᠪᠡᠭᠴᠢᠯᠡᠨ ᠥᠷᠨᠢᠭᠦᠯᠦᠨ᠎ᠡ᠃ ᠡᠨᠧᠷᠭᠢ ᠶᠢᠨ | ᠬᠤᠷᠣᠭᠳᠠᠭᠤᠯᠬᠤ᠂ ᠭᠠᠳᠠᠭᠰᠢᠯᠠᠭᠤᠯᠬᠤ᠂ ᠠᠮᠤᠷ ᠲᠦᠪᠰᠢᠨ ᠵᠡᠷᠭᠡ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠪᠠ | ᠲᠥᠬᠦᠭᠡᠷᠦᠮᠵᠢ ᠶᠢ ᠰᠢᠭᠰᠢᠭᠳᠡᠭᠦᠯᠬᠦ ᠭᠠᠷᠴᠠᠭ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠬᠤᠴᠣᠷᠤᠩᠭᠤᠶ ᠦᠷ᠎ᠡ ᠠᠰᠢᠭ ᠢᠶᠠᠷ ᠳᠣᠤᠷ᠎ᠠ ᠲᠥᠬᠦᠭᠡᠷᠦᠮᠵᠢ᠂ ᠠᠯᠪᠠ ᠬᠠᠭᠠᠬᠤ ᠬᠠᠭᠤᠴᠢᠨ ᠲᠥᠬᠦᠭᠡᠷᠦᠮᠵᠢ᠂ | ᠡᠨᠧᠷᠭᠢ ᠶᠢᠨ ᠬᠤᠷᠣᠭᠳᠠᠯ ᠶᠡᠬᠡᠲᠡᠶ ᠭᠠᠳᠠᠭᠰᠢᠯᠠᠭᠤᠯᠤᠯᠲᠠ ᠶᠡᠬᠡᠲᠡᠶ ᠲᠥᠬᠦᠭᠡᠷᠦᠮᠵᠢ᠂ ᠠᠮᠤᠷ ᠲᠦᠪᠰᠢᠨ ᠤ ᠳᠠᠯᠳᠠ | ᠬᠡᠮ ᠲᠠᠢ ᠲᠥᠬᠦᠭᠡᠷᠦᠮᠵᠢ ᠶᠢ ᠲᠦᠷᠭᠡᠳᠬᠡᠨ ᠰᠢᠭᠰᠢᠭᠳᠡᠭᠦᠯᠵᠦ᠂ ᠲᠡᠷᠢᠭᠦᠨ ᠤ ᠲᠥᠬᠦᠭᠡᠷᠦᠮᠵᠢ᠂ ᠣᠶᠤᠨᠴᠢ ᠲᠣᠨᠤᠭ | ᠲᠥᠬᠦᠭᠡᠷᠦᠮᠵᠢ᠂ ᠪᠣᠬᠢᠷᠲᠤᠯ ᠥᠬᠡᠶ ᠲᠣᠨᠤᠭ ᠲᠥᠬᠦᠭᠡᠷᠦᠮᠵᠢ ᠶᠢ ᠬᠡᠷᠡᠭᠯᠡᠬᠦ ᠶᠢ ᠠᠬᠢᠭᠤᠯᠤᠨ᠎ᠠ᠃ ᠲᠥᠬᠦᠭᠡᠷᠦᠮᠵᠢ ᠶᠢᠨ | ᠰᠢᠨᠡᠴᠢᠯᠡᠯᠲᠡ ᠪᠠᠷ ᠠᠵᠤ ᠦᠢᠯᠡᠰ ᠪᠣᠯᠤᠨ ᠬᠦᠷᠢᠶᠡᠯᠡᠩ ᠲᠣᠭᠤᠷᠢᠭ ᠤᠨ ᠳᠡᠭᠡᠳᠦ ᠲᠡᠰᠵᠢᠯᠲᠡ᠂ ᠤᠶᠤᠨᠴᠢᠯᠠᠯᠲᠠ᠂ | ᠪᠣᠬᠢᠷᠲᠤᠯ ᠦᠭᠡᠢ ᠲᠡᠰ ᠳᠡᠪᠰᠢᠬᠦ ᠶᠢ ᠳᠠᠶᠢᠴᠢᠯᠠᠵᠤ᠂ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ᠂ ᠵᠠᠬ᠎ᠠ | ᠳᠡᠯᠭᠡᠭᠦᠷ ᠤᠨ ᠠᠵᠠ ᠲᠣᠬᠢᠶᠠᠯ ᠢ ᠠᠮᠵᠢᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠡᠭᠦᠷᠡᠰᠦᠨ | ᠠᠭᠤᠷᠬᠠᠢ ᠶᠢᠨ ᠲᠥᠬᠦᠭᠡᠷᠦᠮᠵᠢ᠂ ᠴᠠᠬᠢᠯᠭᠠᠨ ᠬᠦᠴᠦᠨ ᠤ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠶᠢ | ᠠᠬᠢᠭᠤᠯᠪᠠ᠃ 2027 ᠤᠨ ᠪᠣᠯᠬᠤ ᠳᠤ᠂ ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ︽ᠭᠤᠷᠪᠠ ᠶᠢ | ᠥᠭᠡᠷᠡᠴᠢᠯᠡᠵᠦ ᠬᠤᠯᠪᠣᠭᠠᠯᠠᠨ ᠬᠥᠳᠡᠯᠦᠯᠴᠡᠬᠦ︾ ᠶᠢ 106 ᠲᠦᠮᠡᠨ ᠺᠢᠯᠣᠸᠠᠲ ᠴᠢᠷᠮᠠᠶᠢᠨ ᠪᠡᠶᠡᠯᠡᠭᠦᠯᠵᠦ᠂ | ᠨᠡᠭᠦᠷᠡᠰᠦ ᠴᠠᠬᠢᠯᠭᠠᠨ ᠤ ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠶᠢ 30 ᠲᠦᠮᠡᠨ ᠺᠢᠯᠣᠸᠠᠲ | ᠰᠢᠭᠰᠢᠭᠳᠡᠭᠦᠯᠦᠨ᠎ᠡ᠃ ᠤᠯᠠᠮᠵᠢᠯᠠᠯᠲᠤ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠳᠡᠰ ᠳᠡᠪᠰᠢᠬᠦ | ᠥᠭᠡᠷᠡᠴᠢᠯᠡᠯᠲᠡ ᠶᠢ ᠲᠦᠷᠭᠡᠳᠬᠡᠵᠦ᠂ ᠬᠡᠤᠷᠰᠢᠭᠦᠯᠬᠦ ᠠᠵᠢᠯ ᠲᠥᠷᠥᠯ ᠤᠨ ᠬᠠᠮᠢᠶ᠎ᠠ ᠪᠦᠬᠦᠢ ᠲᠥᠬᠦᠭᠡᠷᠦᠮᠵᠢ᠂ | BDO ᠶᠢ ᠨᠢᠭᠡ ᠴᠣᠭᠴᠠᠵᠢᠭᠤᠯᠤᠭᠰᠠᠨ ᠦᠢᠯᠡᠳᠪᠦᠷᠢᠯᠡᠯ ᠤᠨ ᠲᠥᠬᠦᠭᠡᠷᠦᠮᠵᠢ ᠶᠢᠨ ᠰᠢᠨᠡᠴᠢᠯᠡᠯᠲᠡ ᠶᠢ | ᠠᠬᠢᠭᠤᠯᠤᠨ᠎ᠠ︔ ᠲᠣᠨᠣᠭᠯᠠᠯ ᠦᠢᠯᠡᠳᠬᠦ ᠦᠢᠯᠡᠰ᠂ ᠮᠠᠰᠢᠨ ᠲᠡᠷᠭᠡ ᠶᠢ ᠵᠠᠳᠠᠯᠤᠨ ᠪᠣᠯᠪᠠᠰᠤᠷᠠᠭᠤᠯᠵᠤ ᠠᠰᠢᠭᠯᠠᠬᠤ | ᠠᠵᠢᠯ ᠲᠥᠷᠥᠯ ᠤᠨ ᠲᠥᠬᠦᠭᠡᠷᠦᠮᠵᠢ ᠪᠠᠨ ᠰᠢᠨᠡᠳᠬᠡᠨ ᠥᠭᠡᠷᠡᠴᠢᠯᠡᠬᠦ ᠳᠤᠮᠳᠠ ᠲᠦᠷᠭᠡᠨ ᠬᠥᠭᠵᠢᠬᠦ ᠶᠢ ᠳᠡᠮᠵᠢᠨ᠎ᠡ︔ | ᠠᠩᠬᠠᠨ ᠤ ᠢᠵᠢ ᠭᠡᠷ ᠪᠠᠶᠢᠰᠢᠩ᠂ ᠳᠠᠯᠳᠠ ᠮᠠᠩᠯᠠᠶᠢᠯᠠᠭᠰᠠᠨ᠂ ᠲᠤᠰᠬᠠᠢ ᠨᠠᠷᠢᠯᠢᠭ ᠣᠨᠴᠠ ᠰᠢᠨ᠎ᠡ ᠠᠵᠤ ᠠᠬᠤᠶᠢᠯᠠᠯ | ᠲᠥᠬᠦᠭᠡᠷᠦᠮᠵᠢ ᠪᠠ ᠦᠢᠯᠡᠳᠬᠦᠨ ᠤ ᠰᠢᠨᠡᠴᠢᠯᠡᠯᠲᠡ ᠶᠢᠨ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠶᠢᠨ ᠮᠡᠷᠭᠡᠵᠢᠯ ᠤᠨ | ᠰᠤᠳᠤᠯᠤᠨ ᠨᠡᠭᠡᠭᠡᠬᠦ᠂ ᠦᠢᠯᠡᠳᠬᠦᠨ ᠤ ᠰᠢᠨ᠎ᠡ ᠶᠢ ᠡᠭᠦᠳᠬᠦ ᠪᠠ ᠵᠠᠬ᠎ᠠ ᠳᠡᠯᠭᠡᠭᠦᠷ ᠨᠡᠭᠡᠭᠡᠬᠦ ᠠᠵᠢᠯᠯᠠᠭ᠎ᠠ ᠳᠤ | ᠣᠷᠣᠯᠴᠠᠬᠤ ᠶᠢ ᠵᠣᠷᠢᠭᠵᠢᠭᠤᠯᠤᠨ ᠠᠬᠢᠭᠤᠯᠤᠨ᠎ᠠ᠃ ᠦᠬᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠭᠠᠷ | ᠮᠠᠨᠳᠠᠯ ᠤᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠲᠠᠢ ᠤᠶᠠᠯᠳᠤᠭᠤᠯᠤᠨ᠂ ᠭᠤᠤᠯᠳᠠᠯᠭ᠎ᠠ ᠲᠠᠢ ᠠᠵᠢᠯ | ᠲᠥᠷᠥᠯ ᠤᠨ ᠬᠡᠲᠦ ᠳᠣᠤᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠠᠬᠢᠭᠤᠯᠵᠤ᠂ ᠠᠭᠠᠷ ᠮᠠᠨᠳᠠᠯ ᠤᠨ | ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ ᠲᠥᠬᠦᠭᠡᠷᠦᠮᠵᠢ᠂ VOCs ᠵᠠᠰᠠᠯᠲᠠ ᠶᠢᠨ ᠲᠥᠬᠦᠭᠡᠷᠦᠮᠵᠢ ᠶᠢ | ᠰᠢᠨᠡᠳᠬᠡᠵᠦ ᠰᠣᠯᠢᠬᠤ ᠶᠢ ᠲᠦᠷᠭᠡᠳᠬᠡᠨ᠎ᠡ᠃ | 2. ᠪᠠᠷᠢᠯᠭ᠎ᠠ ᠪᠣᠯᠤᠨ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠬᠦᠷᠢᠶᠡᠨ ᠤ | ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠶᠢ ᠲᠦᠯᠬᠢᠨ ᠠᠬᠢᠭᠤᠯᠤᠨ᠎ᠠ᠃ ᠪᠠᠷᠢᠯᠭ᠎ᠠ ᠪᠣᠯᠤᠨ ᠬᠤᠲᠠ ᠶᠢᠨ | ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠲᠥᠬᠦᠭᠡᠷᠦᠮᠵᠢ ᠶᠢ ᠰᠢᠨᠡᠳᠬᠡᠬᠦ ᠠᠵᠢᠯ ᠤᠨ ᠲᠥᠰᠥᠯ ᠢ ᠲᠣᠭᠲᠠᠭᠠᠨ᠎ᠠ᠃ | ᠬᠤᠲᠠ ᠶᠢᠨ ᠰᠢᠨᠡᠴᠢᠯᠡᠯᠲᠡ᠂ ᠬᠠᠭᠤᠴᠢᠨ ᠵᠢᠵᠢᠭ ᠲᠣᠭᠤᠷᠢᠭ ᠤᠨ ᠥᠭᠡᠷᠡᠴᠢᠯᠡᠯᠲᠡ᠂ ︽ᠳᠤᠯᠠᠭᠠᠨ ᠢᠨᠵᠧᠨᠧᠷᠢᠩ ᠢ | ᠲᠦᠯᠬᠢᠨ ᠠᠬᠢᠭᠤᠯᠬᠤ ᠲᠠᠢ ᠤᠶᠠᠯᠳᠤᠭᠤᠯᠤᠨ᠂ ᠣᠷᠣᠨ ᠰᠠᠭᠤᠴᠠ ᠶᠢᠨ ᠴᠠᠬᠢᠯᠭᠠᠨ ᠱᠠᠲᠤ᠂ ᠤᠰᠤ ᠬᠠᠩᠭᠠᠬᠤ᠂ | ᠢᠯᠴᠢ ᠬᠠᠩᠭᠠᠬᠤ᠂ ᠬᠡᠢ ᠬᠠᠩᠭᠠᠬᠤ᠂ ᠪᠣᠬᠢᠷ ᠤᠰᠤ ᠰᠢᠢᠳᠪᠦᠷᠢᠯᠡᠬᠦ᠂ ᠣᠷᠴᠢᠨ ᠲᠣᠭᠤᠷᠢᠨ ᠤ ᠠᠷᠢᠭᠤᠨ ᠴᠡᠪᠡᠷ᠂ | ᠬᠤᠲᠠ ᠶᠢᠨ ᠠᠮᠢ ᠨᠠᠰᠤᠨ ᠤ ᠱᠤᠭᠤᠮ ᠤᠨ ᠢᠨᠵᠧᠨᠧᠷᠢᠩ᠂ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ | ᠵᠡᠷᠭᠡ ᠶᠢ ᠰᠢᠨᠡᠳᠬᠡᠬᠦ ᠶᠢ ᠳᠡᠮᠵᠢᠬᠦ ᠪᠠᠨ ᠨᠡᠮᠡᠭᠳᠡᠭᠦᠯᠵᠦ᠂ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ | ᠲᠥᠬᠦᠭᠡᠷᠦᠮᠵᠢ ᠶᠢ ᠰᠢᠨᠡᠳᠬᠡᠬᠦ᠂ ᠮᠡᠷᠭᠡᠵᠢᠯ ᠤᠨ ᠳᠡᠰ ᠳᠡᠪᠰᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠶᠢ ᠲᠥᠷᠥᠯ ᠬᠤᠪᠢᠶᠠᠨ ᠲᠦᠯᠬᠢᠨ ᠠᠬᠢᠭᠤᠯᠤᠨ᠎ᠠ᠃ ᠬᠡᠲᠦᠷᠬᠡᠢ ᠬᠡᠷᠡᠭᠯᠡᠭᠰᠡᠨ ᠠᠮᠢ | ᠨᠠᠰᠤ᠂ ᠬᠤᠭᠤᠴᠠᠭ᠎ᠠ ᠠᠴᠠ ᠬᠡᠲᠦᠷᠡᠭᠰᠡᠨ ᠦᠢᠯᠡᠴᠢᠯᠡᠭᠡᠨ ᠤ ᠠᠯᠪᠠᠳᠠᠯᠭ᠎ᠠ ᠶᠢᠨ ᠴᠢᠨᠠᠷᠲᠠᠶ ᠰᠢᠭᠰᠢᠭᠳᠡᠭᠦᠯᠬᠦ | ᠪᠠᠷᠢᠮᠵᠢᠶ᠎ᠠ ᠳᠤ ᠬᠦᠷᠦᠭᠰᠡᠨ ᠲᠥᠬᠦᠭᠡᠷᠦᠮᠵᠢ ᠶᠢ ᠡᠷᠡᠰ ᠰᠢᠭᠰᠢᠭᠳᠡᠭᠦᠯᠦᠨ ᠰᠢᠨᠡᠳᠬᠡᠵᠦ᠂ 15 ᠵᠢᠯ ᠠᠴᠠ ᠳᠡᠭᠡᠭᠰᠢᠬᠢ | ᠬᠠᠭᠤᠴᠢᠨ ᠣᠷᠣᠨ ᠰᠠᠭᠤᠴᠠ ᠶᠢ ᠠᠰᠢᠭᠯᠠᠯᠲᠠ ᠳᠤ ᠣᠷᠣᠭᠤᠯᠤᠨ ᠬᠡᠷᠡᠭᠯᠡᠭᠰᠡᠨ ᠴᠠᠬᠢᠯᠭᠠᠨ ᠱᠠᠲᠤ ᠶᠢᠨ ᠳᠠᠯᠳᠠ | ᠭᠡᠮ ᠢ ᠵᠢᠭᠰᠠᠭᠠᠨ ᠪᠠᠶᠢᠴᠠᠭᠠᠬᠤ᠂ ᠪᠠᠶᠢᠳᠠᠯ ᠢ ᠣᠶᠢᠯᠠᠭᠠᠨ ᠦᠨᠡᠯᠡᠨ ᠵᠢᠱᠢᠬᠦ ᠪᠠ ᠰᠢᠨᠡᠳᠬᠡᠨ ᠥᠭᠡᠷᠡᠴᠢᠯᠡᠬᠦ ᠶᠢ | ᠰᠠᠶᠢᠲᠤᠷ ᠬᠢᠵᠦ᠂ ᠳᠡᠰ ᠳᠠᠪᠬᠤᠷᠭ᠎ᠠ ᠪᠠᠷ ᠡᠷᠦᠬᠡ ᠳᠤ ᠣᠷᠣᠭᠤᠯᠬᠤ ᠠᠷᠭ᠎ᠠ ᠮᠠᠶ᠋ᠢᠭ ᠢᠶᠠᠷ ᠴᠠᠬᠢᠯᠭᠠᠨ ᠱᠠᠲᠤ ᠨᠡᠮᠡᠵᠦ | ᠤᠭᠰᠠᠷᠠᠬᠤ ᠶᠢ ᠵᠣᠷᠢᠭᠵᠢᠭᠤᠯᠤᠨ᠎ᠠ᠃ ᠯᠠᠨ ᠢ ᠠᠮᠢᠳᠤᠷᠠᠯ ᠤᠨ ᠬᠤᠭ ᠨᠣᠪᠰᠢ ᠰᠢᠲᠠᠭᠠᠬᠤ ᠭᠦᠸᠧᠯᠦ ᠶᠢᠨ | ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠶᠢ ᠲᠦᠯᠬᠢᠨ ᠠᠬᠢᠭᠤᠯᠤᠨ᠎ᠠ᠃ ᠪᠠᠷᠢᠯᠭ᠎ᠠ ᠶᠢᠨ ᠬᠤᠭ ᠨᠣᠪᠰᠢ ᠶᠢ ᠡᠬᠢ | ᠪᠠᠶᠠᠯᠢᠭᠵᠢᠭᠤᠯᠤᠨ ᠠᠰᠢᠭᠯᠠᠬᠤ᠂ ᠬᠤᠷᠢᠶᠠᠨ ᠠᠪᠴᠤ ᠪᠣᠯᠬᠤ ᠪᠣᠳᠠᠰ ᠢ ᠢᠯᠭᠠᠨ ᠬᠤᠪᠢᠶᠠᠬᠤ ᠲᠥᠬᠦᠭᠡᠷᠦᠮᠵᠢ ᠶᠢ | ᠰᠢᠨᠡᠳᠬᠡᠬᠦ ᠶᠢ ᠳᠡᠮᠵᠢᠵᠦ᠂ ᠰᠢᠨ᠎ᠡ ᠡᠨᠧᠷᠭᠢ ᠶᠢᠨ ᠲᠡᠷᠭᠡ ᠬᠥᠰᠬᠡ ᠶᠢᠨ ᠲᠣᠨᠤᠭ ᠲᠥᠬᠦᠭᠡᠷᠦᠮᠵᠢ ᠶᠢ ᠰᠢᠨᠡᠳᠬᠡᠵᠦ | ᠬᠤᠳᠠᠯᠳᠤᠨ ᠠᠪᠬᠤ ᠪᠠ ᠤᠶᠤᠨᠴᠢᠯᠠᠭᠰᠠᠨ᠂ ᠬᠥᠮᠥᠨ ᠦᠭᠡᠢ ᠣᠷᠴᠢᠨ ᠲᠣᠭᠤᠷᠢᠨ ᠤ ᠠᠷᠢᠭᠤᠨ ᠴᠡᠪᠡᠷ ᠤᠨ | ᠠᠵᠢᠯᠯᠠᠬᠤ ᠮᠠᠰᠢᠨ ᠪᠠᠭᠠᠵᠢ ᠲᠥᠬᠦᠭᠡᠷᠦᠮᠵᠢ ᠶᠢ ᠲᠣᠬᠢᠷᠠᠭᠤᠯᠤᠨ ᠬᠡᠷᠡᠭᠯᠡᠬᠦ ᠶᠢ ᠵᠣᠷᠢᠭᠵᠢᠭᠤᠯᠤᠨ᠎ᠠ᠃ ᠤᠰᠤᠨ | ᠬᠥᠭᠡᠷᠭᠡ᠂ ᠠᠷᠢᠭᠤᠳᠬᠠᠬᠤ᠂ ᠦᠮᠡᠬᠡᠶ ᠦᠨᠦᠷ ᠢ ᠠᠷᠢᠯᠭᠠᠬᠤ᠂ ᠥᠪᠡᠰᠦᠪᠡᠨ ᠡᠵᠡᠮᠳᠡᠬᠦ ᠵᠡᠷᠭᠡ ᠡᠯ᠎ᠡ ᠲᠥᠷᠥᠯ ᠤᠨ | ᠪᠣᠬᠢᠷ ᠰᠢᠪᠠᠷ ᠪᠣᠬᠢᠷ ᠤᠰᠤ ᠶᠢ ᠰᠢᠢᠳᠪᠦᠷᠢᠯᠡᠬᠦ ᠲᠤᠰᠬᠠᠶ ᠬᠡᠷᠡᠭᠯᠡᠭᠡᠨ ᠤ ᠮᠧᠬᠠᠨᠢᠭ ᠪᠡᠯᠡᠳᠬᠡᠮᠵᠢ ᠲᠥᠬᠦᠭᠡᠷᠦᠮᠵᠢ ᠶᠢ | ᠰᠢᠨᠡᠳᠬᠡᠬᠦ ᠪᠠ ᠪᠣᠬᠢᠷ ᠤᠰᠤᠨ ᠤ ᠬᠤᠭᠤᠯᠠᠶ ᠶᠢᠨ ᠲᠣᠤᠷ ᠢ ᠥᠭᠡᠷᠡᠴᠢᠯᠡᠬᠦ ᠶᠢ ᠶᠡᠬᠡᠪᠡᠷ ᠠᠬᠢᠭᠤᠯᠵᠤ᠂ ᠰᠠᠭᠤᠭᠠᠯᠢ | ᠠᠷᠠᠳ ᠤᠨ ᠲᠣᠭᠤᠷᠢᠭ ᠤᠨ ᠬᠤᠶᠠᠳᠠᠬᠢ ᠤᠳᠠᠭ᠎ᠠ ᠤᠰᠤ ᠬᠠᠩᠭᠠᠬᠤ᠂ ᠬᠤᠭᠤᠴᠠᠭ᠎ᠠ ᠠᠴᠠ ᠬᠡᠲᠦᠷᠡᠲᠡᠯ᠎ᠡ ᠠᠯᠪᠠ | ᠬᠠᠭᠠᠬᠤ ᠬᠡᠮᠵᠢᠭᠦᠷ ᠤᠨ ᠤᠰᠤᠨ ᠬᠡᠮᠵᠢᠭᠦᠷ ᠵᠡᠷᠭᠡ ᠤᠰᠤ ᠬᠠᠩᠭᠠᠬᠤ ᠪᠡᠯᠡᠳᠬᠡᠮᠵᠢ ᠶᠢᠨ ᠲᠠᠰ ᠳᠡᠪᠰᠢᠬᠦ ᠶᠢ | ᠠᠬᠢᠭᠤᠯᠤᠨ᠎ᠠ᠃ ᠬᠠᠭᠤᠴᠢᠷᠬᠠᠰᠠᠨ᠂ ᠭᠤᠭᠤᠵᠢᠠᠠᠰᠠᠨ ᠢᠯᠴᠢ ᠬᠠᠩᠭᠠᠬᠤ ᠬᠤᠭᠤᠯᠠᠶ ᠶᠢ ᠰᠢᠨᠡᠳᠬᠡᠨ | ᠥᠭᠡᠷᠡᠴᠢᠯᠡᠬᠦ ᠶᠢ ᠳᠡᠮᠵᠢᠵᠦ᠂ ᠢᠯᠴᠢ ᠬᠠᠩᠭᠠᠬᠤ ᠶᠢ ᠬᠡᠮᠵᠢᠨ ᠥᠭᠡᠷᠡᠴᠢᠯᠡᠬᠦ ᠶᠢ ᠡᠮᠬᠢ ᠵᠢᠷᠤᠮ ᠲᠠᠢ ᠪᠠᠷ ᠠᠬᠢᠭᠤᠯᠤᠨ᠂ | ᠢᠯᠴᠢ ᠶᠢᠨ ᠬᠡᠮᠵᠢᠯᠲᠡ ᠶᠢᠨ ᠲᠣᠨᠣᠭᠯᠠᠯ ᠵᠡᠷᠭᠡ ᠲᠥᠬᠦᠭᠡᠷᠦᠮᠵᠢ ᠶᠢ ᠰᠢᠨᠡᠳᠬᠡᠨ᠂ ᠨᠢᠭᠡᠨᠲᠡ ᠪᠠᠶᠢᠭ᠎ᠠ ᠢᠯᠴᠢ ᠶᠢᠨ | ᠬᠥᠭᠡᠷᠭᠡ ᠶᠢᠨ ᠮᠠᠰᠢᠨ ᠴᠣᠭᠴᠠᠯᠠᠪᠤᠷᠢ ᠶᠢ ᠤᠷᠢᠳᠠᠪᠠᠷ ᠥᠭᠡᠷᠡᠴᠢᠯᠡᠨ᠎ᠡ᠃ ᠰᠢᠲᠠᠮᠠᠬᠠᠶ ᠬᠡᠶ ᠵᠡᠷᠭᠡ ᠬᠠᠭᠤᠴᠢᠷᠠᠭᠰᠠᠨ | ᠬᠤᠭᠤᠯᠠᠶ ᠶᠢ ᠰᠢᠨᠡᠳᠬᠡᠨ ᠥᠭᠡᠷᠡᠴᠢᠯᠡᠬᠦ ᠶᠢ ᠦᠷᠭᠦᠯᠵᠢᠯᠡᠨ ᠬᠡᠷᠡᠭᠵᠢᠭᠦᠯᠵᠦ᠂ ᠰᠢᠲᠠᠮᠠᠬᠠᠶ ᠬᠡᠶ ᠶᠢᠨ ᠬᠤᠭᠤᠯᠠᠶ ᠵᠡᠷᠭᠡ | ᠲᠦᠭᠰᠢᠭᠦᠷᠢ ᠶᠢᠨ ᠴᠡᠭ ᠢ ᠬᠢᠨᠠᠨ ᠬᠡᠮᠵᠢᠬᠦ ᠶᠢ ᠴᠢᠩᠭᠠᠳᠬᠠᠨ᠂ ᠭᠠᠵᠠᠷ ᠳᠣᠤᠷᠠᠬᠢ ᠬᠤᠭᠤᠯᠠᠶ ᠶᠢᠨ ᠲᠣᠤᠷ᠂ | ᠬᠥᠭᠦᠷᠭᠡ ᠶᠢᠨ ᠨᠦᠬᠡᠨ ᠵᠠᠮ᠂ ᠰᠡᠯᠪᠢᠨ ᠵᠠᠰᠠᠬᠤ ᠬᠤᠳᠳᠤᠭ ᠤᠨ ᠠᠮᠠᠰᠠᠷ ᠵᠡᠷᠭᠡ ᠢᠵᠢ ᠪᠥᠷᠢᠳᠦᠭᠰᠡᠨ ᠪᠣᠳᠠᠰ ᠤᠨ | ᠬᠤᠯᠪᠣᠭ᠎ᠠ ᠶᠢᠨ ᠣᠶᠤᠨᠴᠢ ᠰᠡᠷᠡᠨ ᠮᠡᠳᠡᠷᠡᠬᠦ ᠲᠥᠬᠦᠭᠡᠷᠦᠮᠵᠢ ᠶᠢ ᠪᠦᠷᠢᠨ ᠭᠦᠢᠴᠡᠳ ᠳᠣᠭᠢᠷᠠᠭᠤᠯᠵᠤ᠂ ᠪᠣᠳᠠᠰ ᠤᠨ | ᠰᠦᠯᠵᠢᠶ᠎ᠡ᠂ ᠣᠶᠤᠨᠴᠢ ᠰᠡᠷᠡᠯ ᠵᠡᠷᠭᠡ ᠬᠢᠨᠠᠨ ᠬᠡᠮᠵᠢᠬᠦ ᠲᠥᠬᠦᠭᠡᠷᠦᠮᠵᠢ ᠶᠢ ᠬᠠᠶᠢᠨ ᠰᠦᠪᠡᠭᠴᠢᠯᠡᠵᠦ᠂ ᠬᠤᠲᠠ ᠶᠢᠨ | ᠠᠮᠢ ᠨᠠᠰᠤᠨ ᠤ ᠱᠤᠭᠤᠮ ᠤᠨ ᠠᠮᠤᠷ ᠲᠦᠪᠰᠢᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃ | ᠬᠤᠲᠠ ᠶᠢᠨ ᠪᠡᠯᠡᠳᠬᠡᠮᠵᠢ ᠬᠠᠲᠠᠭᠤ ᠬᠡᠷᠡᠭᠰᠡᠯ ᠢ ᠲᠠᠰ ᠳᠡᠪᠰᠢᠭᠦᠯᠬᠦ ᠪᠠ ᠬᠤᠲᠠ ᠶᠢᠨ ᠬᠠᠮᠢᠶᠠᠷᠤᠯᠲᠠ ᠶᠢᠨ ᠵᠥᠭᠡᠯᠡᠨ | ᠬᠡᠷᠡᠭᠰᠡᠯ ᠢ ᠳᠠᠬᠢᠨ ᠳᠠᠪᠲᠠᠨ ᠣᠷᠣᠯᠠᠭᠤᠯᠬᠤ ᠶᠢ ᠠᠬᠢᠭᠤᠯᠵᠤ᠂ ᠬᠤᠲᠠ ᠶᠢᠨ ᠤᠶᠤᠨᠵᠢᠭᠤᠯᠬᠤ᠂ ᠪᠣᠬᠢᠷᠲᠤᠯ ᠦᠭᠡᠢ᠂ | ᠠᠮᠤᠷ ᠲᠦᠪᠰᠢᠨ ᠪᠣᠯᠭᠠᠬᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠰᠢᠨ᠎ᠡ ᠡᠨᠧᠷᠭᠢ᠂ | ᠰᠢᠨ᠎ᠡ ᠮᠡᠷᠭᠡᠵᠢᠯ ᠤᠨ ᠢᠨᠵᠧᠨᠧᠷᠢᠩ ᠤᠨ ᠮᠠᠰᠢᠨ ᠲᠥᠬᠦᠭᠡᠷᠦᠮᠵᠢ ᠵᠡᠷᠭᠡ ᠣᠶᠤᠨᠴᠢ ᠪᠠᠶᠢᠭᠤᠯᠬᠤ ᠲᠥᠬᠦᠭᠡᠷᠦᠮᠵᠢ ᠶᠢ | ᠰᠢᠨᠡᠴᠢᠯᠡᠵᠦ ᠬᠤᠳᠠᠯᠳᠤᠨ ᠠᠪᠬᠤ ᠶᠢ ᠵᠣᠷᠢᠭᠵᠢᠭᠤᠯᠵᠤ᠂ 10 ᠵᠢᠯ ᠠᠴᠠ ᠳᠡᠭᠡᠭᠰᠢ᠂ ᠪᠣᠬᠢᠷᠲᠤᠯ ᠶᠡᠬᠡᠲᠡᠶ᠂ | ᠡᠨᠧᠷᠭᠢ ᠶᠢᠨ ᠬᠤᠷᠣᠭᠳᠠᠭᠤᠯᠤᠯ ᠶᠡᠬᠡᠲᠡᠶ᠂ ᠬᠠᠭᠤᠴᠢᠷᠬᠠᠰᠠᠨ ᠡᠯᠡᠭᠳᠡᠯ ᠢᠶᠠᠷ ᠬᠦᠨᠳᠦ ᠨᠣᠴᠢᠲᠠᠶ᠂ ᠮᠡᠷᠭᠡᠵᠢᠯ | ᠬᠤᠴᠣᠷᠤᠩᠭᠤᠶ ᠪᠠᠷᠢᠯᠭ᠎ᠠ ᠶᠢᠨ ᠠᠵᠢᠯ ᠤᠨ ᠲᠥᠬᠦᠭᠡᠷᠦᠮᠵᠢ ᠶᠢ ᠬᠡᠷᠡᠭᠯᠡᠬᠦ ᠶᠢ ᠠᠬᠢᠭᠤᠯᠵᠤ᠂ ᠡᠯ᠎ᠡ ᠲᠥᠷᠥᠯ ᠤᠨ | ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ᠎ᠡ᠃ | 3. ᠵᠠᠮ ᠬᠠᠷᠢᠯᠴᠠᠭ᠎ᠠ ᠲᠡᠭᠡᠭᠡᠪᠦᠷᠢ ᠶᠢᠨ ᠲᠥᠬᠦᠭᠡᠷᠦᠮᠵᠢ᠂ ᠲᠠᠷᠢᠶᠠᠯᠠᠩ ᠤᠨ ᠬᠠᠭᠤᠴᠢᠷᠬᠠᠰᠠᠨ ᠮᠠᠰᠢᠨ ᠢ | ᠰᠢᠨᠡᠳᠬᠡᠬᠦ ᠶᠢ ᠲᠦᠷᠭᠡᠳᠬᠡᠨ᠎ᠡ᠃ ᠵᠠᠮ ᠲᠡᠭᠡᠭᠡᠪᠦᠷᠢ ᠶᠢᠨ ᠲᠥᠬᠦᠭᠡᠷᠦᠮᠵᠢ ᠶᠢ ᠰᠢᠨᠡᠳᠬᠡᠬᠦ ᠲᠥᠯᠥᠪᠯᠡᠭᠡ ᠲᠣᠭᠲᠠᠭᠠᠵᠤ᠃ | ᠬᠤᠲᠠ ᠶᠢᠨ ᠨᠡᠶᠢᠲᠡ ᠶᠢᠨ ᠮᠠᠰᠢᠨ ᠲᠡᠷᠭᠡᠨ ᠤ ᠴᠠᠬᠢᠯᠭᠠᠨ ᠬᠥᠳᠡᠯᠭᠡᠭᠦᠷᠲᠦ ᠲᠡᠷᠭᠡ ᠶᠢ ᠣᠷᠣᠯᠠᠭᠤᠯᠬᠤ ᠶᠢ | ᠦᠷᠭᠦᠯᠵᠢᠯᠡᠨ ᠠᠬᠢᠭᠤᠯᠵᠤ᠂ ᠬᠠᠭᠤᠴᠢᠷᠠᠭᠰᠠᠨ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ ᠪᠠ ᠬᠥᠳᠡᠯᠭᠡᠬᠦ | ᠬᠦᠴᠦᠨ ᠤ ᠳ᠋ᠢᠶᠠᠨ ᡂᠢ ᠶᠢ ᠰᠢᠨᠡᠳᠬᠡᠨ ᠰᠣᠯᠢᠬᠤ ᠶᠢ ᠳᠡᠮᠵᠢᠵᠦ᠂ 8 ᠵᠢᠯ ᠵᠢᠴᠢ ᠲᠡᠭᠦᠨ ᠠᠴᠠ ᠳᠡᠭᠡᠭᠰᠢ᠂ | ᠬᠥᠳᠡᠯᠭᠡᠬᠦ ᠬᠦᠴᠦᠨ ᠤ ᠳ᠋ᠢᠶᠠᠨ ᡂᠢ ᠶᠢᠨ ᠴᠢᠨᠠᠷ ᠢ ᠪᠠᠲᠤᠯᠠᠬᠤ ᠬᠤᠭᠤᠴᠠᠭ᠎ᠠ ᠵᠢᠴᠢ ᠪᠤᠰᠤᠳ ᠮᠡᠷᠭᠡᠵᠢᠯ ᠤᠨ | ᠪᠠᠶᠢᠳᠠᠯ ᠢ ᠠᠮᠤᠷ ᠲᠦᠪᠰᠢᠨ ᠢᠶᠠᠷ ᠡᠵᠡᠩᠨᠡᠬᠦ ᠨᠥᠬᠦᠴᠡᠯ ᠢ ᠪᠦᠷᠢᠯᠳᠦᠭᠦᠯᠦᠭᠡᠳᠦᠶ ᠬᠠᠭᠤᠴᠢᠨ ᠬᠤᠲᠠ ᠶᠢᠨ | ᠨᠡᠶᠢᠲᠡ ᠶᠢᠨ ᠮᠠᠰᠢᠨ ᠲᠡᠷᠭᠡᠨ ᠤ ᠰᠢᠨᠡᠴᠢᠯᠡᠯᠲᠡ ᠶᠢ ᠭᠤᠤᠯᠳᠠᠯᠭ᠎ᠠ ᠲᠠᠢ ᠠᠬᠢᠭᠤᠯᠵᠤ᠂ ᠪᠥᠬᠦ ᠬᠤᠲᠠ ᠶᠢᠨ | ᠰᠢᠨ᠎ᠡ ᠪᠠᠷ ᠨᠡᠮᠡᠭᠳᠡᠭᠰᠡᠨ ᠵᠢᠴᠢ ᠨᠡᠶᠢᠲᠡ ᠶᠢᠨ ᠮᠠᠰᠢᠨ ᠲᠡᠷᠭᠡᠨ ᠤ ᠰᠢᠨ᠎ᠡ ᠡᠨᠧᠷᠭᠢ ᠶᠢᠨ ᠡᠵᠡᠯᠡᠬᠦ ᠬᠠᠷᠢᠴᠠᠯ ᠢ | 100% ᠳᠤ ᠬᠦᠷᠦᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ | ᠦᠨᠳᠦᠰᠦᠯᠡᠨ᠂ ᠤᠯᠤᠰ ᠤᠨ ᠭᠤᠷᠪᠠᠳᠤᠭᠠᠷ ᠵᠢᠴᠢ ᠲᠡᠭᠦᠨ ᠠᠴᠠ ᠳᠣᠷᠣᠭᠰᠢᠬᠢ ᠭᠠᠳᠠᠭᠰᠢᠯᠠᠭᠤᠯᠬᠤ ᠪᠠᠷᠢᠮᠵᠢᠶ᠎ᠠ ᠶᠢᠨ | ᠡᠵᠡᠩᠨᠡᠯᠲᠡ ᠶᠢᠨ ᠲᠥᠷᠥᠯ ᠤᠨ ᠴᠠᠶᠢᠶ᠋ᠢᠦ ᠲᠣᠰᠣᠨ ᠤ ᠪᠠᠷᠠᠭᠠᠨ ᠤ ᠲᠡᠷᠭᠡ ᠶᠢ ᠰᠢᠭᠰᠢᠭᠳᠡᠭᠦᠯᠵᠦ ᠰᠢᠨᠡᠳᠬᠡᠬᠦ ᠶᠢ | ᠲᠦᠷᠭᠡᠳᠬᠡᠨ ᠪᠡᠶᠡᠯᠡᠭᠦᠯᠦᠨ᠎ᠡ᠃ ᠬᠤᠲᠠ ᠶᠢᠨ ᠲᠣᠭᠤᠷᠢᠭ ᠤᠨ ᠴᠠᠬᠢᠯᠭᠠᠨ ᠴᠡᠨᠡᠭᠯᠡᠬᠦ ᠥᠷᠲᠡᠭᠡ ᠴᠡᠭ ᠤᠨ | ᠪᠠᠶᠢᠷᠢᠰᠢᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠴᠠᠬᠢᠯᠭᠠᠨ ᠴᠡᠨᠡᠭᠯᠡᠬᠦ ᠪᠠᠭᠠᠨ᠎ᠠ ᠶᠢᠨ ᠪᠥᠲᠥᠭᠡᠨ | ᠪᠠᠶᠢᠭᠤᠯᠤᠯᠲᠠ ᠪᠠ ᠠᠰᠢᠭᠯᠠᠯᠲᠠ ᠳᠤ ᠣᠷᠣᠭᠤᠯᠬᠤ ᠶᠢ ᠳᠥᠯᠭᠢᠨ ᠠᠬᠢᠭᠤᠯᠵᠤ᠂ ᠬᠡᠷᠡᠭᠯᠡᠯᠲᠡ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠦᠨ᠂ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ ᠪᠠ ᠲᠦᠷᠢᠶᠡᠰᠦᠨ ᠮᠠᠰᠢᠨ | ᠲᠡᠷᠭᠡ ᠶᠢ ᠡᠮᠬᠢ ᠵᠢᠷᠤᠮ ᠲᠠᠢ ᠪᠠᠷ ᠰᠢᠨᠡᠳᠬᠡᠬᠦ ᠳᠤ ᠬᠦᠴᠦᠨ ᠨᠡᠮᠡᠷᠢᠯᠡᠨ᠎ᠡ᠃ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ ᠤ ᠵᠢᠯᠣᠭᠤᠳᠤᠮᠵᠢ ᠶᠢ ᠴᠢᠩᠭᠠᠳᠬᠠᠵᠤ᠂ ᠰᠢᠨ᠎ᠡ ᠡᠨᠧᠷᠭᠢ ᠶᠢᠨ ᠬᠦᠨᠳᠦ | ᠠᠴᠢᠶᠠᠨ ᠤ ᠮᠠᠰᠢᠨ ᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠨ᠎ᠡ᠃ ᠰᠢᠦᠳᠠᠨ ᠤ ᠲᠦᠷᠭᠡᠨ ᠢᠯᠡᠭᠡᠯᠲᠡ ᠶᠢᠨ | ᠬᠠᠭᠤᠴᠢᠨ ᠠᠮᠦᠷ ᠲᠥᠪᠰᠢᠨ ᠤ ᠪᠠᠶᠢᠴᠠᠭᠠᠯᠲᠠ ᠶᠢᠨ ᠲᠥᠭᠦᠭᠡᠷᠦᠮᠵᠢ ᠶᠢ ᠰᠢᠨᠡᠳᠬᠡᠬᠦ ᠪᠠ ᠪᠦᠷᠢᠨ ᠠᠦ᠋ᠲ᠋ᠤ᠋ | ᠣᠶᠣᠨᠴᠢ ᠪᠠᠷ ᠬᠤᠪᠢᠶᠠᠨ ᠰᠠᠯᠭᠠᠬᠤ ᠲᠥᠭᠦᠭᠡᠷᠦᠮᠵᠢ ᠶᠢ ᠰᠢᠨᠡᠳᠬᠡᠬᠦ ᠶᠢ ᠳᠡᠮᠵᠢᠵᠦ᠂ ᠰᠢᠦᠳᠠᠨ ᠤ ᠲᠦᠷᠭᠡᠨ | ᠢᠯᠡᠭᠡᠯᠲᠡ ᠶᠢᠨ ᠲᠣᠬᠢᠷᠠᠭᠤᠯᠤᠨ ᠬᠦᠷᠭᠡᠬᠦ ᠲᠡᠷᠭᠡ ᠬᠦᠰᠭᠡ ᠶᠢᠨ ᠴᠠᠬᠢᠯᠭᠠᠨ ᠬᠥᠳᠡᠯᠭᠡᠭᠦᠷᠲᠦ ᠣᠷᠤᠯᠠᠬᠤ ᠶᠢ | ᠳᠡᠮᠵᠢᠨ᠎ᠡ᠃ᠰᠢᠤᠳᠠᠨ ᠤ ᠶᠠᠪᠤᠳᠠᠯ ᠲᠦᠷᠭᠡᠨ ᠬᠦᠷᠭᠡᠬᠦ ᠲᠡᠭᠡᠭᠡᠪᠦᠷᠢ ᠶᠢᠨ ᠲᠡᠷᠭᠡ ᠬᠥᠰᠬᠡ ᠶᠢᠨ ᠰᠢᠨ᠎ᠡ ᠡᠨᠧᠷᠭᠢ ᠶᠢᠨ | ᠬᠠᠷᠢᠴᠠᠯ ᠢ 30% ᠲᠤ ᠬᠦᠷᠲᠡᠯ᠎ᠡ ᠳᠡᠭᠡᠭᠰᠢᠯᠡᠭᠦᠯᠬᠦ ᠪᠠᠷ ᠴᠢᠷᠮᠠᠶᠢᠨ᠎ᠠ᠃ ᠲᠠᠷᠢᠶᠠᠯᠠᠩ ᠤᠨ ᠦᠢᠯᠡᠳᠪᠦᠷᠢᠯᠡᠯ ᠤᠨ | ᠬᠡᠷᠡᠭᠴᠡᠭᠡ ᠪᠣᠯᠤᠨ ᠮᠠᠰᠢᠨᠴᠢᠯᠠᠯᠲᠠ ᠶᠢ ᠬᠥᠭᠵᠢᠭᠦᠯᠬᠦ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠤᠯᠤᠰ ᠪᠣᠯᠤᠨ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠳᠤ ᠨᠥᠬᠦᠪᠥᠷᠢ | ᠥᠭᠬᠦ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠲᠠᠷᠢᠶᠠᠯᠠᠩ ᠤᠨ ᠮᠠᠰᠢᠨ | ᠬᠤᠳᠠᠯᠳᠤᠨ ᠠᠪᠬᠤ ᠪᠠ ᠬᠡᠷᠡᠭᠯᠡᠬᠦ ᠶᠢᠨ ᠨᠥᠬᠦᠪᠥᠷᠢ ᠪᠡᠯᠡ ᠮᠥᠩᠭᠦ ᠳᠤ ᠲᠦᠰᠢᠭᠯᠡᠨ᠂ ᠲᠷᠠᠺᠲ᠋ᠣᠷ᠂ ᠬᠠᠳᠤᠵᠤ | ᠬᠤᠷᠢᠶᠠᠬᠤ ᠬᠠᠮ ᠮᠠᠰᠢᠨ᠂ ᠮᠠᠰᠢᠨ ᠢᠶᠠᠷ ᠪᠣᠷᠳᠣᠭᠤᠷ ᠣᠷᠣᠭᠤᠯᠬᠤ ᠮᠠᠰᠢᠨ᠂ ᠮᠠᠰᠢᠨ ᠢᠶᠠᠷ ᠮᠥᠯᠢᠬᠦ ᠮᠠᠰᠢᠨ᠂ | ᠲᠡᠵᠢᠭᠡᠯ ᠪᠣᠷᠳᠤᠭ᠎ᠠ ︵ᠡᠪᠡᠰᠦ︶ ᠶᠢ ᠬᠡᠮᠬᠡᠯᠬᠦ ᠮᠠᠰᠢᠨ᠂ ᠡᠪᠡᠰᠦ ᠬᠡᠷᠴᠢᠬᠦ ᠮᠠᠰᠢᠨ ᠳᠤ ᠬᠡᠷᠡᠭᠯᠡᠭᠡᠨ ᠠᠴᠠ ᠭᠠᠷᠭᠠᠬᠤ | ᠨᠥᠬᠦᠪᠥᠷᠢ ᠪᠣᠯᠤᠨ ᠰᠢᠨᠡᠳᠬᠡᠬᠦ ᠨᠥᠬᠦᠪᠥᠷᠢ ᠥᠭᠴᠦ᠂ ᠲᠠᠷᠢᠶᠠᠯᠠᠩ ᠤᠨ ᠮᠠᠰᠢᠨ ᠤ ᠪᠦᠲᠦᠴᠡ ᠶᠢᠨ | ᠲᠣᠬᠢᠷᠠᠭᠤᠯᠤᠯᠲᠠ ᠶᠢ ᠲᠦᠷᠭᠡᠳᠬᠡᠬᠦ ᠬᠡᠷᠡᠭᠲᠡᠶ᠃ | 4. ᠰᠤᠷᠭᠠᠨ ᠬᠥᠮᠦᠵᠢᠯ᠂ ᠰᠣᠶᠣᠯ ᠵᠢᠭᠤᠯᠴᠢᠯᠠᠯ᠂ ᠡᠮᠴᠢᠯᠡᠭᠡ ᠶᠢᠨ ᠪᠡᠯᠡᠳᠬᠡᠮᠵᠢ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠰᠤᠷᠭᠠᠨ ᠬᠥᠮᠦᠵᠢᠯ᠂ ᠰᠣᠶᠣᠯ ᠵᠢᠭᠤᠯᠴᠢᠯᠠᠯ᠂ ᠡᠮᠴᠢᠯᠡᠭᠡᠨ ᠤ ᠲᠥᠬᠦᠭᠡᠷᠦᠮᠵᠢ ᠶᠢ | ᠳᠡᠭᠡᠭᠰᠢᠯᠡᠭᠦᠯᠬᠦ ᠲᠤᠰᠬᠠᠶ ᠲᠥᠰᠦᠯ ᠢ ᠬᠦᠷᠢᠶ᠎ᠡ ᠴᠠᠷᠠᠭ᠎ᠠ ᠬᠤᠪᠢᠶᠠᠨ ᠲᠣᠭᠲᠠᠭᠠᠨ᠎ᠠ᠃ ᠰᠢᠨᠵᠢᠯᠡᠭᠡᠨ ᠤ ᠲᠤᠰᠬᠠᠶ | ᠮᠡᠷᠭᠡᠵᠢᠯ ᠤᠨ ᠵᠢᠭᠠᠨ ᠰᠤᠷᠭᠠᠯᠲᠠ ᠶᠢᠨ ᠲᠣᠨᠤᠭ ᠲᠥᠬᠦᠭᠡᠷᠦᠮᠵᠢ ᠶᠢ ᠳᠣᠭᠢᠷᠠᠭᠤᠯᠬᠤ ᠪᠠᠷᠢᠮᠵᠢᠶ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠦᠬᠠᠶ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠲᠡᠷᠢᠭᠦᠨ ᠤ ᠰᠤᠷᠭᠠᠨ | ᠬᠥᠮᠦᠵᠢᠯ ᠤᠨ ᠵᠢᠭᠠᠨ ᠰᠤᠷᠭᠠᠯᠲᠠ ᠬᠢᠭᠡᠳ ᠳᠠᠳᠤᠯᠭ᠎ᠠ ᠪᠣᠯᠪᠠᠰᠤᠷᠠᠯ ᠤᠨ ᠲᠥᠬᠦᠭᠡᠷᠦᠮᠵᠢ᠂ ᠮᠡᠳᠡᠭᠡ | ᠵᠠᠩᠭᠢᠵᠢᠯᠲᠠ ᠶᠢᠨ ᠵᠢᠭᠠᠨ ᠰᠤᠷᠭᠠᠯᠲᠠ ᠶᠢᠨ ᠲᠥᠬᠦᠭᠡᠷᠦᠮᠵᠢ ᠶᠢ ᠰᠢᠨᠡᠳᠬᠡᠬᠦ ᠶᠢ ᠠᠬᠢᠭᠤᠯᠵᠤ᠂ ᠳᠤᠮᠳᠠᠳᠤ ᠪᠠᠭ᠎ᠠ | ᠰᠤᠷᠭᠠᠭᠤᠯᠢ ᠶᠢᠨ ᠶᠠᠰᠤ ᠴᠢᠨᠠᠷ ᠲᠤᠭ᠎ᠠ ᠬᠡᠮᠵᠢᠶ᠎ᠡ ᠶᠢ ᠪᠠᠲᠤᠯᠠᠨ ᠲᠣᠬᠢᠷᠠᠭᠤᠯᠬᠤ ᠶᠢᠨ ᠬᠠᠮᠲᠤ ᠲᠤᠷᠰᠢᠯᠲᠠ ᠶᠢᠨ | ᠲᠠᠰᠤᠭ ᠤᠨ ᠪᠠᠭᠠᠵᠢ ᠲᠥᠬᠦᠭᠡᠷᠦᠮᠵᠢ᠂ ᠮᠡᠳᠡᠭᠡ ᠵᠠᠩᠭᠢᠵᠢᠯᠲᠠ ᠶᠢᠨ ᠵᠢᠭᠠᠨ ᠰᠤᠷᠭᠠᠯᠲᠠ ᠶᠢᠨ ᠲᠥᠬᠦᠭᠡᠷᠦᠮᠵᠢ ᠶᠢ | ᠴᠠᠭ ᠲᠤᠬᠠᠶ ᠳᠤᠨᠢ ᠰᠢᠨᠡᠳᠬᠡᠵᠦ᠂ ᠵᠢᠭᠠᠨ ᠰᠤᠷᠭᠠᠯᠲᠠ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠬᠢᠷᠢ | ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠲᠣᠭᠤᠷᠢᠨ ᠵᠤᠭᠠᠴᠠᠬᠤ᠂ ᠵᠤᠭ᠎ᠠ ᠴᠡᠩᠭᠡᠯ᠂ | ᠤᠷᠠᠯᠢᠭ ᠤᠨ ᠲᠣᠭᠯᠠᠯᠲᠠ᠂ ᠣᠶᠤᠨᠴᠢ ᠰᠣᠶᠣᠯ ᠵᠢᠭᠤᠯᠴᠢᠯᠠᠯ ᠢ ᠥᠭᠡᠷᠡᠴᠢᠯᠡᠬᠦ᠂ ᠲᠡᠤᠬᠡ ᠶᠢᠨ ᠳᠤᠷᠠᠰᠬᠠᠯᠲᠤ | ᠵᠦᠢᠯᠡᠰ ᠢ ᠬᠠᠮᠠᠭᠠᠯᠠᠨ ᠠᠰᠢᠭᠯᠠᠬᠤ᠂ ᠣᠨᠴᠠ ᠲᠣᠳᠣ ᠬᠡᠲᠦ ᠥᠨᠳᠥᠷ ᠲᠣᠳᠣ ᠪᠠᠶᠢᠯᠭᠠᠬᠤ ᠵᠡᠷᠭᠡ ᠪᠡᠯᠡᠳᠬᠡᠮᠵᠢ | ᠲᠥᠬᠦᠭᠡᠷᠦᠮᠵᠢ ᠶᠢ ᠰᠢᠨᠡᠳᠬᠡᠬᠦ ᠶᠢ ᠠᠬᠢᠭᠤᠯᠵᠤ᠂ ᠤᠯᠤᠰ ᠤᠨ ᠠᠮᠤᠷ ᠲᠦᠪᠰᠢᠨ ᠤ ᠠᠯᠪᠠᠳᠠᠯᠭ᠎ᠠ ᠶᠢᠨ ᠴᠢᠨᠠᠷᠲᠠᠶ | ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠂ ᠲᠣᠭᠲᠠᠭᠠᠯ ᠶᠣᠰᠣᠭᠠᠷ ᠰᠢᠭᠰᠢᠭᠳᠡᠭᠦᠯᠵᠦ ᠰᠢᠨᠡᠳᠬᠡᠵᠦ᠂ ᠠᠵᠢᠯᠯᠠᠭᠠᠨ ᠤ | ᠠᠮᠤᠷ ᠲᠦᠪᠰᠢᠨ ᠢ ᠦᠨᠡᠨᠬᠦ ᠪᠠᠲᠤᠯᠠᠨ᠎ᠠ᠃ ᠦᠵᠡᠮᠵᠢ ᠶᠢᠨ ᠣᠷᠣᠨ᠂ ᠰᠣᠶᠣᠯ ᠤᠨ ᠣᠷᠳᠣᠨ᠂ ᠮᠦᠽᠧᠶ ᠵᠡᠷᠭᠡ | ᠲᠠᠯᠠᠪᠤᠷ ᠣᠷᠳᠣᠨ ᠤ ᠲᠣᠭᠠᠴᠢᠯᠠᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠰᠦᠯᠵᠢᠶᠡᠨ | ᠳᠡᠭᠡᠷ᠎ᠡ ᠪᠣᠯᠵᠣᠵᠤ ᠤᠷᠢᠳᠴᠢᠯᠠᠨ ᠪᠣᠯᠵᠣᠬᠤ᠂ ᠤᠷᠤᠰᠬᠠᠯ ᠤᠨ ᠬᠡᠮᠵᠢᠶ᠎ᠡ ᠶᠢ ᠬᠢᠨᠠᠨ ᠬᠡᠮᠵᠢᠵᠦ ᠬᠢᠨᠠᠨ ᠡᠵᠡᠮᠳᠡᠬᠦ᠂ | ᠰᠢᠨᠵᠢᠯᠡᠬᠦ ᠤᠬᠠᠭᠠᠨᠴᠢ ᠪᠠᠷ ᠬᠥᠲᠥᠯᠦᠨ ᠵᠢᠯᠣᠭᠤᠳᠴᠤ ᠰᠠᠯᠭᠠᠬᠤ᠂ ᠵᠢᠭᠤᠯᠴᠢᠯᠠᠨ ᠬᠥᠲᠥᠯᠥᠨ ᠵᠢᠯᠣᠭᠤᠳᠬᠤ ᠵᠡᠷᠭᠡ | ᠦᠢᠯᠡᠴᠢᠯᠡᠭᠡᠨ ᠤ ᠴᠢᠳᠠᠮᠵᠢ ᠶᠢ ᠰᠢᠯᠢᠳᠡᠭᠵᠢᠭᠦᠯᠦᠨ᠎ᠡ᠃ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠲᠤᠨᠤᠭ ᠲᠦᠬᠦᠬᠡᠷᠦᠮᠵᠢ ᠪᠠ ᠮᠡᠳᠡᠭᠡ ᠵᠠᠩᠬᠢᠵᠢᠯᠳᠠ ᠶᠢᠨ ᠲᠦᠬᠦᠬᠡᠷᠦᠮᠵᠢ ᠶᠢᠨ ᠲᠠᠪᠬᠤᠴᠠᠵᠦ ᠳᠡᠰ ᠳᠡᠪᠰᠢᠬᠦ ᠶᠢ | ᠠᠬᠢᠭᠤᠯᠵᠤ᠂ ᠨᠥᠬᠦᠴᠡᠯ ᠪᠦᠷᠢᠯᠳᠦᠭᠦᠯᠦᠭᠰᠡᠨ ᠡᠮᠴᠢᠯᠡᠭᠡᠨ ᠤ ᠪᠠᠶᠢᠭᠤᠯᠤᠮᠵᠢ ᠶᠢ ᠵᠤᠷᠢᠬᠵᠢᠭᠤᠯᠵᠤ ᠪᠠᠶᠢᠭᠠᠳ | ᠠᠨᠠᠭᠠᠬᠤ ᠤᠬᠠᠭᠠᠨ ᠤ ᠵᠢᠷᠤᠭ ᠲᠦᠷᠰᠦ᠂ ᠰᠠᠴᠤᠷᠠᠭ ᠤᠨ ᠵᠠᠰᠠᠯᠳᠡ᠂ ᠠᠯᠤᠰ ᠠᠴᠠ ᠣᠨᠣᠰᠢᠯᠠᠨ ᠡᠮᠨᠡᠬᠦ᠂ ᠮᠡᠰᠡ | ᠵᠠᠰᠠᠯ ᠤᠨ ᠮᠠᠰᠢᠨ ᠬᠦᠮᠦᠨ᠂ ᠰᠢᠯᠭᠠᠨ ᠪᠠᠶᠢᠴᠠᠭᠠᠬᠤ ᠵᠡᠷᠭᠡ ᠡᠮᠴᠢᠯᠡᠭᠡᠨ ᠤ ᠲᠤᠨᠤᠭ ᠲᠦᠬᠦᠬᠡᠷᠦᠮᠵᠢ ᠶᠢ ᠰᠢᠨᠡᠳᠭᠡᠨ | ᠦᠭᠡᠷᠡᠴᠢᠯᠡᠬᠦ ᠶᠢ ᠲᠦᠷᠭᠡᠳᠭᠡᠵᠤ᠂ ᠡᠮᠴᠢᠯᠡᠭᠡᠨ ᠤ ᠲᠤᠨᠤᠭ ᠲᠦᠬᠦᠬᠡᠷᠦᠮᠵᠢ ᠶᠢᠨ ᠬᠢᠷᠢ ᠲᠦᠪᠰᠢᠨ ᠢ ᠤᠯᠠᠮ ᠨᠢᠭᠡ | ᠠᠯᠬᠤᠮ ᠳᠡᠭᠡᠭᠰᠢᠯᠡᠭᠦᠯᠦᠨ᠂ ᠡᠯᠧᠺᠳ᠋ᠷᠣᠨ ᠡᠪᠡᠳᠴᠢᠨ ᠤ ᠲᠡᠤᠬᠡ ᠪᠠᠷ ᠭᠤᠣᠯ ᠪᠣᠯᠭᠠᠭᠰᠠᠨ ᠡᠮᠨᠡᠯᠭᠡ ᠶᠢᠨ | ᠬᠤᠷᠢᠶᠠᠨ ᠤ ᠮᠡᠳᠡᠭᠡ ᠵᠠᠩᠬᠢᠵᠢᠯᠳᠠ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ᠰᠢᠯᠵᠢᠮᠡᠯ ᠤᠶᠤᠨᠲᠤ | ᠡᠮᠴᠢᠯᠡᠭᠡ᠂ ᠠᠯᠤᠰ ᠡᠵᠡᠮᠰᠢᠯᠳᠦ ᠣᠨᠣᠰᠢᠯᠠᠨ ᠡᠮᠨᠡᠬᠦ ᠬᠡᠷᠡᠭᠯᠡᠭᠡᠨ ᠤ ᠪᠠᠶᠢᠭᠤᠯᠤᠯᠲᠠ ᠶᠢ ᠥᠷᠭᠡᠳᠬᠡᠨ᠂ ᠴᠢᠨᠠᠷ | ᠰᠠᠶᠢᠲᠠᠶ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ | ᠠᠬᠢᠭᠤᠯᠤᠨ᠎ᠠ᠃ ᠡᠮᠴᠢᠯᠡᠭᠡᠨ ᠤ ᠪᠠᠶᠢᠭᠤᠯᠤᠮᠵᠢ ᠶᠢᠨ ᠡᠪᠡᠳᠴᠢᠲᠡᠨ ᠤ ᠥᠷᠥᠭᠡ ᠶᠢ ᠳᠥᠭᠦᠮᠴᠢᠯᠡᠬᠦ᠂ | ᠪᠠᠷᠢᠮᠵᠢᠶᠠᠵᠢᠭᠤᠯᠬᠤ᠂ ᠤᠶᠤᠨᠴᠢᠯᠠᠬᠤ ᠥᠭᠡᠷᠡᠴᠢᠯᠡᠨ ᠳᠡᠭᠡᠭᠰᠢᠯᠡᠭᠦᠯᠬᠦ ᠶᠢ ᠠᠬᠢᠭᠤᠯᠵᠤ᠂ ᠡᠪᠡᠳᠴᠢᠲᠡᠨ ᠤ | ᠦᠷᠦᠭᠡ ᠶᠢᠨ ᠣᠷᠴᠢᠨ ᠲᠣᠭᠤᠷᠢᠨ ᠬᠢᠭᠡᠳ ᠪᠡᠯᠡᠳᠬᠡᠮᠵᠢ ᠶᠢᠨ ᠳᠤᠲᠠᠭᠤᠳᠠᠯ ᠢ ᠨᠥᠬᠦᠪᠦᠷᠢᠯᠡᠵᠦ᠂ ᠬᠠᠷᠰᠢ ᠰᠠᠭᠠᠳ | ᠦᠭᠡᠢ ᠪᠡᠯᠡᠳᠬᠡᠮᠵᠢ ᠶᠢ ᠲᠡᠭᠦᠯᠳᠡᠷᠵᠢᠭᠦᠯᠦᠨ᠂ ᠡᠪᠡᠳᠴᠢᠲᠡᠨ ᠤ ᠡᠪᠡᠳᠴᠢᠨ ᠦᠵᠡᠭᠦᠯᠬᠦ ᠥᠩᠭᠡᠷᠡᠯᠲᠡ ᠶᠢ | ᠳᠡᠭᠡᠭᠰᠢᠯᠡᠭᠦᠯᠬᠦ ᠬᠡᠷᠡᠭᠲᠡᠢ᠃ | ︵ᠬᠤᠶᠠᠷ︶ ᠬᠡᠷᠡᠭᠯᠡᠭᠡᠨ ᠤ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠶᠠᠪᠤᠭᠤᠯᠬᠤ | 1. ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠨᠡᠮᠡᠭᠳᠡᠭᠦᠯᠦᠨ᠎ᠡ᠃ | ᠮᠠᠰᠢᠨ ᠲᠡᠷᠭᠡ ᠶᠢ ᠠᠯᠪᠠᠳᠠᠯᠭ᠎ᠠ ᠪᠠᠷ ᠬᠡᠷᠡᠭᠯᠡᠭᠡᠨ ᠠᠴᠠ ᠭᠠᠷᠭᠠᠬᠤ ᠪᠠᠷᠢᠮᠵᠢᠶ᠎ᠠ ᠪᠠ ᠲᠡᠷᠭᠡ ᠬᠥᠰᠬᠡ ᠶᠢᠨ ᠠᠮᠤᠷ | ᠲᠦᠪᠰᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠪᠠᠷᠢᠮᠵᠢᠶ᠎ᠠ ᠶᠢ ᠴᠢᠩᠭ᠎ᠠ | ᠬᠡᠷᠡᠭᠵᠢᠭᠦᠯᠵᠦ᠂ ᠬᠡᠷᠡᠭᠯᠡᠭᠡᠨ ᠠᠴᠠ ᠭᠠᠷᠭᠠᠬᠤ ᠪᠠᠷᠢᠮᠵᠢᠶ᠎ᠠ ᠳᠤ ᠨᠡᠶᠢᠴᠡᠬᠦ ᠬᠠᠭᠤᠴᠢᠨ ᠮᠠᠰᠢᠨ ᠲᠡᠷᠭᠡ ᠶᠢ ᠬᠠᠤᠯᠢ | ᠲᠣᠭᠲᠠᠭᠠᠯ ᠶᠣᠰᠣᠭᠠᠷ ᠬᠠᠶᠠᠬᠤ ᠶᠢ ᠬᠥᠲᠥᠯᠥᠨ ᠵᠢᠯᠣᠭᠤᠳᠴᠤ᠂ ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ | ᠰᠣᠯᠢᠬᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠮᠠᠰᠢᠨ ᠲᠡᠷᠭᠡᠨ ᠤ ᠬᠡᠷᠡᠭᠯᠡᠭᠡᠨ ᠤ | ᠳᠠᠯᠳᠠ ᠬᠦᠴᠦᠨ ᠢ ᠠᠭᠤᠳᠠᠯᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠡᠷᠡᠭᠯᠡᠭᠡᠨ ᠤ | ᠲᠡᠮᠳᠡᠭᠲᠦ ᠵᠡᠷᠭᠡ ᠪᠣᠷᠣᠯᠠᠭᠤᠯᠭ᠎ᠠ ᠶᠢ ᠠᠬᠢᠭᠤᠯᠬᠤ ᠳᠡᠮᠵᠢᠯᠭᠡ ᠶᠢᠨ ᠠᠷᠭ᠎ᠠ ᠮᠠᠶ᠋ᠢᠭ ᠢ ᠠᠪᠴᠤ᠂ ᠬᠠᠮᠢᠶ᠎ᠠ ᠪᠥᠬᠦᠶ | ᠱᠠᠭᠠᠷᠳᠠᠯᠭ᠎ᠠ ᠳᠤ ᠨᠡᠶᠢᠴᠡᠬᠦ ᠰᠢᠨ᠎ᠡ ᠡᠨᠧᠷᠭᠢ ᠵᠢᠴᠢ ᠰᠢᠲᠠᠭᠠᠯᠭ᠎ᠠ ᠶᠢᠨ ᠲᠣᠰᠣᠨ ᠤ ᠲᠡᠷᠭᠡ ᠬᠥᠰᠬᠡ ᠶᠢ ᠬᠤᠳᠠᠯᠳᠤᠨ | ᠠᠪᠬᠤ ᠳᠤ ᠵᠣᠬᠢᠬᠤ ᠨᠥᠬᠦᠪᠥᠷᠢ ᠥᠭᠴᠦ᠂ ᠬᠡᠷᠡᠭᠯᠡᠭᠡᠨ ᠤ ᠢᠲᠡᠭᠡᠮᠵᠢᠲᠦ ᠵᠢᠭᠡᠯᠡᠯᠭᠡ᠂ ᠬᠤᠭᠤᠴᠠᠭ᠎ᠠ ᠬᠤᠪᠢᠶᠠᠨ | ᠪᠠᠷᠠᠭ᠎ᠠ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢ ᠠᠪᠴᠤ᠂ ᠪᠣᠷᠣᠯᠠᠭᠤᠯᠬᠤ ᠠᠵᠤ ᠠᠬᠤᠶᠢᠯᠠᠯ ᠤᠨ ᠠᠰᠢᠭ | ᠬᠦᠷᠲᠡᠭᠡᠵᠦ ᠠᠷᠠᠳ ᠲᠤ ᠠᠰᠢᠭ ᠬᠦᠷᠲᠡᠭᠡᠬᠦ ᠶᠢ ᠵᠣᠷᠢᠭᠵᠢᠭᠤᠯᠤᠨ᠎ᠠ᠃ ᠠᠵᠤ ᠠᠬᠤᠶᠢᠯᠠᠯ ᠤᠨ ᠡᠭᠡᠭᠦᠯᠦᠨ | ᠬᠤᠷᠢᠶᠠᠬᠤ ᠦᠢᠯᠡᠴᠢᠯᠡᠭᠡ ᠪᠠ ᠡᠬᠢ ᠪᠠᠶᠠᠯᠢᠭᠵᠢᠭᠤᠯᠤᠨ ᠶᠡᠷᠦᠩᠬᠡᠶᠢᠯᠡᠨ ᠠᠰᠢᠭᠯᠠᠬᠤ ᠬᠢᠷᠢ ᠬᠡᠮᠵᠢᠶ᠎ᠡ ᠶᠢ | ᠳᠡᠭᠡᠭᠰᠢᠯᠡᠭᠦᠯᠵᠦ᠂ ᠠᠷᠠᠯᠵᠢᠶᠠᠯᠠᠬᠤ᠂ ᠫᠠᠶᠢᠰᠠ ᠭᠠᠷᠭᠠᠬᠤ᠂ ᠭᠠᠳᠠᠭᠠᠳᠤ ᠳᠤ ᠭᠠᠷᠭᠠᠬᠤ᠂ ᠰᠡᠯᠪᠢᠨ ᠵᠠᠰᠠᠬᠤ ᠵᠡᠷᠭᠡ | ᠮᠠᠰᠢᠨ ᠲᠡᠷᠭᠡᠨ ᠤ ᠬᠡᠷᠡᠭᠯᠡᠭᠡ ᠶᠢᠨ ᠪᠦᠬᠦ ᠦᠶᠡᠯᠡᠯ ᠤᠨ ᠬᠤᠭᠤᠴᠠᠭ᠎ᠠ ᠶᠢᠨ ᠲᠣᠭᠤᠷᠢᠨ ᠳᠤ ᠬᠠᠮᠢᠶ᠎ᠠ ᠪᠦᠬᠦᠢ | ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ 2024 ᠣᠨ ᠳᠤ ᠬᠠᠭᠤᠴᠢᠨ ᠲᠡᠷᠭᠡ ᠪᠠᠨ | 1000 ᠮᠠᠰᠢᠨ ᠠᠴᠠ ᠳᠡᠭᠡᠭᠰᠢ ᠰᠣᠯᠢᠬᠤ ᠪᠠᠷ ᠴᠢᠷᠮᠠᠶᠢᠨ᠎ᠠ᠃ | 2. ᠭᠡᠷ ᠤᠨ ᠴᠠᠬᠢᠯᠭᠠᠨ ᠬᠡᠷᠡᠭᠰᠡᠯ ᠤᠨ ᠦᠢᠯᠡᠳᠬᠦᠨ ᠨᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ | ᠵᠣᠷᠢᠭᠵᠢᠭᠤᠯᠤᠨ᠎ᠠ᠃ ᠭᠡᠷ ᠤᠨ ᠴᠠᠬᠢᠯᠭᠠᠨ ᠬᠡᠷᠡᠭᠰᠡᠯ ᠪᠣᠷᠣᠯᠠᠭᠤᠯᠬᠤ ᠠᠵᠤ ᠠᠬᠤᠶᠢᠯᠠᠯ ᠤᠨ ᠬᠠᠮᠲᠤᠷᠠᠨ | ᠦᠢᠯᠡᠳᠪᠦᠷᠢᠯᠡᠬᠦ ᠠᠵᠤ ᠠᠬᠤᠶᠢᠯᠠᠯ᠂ ᠡᠭᠡᠭᠦᠯᠦᠨ ᠬᠤᠷᠢᠶᠠᠬᠤ ᠠᠵᠤ ᠠᠬᠤᠶᠢᠯᠠᠯ ᠤᠨ ᠬᠠᠭᠤᠴᠢᠨ ᠢᠶᠠᠷ ᠰᠢᠨ᠎ᠡ ᠶᠢ | ᠰᠣᠯᠢᠵᠤ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠥᠷᠨᠢᠭᠦᠯᠬᠦ ᠶᠢ ᠳᠡᠮᠵᠢᠵᠦ᠂ ᠭᠡᠷ ᠤᠨ ᠴᠠᠬᠢᠯᠭᠠᠨ ᠬᠡᠷᠡᠭᠰᠡᠯ ᠢ | ᠰᠢᠨᠡᠳᠬᠡᠬᠦ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠪᠠᠳᠠᠷᠠᠭᠤᠯᠤᠨ᠎ᠠ᠃ ᠬᠠᠶᠠᠭᠳᠠᠮᠠᠯ ᠭᠡᠷ ᠤᠨ ᠴᠠᠬᠢᠯᠭᠠᠨ | ᠬᠡᠷᠡᠭᠰᠡᠯ ᠢ ᠬᠤᠷᠢᠶᠠᠨ ᠠᠪᠴᠤ ᠪᠦᠬᠦ ᠬᠡᠯᠬᠢᠶᠡᠰᠦ ᠪᠠᠷ ᠱᠢᠢᠳᠪᠦᠷᠢᠯᠡᠬᠦ ᠶᠢ ᠵᠣᠷᠢᠭᠵᠢᠭᠤᠯᠤᠨ᠎ᠠ᠃ ᠰᠦᠯᠵᠢᠶᠡᠨ | ᠳᠡᠭᠡᠷᠡᠬᠢ ᠪᠠ ᠰᠦᠯᠵᠢᠶᠡᠨ ᠭᠠᠳᠠᠨᠠᠬᠢ ᠬᠡᠷ ᠤᠨ ᠴᠠᠬᠢᠯᠭᠠᠨ ᠬᠡᠷᠡᠭᠰᠡᠯ ᠢ ᠬᠠᠭᠤᠴᠢᠨ ᠢᠶᠠᠷ ᠰᠢᠨ᠎ᠡ ᠶᠢ ᠰᠣᠯᠢᠬᠤ | ᠲᠤᠰᠬᠠᠶ ᠲᠣᠭᠤᠷᠢᠭ ᠭᠠᠷᠭᠠᠵᠤ᠂ ︽ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ᠂ ᠦᠢᠯᠡᠳᠬᠦᠨ ᠤ | ᠦᠢᠯᠡᠴᠢᠯᠡᠭᠡ᠂ ᠵᠢᠵᠢᠭᠯᠡᠨ ᠬᠤᠳᠠᠯᠳᠤᠬᠤ ᠶᠢ ᠪᠡᠶᠡᠴᠢᠯᠡᠨ ᠣᠶᠢᠯᠠᠭᠠᠬᠤ︾ ᠵᠡᠷᠭᠡ ᠵᠠᠭᠪᠤᠷ ᠢ ᠲᠡᠭᠦᠯᠳᠡᠷᠵᠢᠭᠦᠯᠦᠨ᠂ | ᠬᠠᠭᠤᠴᠢᠨ ᠬᠡᠷ ᠤᠨ ᠴᠠᠬᠢᠯᠭᠠᠨ ᠬᠡᠷᠡᠭᠰᠡᠯ ᠢ ᠰᠣᠯᠢᠵᠤ ᠬᠤᠳᠠᠯᠳᠤᠨ ᠠᠪᠬᠤ ᠪᠠᠷ ᠡᠨᠧᠷᠭᠢ ᠠᠷᠪᠢᠯᠠᠬᠤ ᠰᠢᠨ᠎ᠡ | ᠬᠡᠷ ᠤᠨ ᠴᠠᠬᠢᠯᠭᠠᠨ ᠬᠡᠷᠡᠭᠰᠡᠯ ᠬᠤᠳᠠᠯᠳᠤᠨ ᠠᠪᠬᠤ ᠬᠡᠷᠡᠭᠯᠡᠭᠴᠢᠳ ᠲᠤ ᠬᠠᠷᠠᠭᠠᠯᠵᠠᠯ ᠦᠵᠡᠭᠦᠯᠵᠦ᠂ ᠬᠡᠷ ᠤᠨ | ᠴᠠᠬᠢᠯᠭᠠᠨ ᠬᠡᠷᠡᠭᠰᠡᠯ ᠢ ᠬᠠᠭᠤᠴᠢᠨ ᠢᠶᠠᠷ ᠰᠢᠨ᠎ᠡ ᠶᠢ ᠰᠣᠯᠢᠵᠤ ᠨᠡᠶᠢᠭᠡᠮ ᠲᠣᠭᠤᠷᠢᠭ᠂ ᠬᠦᠷᠢᠶᠡᠯᠡᠩ ᠲᠣᠭᠤᠷᠢᠭ᠂ | ᠪᠠᠶᠢᠭᠤᠯᠭ᠎ᠠ ᠳᠤ ᠣᠷᠣᠭᠤᠯᠵᠤ᠂ ᠬᠡᠷ ᠤᠨ ᠴᠠᠬᠢᠯᠭᠠᠨ ᠬᠡᠷᠡᠭᠰᠡᠯ ᠬᠤᠳᠠᠯᠳᠤᠭᠰᠠᠨ ᠤ ᠳᠠᠷᠠᠭᠠᠬᠢ ᠦᠶ᠋ᠯᠡᠴᠢᠯᠡᠭᠡ ᠶᠢ | ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠦᠨ᠎ᠡ᠃ | 3. ᠭᠡᠷ ᠪᠦᠯᠢ ᠶᠢᠨ ᠬᠤᠪᠴᠠᠰᠤ ᠬᠤᠨᠠᠷ ᠤᠨ ᠬᠡᠷᠡᠭᠯᠡᠭᠡ ᠶᠢᠨ ᠰᠢᠨ᠎ᠡ ᠶᠢ ᠰᠣᠯᠢᠬᠤ ᠶᠢ ᠠᠬᠢᠭᠤᠯᠤᠨ᠎ᠠ᠃ | ᠨᠥᠬᠦᠴᠡᠯ ᠲᠠᠢ ᠰᠠᠭᠤᠭᠠᠯᠢ ᠠᠷᠠᠳ ᠤᠨ ᠣᠷᠣᠨ ᠰᠠᠭᠤᠴᠠ ᠶᠢ ᠵᠠᠬ᠎ᠠ ᠳᠡᠯᠭᠡᠭᠦᠷᠴᠢᠯᠡᠬᠦ᠂ ᠬᠤᠳᠠᠯᠳᠤᠭᠠᠴᠢᠯᠠᠭᠰᠠᠨ | ᠵᠠᠭᠪᠤᠷ ᠢᠶᠠᠷ ᠵᠠᠰᠠᠨ ᠴᠢᠮᠡᠭᠯᠡᠬᠦ ᠪᠠᠷ ᠳᠠᠮᠵᠢᠭᠤᠯᠤᠨ ᠥᠭᠡᠷᠡᠴᠢᠯᠡᠨ ᠰᠠᠶᠢᠵᠢᠷᠠᠭᠤᠯᠬᠤ ᠶᠢ ᠳᠡᠮᠵᠢᠵᠦ᠂ ᠬᠡᠷ ᠤᠨ | ᠴᠢᠮᠡᠭᠯᠡᠯ ᠤᠨ ᠲᠣᠭᠤᠭᠠᠨ ᠬᠡᠷ ᠤᠨ ᠡᠷᠡᠭᠦᠯ ᠬᠠᠮᠠᠭᠠᠯᠠᠯ ᠤᠨ ᠰᠢᠨᠡᠴᠢᠯᠡᠯᠲᠡ ᠶᠢᠨ ᠢᠨᠵᠧᠨᠧᠷᠢᠩ ᠢ ᠬᠡᠷᠡᠭᠵᠢᠭᠦᠯᠦᠨ᠂ | ᠬᠠᠭᠤᠴᠢᠨ ᠬᠡᠷ ᠪᠠᠶᠢᠰᠢᠩ ᠢ ᠵᠠᠰᠠᠨ ᠴᠢᠮᠡᠭᠯᠡᠬᠦ᠂ ᠲᠣᠭᠤᠭᠠᠨ ᠬᠡᠷ ᠤᠨ ᠡᠷᠡᠭᠦᠯ ᠬᠠᠮᠠᠭᠠᠯᠠᠯ ᠤᠨ ᠰᠢᠨᠡᠴᠢᠯᠡᠯᠲᠡ ᠵᠡᠷᠭᠡ | ᠬᠡᠰᠡᠭ ᠲᠠᠯ᠎ᠠ ᠶᠢᠨ ᠥᠭᠡᠷᠡᠴᠢᠯᠡᠯᠲᠡ ᠪᠠ ᠨᠠᠰᠤᠵᠢᠯᠲᠠ ᠳᠤ ᠳᠣᠭᠢᠷᠠᠬᠤ ᠥᠭᠡᠷᠡᠴᠢᠯᠡᠯᠲᠡ ᠶᠢ ᠥᠷᠨᠢᠭᠦᠯᠬᠦ ᠶᠢ | ᠵᠣᠷᠢᠭᠵᠢᠭᠤᠯᠵᠤ᠂ ᠬᠡᠷᠡᠭᠯᠡᠭᠡᠨ ᠤ ᠳᠠᠯᠳᠠ ᠬᠦᠴᠦᠨ ᠢ ᠠᠭᠤᠳᠠᠯᠤᠨ᠂ ᠥᠭᠡᠷᠡᠴᠢᠯᠡᠬᠦ ᠳᠤᠷᠠᠲᠠᠶ ᠪᠦᠬᠦᠨ ᠢ | ᠥᠭᠡᠷᠡᠴᠢᠯᠡᠨ ᠰᠠᠶᠢᠵᠢᠷᠠᠭᠤᠯᠬᠤ ᠶᠢ ᠪᠡᠶᠡᠯᠡᠭᠦᠯᠦᠨ᠎ᠡ᠃ ᠭᠡᠷ ᠤᠨ ᠬᠡᠷᠡᠭᠰᠡᠯ ᠢ ᠰᠦᠢᠳᠬᠡᠯ ᠬᠤᠷᠢᠶᠠᠬᠤ ᠦᠭᠡᠶ ᠪᠠᠷ | ᠭᠡᠷ ᠲᠤᠨᠢ ᠣᠴᠢᠵᠤ ᠬᠠᠭᠤᠴᠢᠨ ᠦᠢᠯᠡᠴᠢᠯᠡᠭᠡ ᠬᠤᠷᠢᠶᠠᠬᠤ ᠶᠢ ᠲᠡᠭᠦᠯᠳᠡᠷᠵᠢᠭᠦᠯᠵᠦ᠂ ᠤᠶᠤᠨᠲᠤ ᠭᠡᠷ ᠤᠨ ᠬᠡᠷᠡᠭᠰᠡᠯ | ᠵᠡᠷᠭᠡ ᠰᠢᠨ᠎ᠡ ᠬᠡᠯᠪᠡᠷᠢ ᠶᠢᠨ ᠬᠡᠷᠡᠭᠯᠡᠭᠡ ᠶᠢ ᠪᠤᠶᠢᠵᠢᠭᠤᠯᠵᠤ᠂ ᠭᠡᠷ ᠤᠨ ᠤᠭᠰᠠᠷᠠᠬᠤ ᠬᠡᠪ ᠵᠠᠭᠪᠤᠷ ᠤᠨ | ᠬᠤᠭᠤᠷᠣᠨᠳᠣ ᠪᠠᠨ ᠬᠤᠳᠠᠯᠳᠤᠭᠠᠨ ᠤ ᠲᠠᠯᠠᠪᠤᠷ᠂ ᠨᠡᠶᠢᠭᠡᠮ ᠲᠣᠭᠤᠷᠢᠭ᠂ ᠲᠠᠪᠴᠠᠩ ᠳᠤ ᠣᠷᠣᠭᠤᠯᠬᠤ ᠶᠢ | ᠠᠬᠢᠭᠤᠯᠤᠨ᠎ᠠ᠃ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠢ ᠵᠣᠷᠢᠬᠵᠢᠭᠤᠯᠵᠤ ᠪᠠᠶᠢᠭᠠᠳ ᠪᠣᠬᠢᠷᠳᠤᠯ ᠦᠭᠡᠢ | ᠤᠶᠤᠨᠴᠢᠯᠠᠭᠰᠠᠨ ᠭᠡᠷ ᠤᠨ ᠡᠳ᠋ᠯᠡᠯ ᠬᠡᠷᠡᠭᠰᠡᠯ ᠬᠤᠳᠠᠯᠳᠤᠨ ᠠᠪᠬᠤ ᠳᠤ ᠵᠣᠬᠢᠬᠤ ᠬᠠᠷᠠᠭᠠᠯᠵᠠᠯ ᠦᠵᠡᠭᠦᠯᠦᠨ᠎ᠡ᠃ | ︵ᠭᠤᠷᠪᠠ︶ ᠡᠭᠡᠭᠦᠯᠦᠨ ᠬᠤᠷᠢᠶᠠᠵᠤ ᠡᠷᠭᠢᠯᠳᠦᠭᠦᠯᠦᠨ ᠠᠰᠢᠭᠯᠠᠬᠤ ᠠᠵᠢᠯᠯᠠᠭ᠎ᠠ ᠶᠢ ᠬᠡᠷᠡᠭᠵᠢᠭᠦᠯᠬᠦ | 1. ᠬᠠᠶᠠᠭᠳᠠᠮᠠᠯ ᠬᠠᠭᠤᠴᠢᠨ ᠦᠢᠯᠡᠳᠬᠦᠨ ᠤ ᠲᠥᠬᠦᠭᠡᠷᠦᠮᠵᠢ ᠶᠢ ᠡᠭᠡᠭᠦᠯᠦᠨ ᠬᠤᠷᠢᠶᠠᠬᠤ ᠲᠣᠤᠷ | ᠰᠦᠯᠵᠢᠶ᠎ᠡ ᠶᠢ ᠲᠡᠭᠦᠯᠳᠡᠷᠵᠢᠭᠦᠯᠦᠨ᠎ᠡ᠃ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠨ | ᠲᠡᠭᠡᠭᠡᠪᠦᠷᠢᠯᠡᠬᠦ ᠰᠢᠰᠲ᠋ᠧᠮ ᠪᠣᠯᠤᠨ ᠳᠠᠬᠢᠯᠲᠠ ᠡᠬᠢ ᠪᠠᠶᠠᠯᠢᠭ ᠢ ᠬᠤᠷᠢᠶᠠᠨ ᠠᠪᠬᠤ ᠰᠢᠰᠲ᠋ᠧᠮ ᠢ ᠲᠥᠯᠥᠪᠵᠢᠭᠦᠯᠬᠦ᠂ | ᠪᠦᠲᠦᠭᠡᠨ ᠪᠠᠶᠢᠭᠤᠯᠬᠤ᠂ ᠡᠵᠡᠩᠨᠡᠬᠦ ᠲᠠᠯ᠎ᠠ ᠪᠠᠷ ︽ᠬᠤᠶᠠᠷ ᠲᠣᠣᠷ ᠢ ᠠᠭᠤᠰᠤᠯᠴᠠᠭᠤᠯᠬᠤ︾ ᠶᠢ ᠠᠬᠢᠭᠤᠯᠤᠨ᠎ᠠ᠃ | ᠪᠠᠷᠢᠮᠵᠢᠶᠠᠵᠢᠭᠤᠯᠤᠭᠰᠠᠨ᠂ ᠵᠢᠷᠤᠮᠵᠢᠭᠤᠯᠤᠭᠰᠠᠨ᠂ ᠣᠯᠠᠨ ᠡᠰᠢᠵᠢᠭᠰᠡᠨ ᠡᠭᠡᠭᠦᠯᠦᠨ ᠬᠤᠷᠢᠶᠠᠬᠤ ᠴᠢᠭ᠂ ᠥᠷᠲᠡᠭᠡ᠂ | ᠲᠠᠯᠠᠪᠤᠷ ᠭᠤᠷᠪᠠᠨ ᠱᠠᠲᠤᠨ ᠤ ᠡᠭᠡᠭᠦᠯᠦᠨ ᠬᠤᠷᠢᠶᠠᠬᠤ ᠲᠣᠤᠷ ᠰᠦᠯᠵᠢᠶ᠎ᠡ ᠶᠢ ᠲᠦᠷᠭᠡᠳᠬᠡᠨ ᠪᠠᠶᠢᠭᠤᠯᠬᠤ ᠬᠡᠷᠡᠭᠲᠡᠶ᠃ | ᠣᠳᠣ ᠪᠠᠶᠢᠭ᠎ᠠ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠠᠵᠤ ᠠᠬᠤᠶᠢᠯᠠᠯ ᠤᠨ ᠡᠵᠡᠩᠨᠡᠯᠲᠡ ᠶᠢᠨ | ᠠᠷᠭ᠎ᠠ ᠮᠠᠶ᠋ᠢᠭ ᠢ ᠵᠢᠷᠤᠮᠵᠢᠭᠤᠯᠵᠤ᠂ ᠭᠤᠤᠯᠯᠠᠬᠤ ᠠᠵᠤ ᠠᠬᠤᠶᠢᠯᠠᠯ ᠢ ᠪᠤᠶᠢᠵᠢᠭᠤᠯᠬᠤ ᠬᠡᠷᠡᠭᠲᠡᠶ᠃ ᠡᠯᠧᠺᠳ᠋ᠷᠣᠨ | ᠬᠤᠳᠠᠯᠳᠤᠭᠠᠨ ᠤ ᠶᠠᠪᠤᠳᠠᠯ ᠤᠨ ᠲᠠᠪᠴᠠᠩ ᠪᠠ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ︽ᠰᠢᠨ᠎ᠡ ᠶᠢ | ᠰᠣᠯᠢᠬᠤ + ᠬᠤᠷᠢᠶᠠᠨ ᠠᠪᠬᠤ︾ ᠠᠷᠭ᠎ᠠ ᠵᠠᠮ ᠪᠠᠶᠢᠭᠤᠯᠬᠤ ᠶᠢ ᠠᠬᠢᠭᠤᠯᠵᠤ᠂ ᠰᠥᠷᠭᠡᠦ ᠪᠠᠷᠠᠭᠠᠨ ᠤ ᠭᠦᠢᠯᠭᠡᠭᠡᠨ ᠤ | ᠰᠢᠰᠲ᠋ᠧᠮ ᠢ ᠰᠦᠪᠡᠭᠴᠢᠯᠡᠨ ᠪᠠᠶᠢᠭᠤᠯᠤᠨ᠎ᠠ᠃ ᠭᠠᠵᠠᠷ ᠣᠷᠣᠨ ᠤ ᠪᠣᠳᠠᠲᠤ ᠪᠠᠶᠢᠳᠠᠯ ᠪᠣᠯᠤᠨ ᠰᠢᠶ᠋ᠳᠪᠦᠷᠢᠯᠡᠬᠦ | ᠴᠢᠳᠠᠪᠤᠷᠢ ᠶᠢ ᠦᠨᠳᠦᠰᠦᠯᠡᠨ᠂ ᠬᠡᠷᠡᠭᠯᠡᠭᠡᠨ ᠠᠴᠠ ᠭᠠᠷᠭᠠᠭᠰᠠᠨ ᠮᠠᠰᠢᠨ ᠲᠡᠷᠭᠡ ᠶᠢ ᠵᠠᠳᠠᠯᠵᠤ ᠰᠠᠯᠭᠠᠬᠤ ᠠᠵᠤ | ᠠᠬᠤᠶᠢᠯᠠᠯ ᠤᠨ ᠵᠦᠢ ᠵᠣᠬᠢᠰᠲᠠᠶ ᠪᠠᠶᠢᠷᠢᠰᠢᠭᠤᠯᠤᠯ ᠢ ᠰᠢᠯᠢᠳᠡᠭᠵᠢᠭᠦᠯᠵᠦ᠂ ᠮᠠᠰᠢᠨ ᠲᠡᠷᠭᠡᠨ ᠤ ᠪᠦᠬᠦ ᠠᠮᠢ ᠨᠠᠰᠤᠨ ᠤ | ᠦᠶᠡᠯᠡᠯ ᠤᠨ ᠮᠡᠳᠡᠭᠡ ᠵᠠᠩᠭᠢ ᠶᠢᠨ ᠬᠠᠷᠢᠯᠴᠠᠨ ᠰᠣᠯᠢᠯᠴᠠᠬᠤ ᠰᠢᠰᠲ᠋ᠧᠮᠵᠢ ᠪᠠᠶᠢᠭᠤᠯᠬᠤ ᠶᠢ ᠠᠬᠢᠭᠤᠯᠬᠤ ᠬᠡᠷᠡᠭᠲᠡᠶ᠃ | ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠬᠡᠷ ᠲᠤᠨᠢ ᠬᠦᠷᠴᠦ ᠲᠡᠷᠭᠡ ᠬᠤᠷᠢᠶᠠᠬᠤ ᠦᠢᠯᠡᠴᠢᠯᠡᠭᠡᠨ ᠤ | ᠵᠠᠭᠪᠤᠷ ᠢ ᠳᠡᠯᠭᠡᠷᠡᠭᠦᠯᠵᠦ᠂ ᠡᠭᠡᠭᠦᠯᠦᠨ ᠬᠤᠷᠢᠶᠠᠵᠤ ᠵᠠᠳᠠᠯᠬᠤ ᠠᠵᠤ ᠠᠬᠤᠶᠢᠯᠠᠯ ᠤᠨ ᠡᠬᠢ ᠪᠠᠶᠠᠯᠢᠭ ᠤᠨ ᠥᠨᠳᠥᠷ | ᠥᠷᠲᠡᠭᠲᠦ ᠶᠡᠷᠦᠩᠬᠡᠶᠢᠯᠡᠨ ᠠᠰᠢᠭᠯᠠᠬᠤ ᠬᠢᠷᠢ ᠲᠦᠪᠰᠢᠨ ᠢ ᠨᠢ ᠳᠡᠭᠡᠭᠰᠢᠯᠡᠭᠦᠯᠬᠦ ᠶᠢ ᠵᠣᠷᠢᠭᠵᠢᠭᠤᠯᠵᠤ᠂ ᠳᠣᠤᠷᠠᠳᠤ | ᠤᠷᠤᠰᠬᠠᠯ ᠤᠨ ᠰᠡᠯᠪᠢᠭ ᠲᠣᠨᠤᠭ ᠢ ᠳᠠᠬᠢᠨ ᠦᠶ᠋ᠯᠡᠳᠬᠦ ᠲᠡᠶᠢᠰᠢ ᠥᠷᠭᠡᠳᠬᠡᠬᠦ ᠬᠡᠷᠡᠭᠲᠡᠢ᠃ ᠭᠡᠷ ᠤᠨ ᠬᠠᠶᠠᠭᠳᠠᠮᠠᠯ | ᠬᠠᠭᠤᠴᠢᠨ ᠴᠠᠬᠢᠯᠭᠠᠨ ᠬᠡᠷᠡᠭᠰᠡᠯ ᠵᠡᠷᠭᠡ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠵᠤ ᠠᠰᠢᠭᠯᠠᠬᠤ ᠠᠵᠤ | ᠠᠬᠤᠶᠢᠯᠠᠯ ᠢ ᠪᠤᠶᠢᠵᠢᠭᠤᠯᠵᠤ᠂ ᠭᠡᠷ ᠤᠨ ᠬᠠᠶᠠᠭᠳᠠᠮᠠᠯ ᠬᠠᠭᠤᠴᠢᠨ ᠴᠠᠬᠢᠯᠭᠠᠨ ᠬᠡᠷᠡᠭᠰᠡᠯ ᠢ ᠡᠭᠡᠭᠦᠯᠦᠨ ᠬᠤᠷᠢᠶᠠᠬᠤ | ᠲᠣᠤᠷ ᠰᠦᠯᠵᠢᠶ᠎ᠡ ᠶᠢ ᠲᠡᠭᠦᠯᠳᠡᠷᠵᠢᠭᠦᠯᠦᠨ᠂ ᠡᠭᠡᠭᠦᠯᠦᠨ ᠬᠤᠷᠢᠶᠠᠬᠤ ᠴᠢᠭ᠂ ᠳᠠᠮᠵᠢᠭᠤᠯᠬᠤ ᠥᠷᠲᠡᠭᠡ ᠪᠣᠯᠤᠨ | ᠢᠯᠭᠠᠬᠤ ᠲᠥᠪ ᠢ ᠵᠦᠢ ᠵᠣᠬᠢᠰᠲᠠᠶ ᠪᠠᠶᠢᠷᠢᠰᠢᠭᠤᠯᠵᠤ᠂ ᠰᠠᠭᠤᠭᠠᠯᠢ ᠠᠷᠠᠳ ᠲᠤ ᠭᠡᠷ ᠲᠤᠨᠢ ᠬᠦᠷᠴᠦ ᠡᠭᠡᠭᠦᠯᠦᠨ | ᠬᠤᠷᠢᠶᠠᠬᠤ ᠦᠢᠯᠡᠴᠢᠯᠡᠭᠡᠨ ᠬᠠᠩᠭᠠᠬᠤ ᠶᠢ ᠵᠣᠷᠢᠭᠵᠢᠭᠤᠯᠬᠤ ᠬᠡᠷᠡᠭᠲᠡᠶ᠃ ᠬᠠᠶᠠᠭᠳᠠᠮᠠᠯ ᠬᠠᠭᠤᠴᠢᠨ ᠦᠢᠯᠡᠳᠬᠦᠨ ᠢ | ᠡᠷᠭᠢᠯᠳᠦᠭᠦᠯᠦᠨ ᠠᠰᠢᠭᠯᠠᠬᠤ ᠶᠢ ᠠᠬᠢᠭᠤᠯᠵᠤ᠂ ᠡᠭᠡᠭᠦᠯᠦᠨ ᠬᠤᠷᠢᠶᠠᠵᠤ ᠡᠷᠭᠢᠯᠳᠦᠭᠦᠯᠦᠨ ᠠᠰᠢᠭᠯᠠᠬᠤ ᠬᠡᠯᠬᠢᠶ᠎ᠡ ᠶᠢ | ᠰᠠᠭᠠᠳ ᠦᠭᠡᠶ ᠨᠡᠪᠲᠡᠷᠡᠭᠦᠯᠵᠦ᠂ ᠰᠠᠶᠢᠨ ᠣᠷᠴᠢᠯ ᠢ ᠪᠣᠶ ᠪᠣᠯᠭᠠᠬᠤ ᠬᠡᠷᠡᠭᠲᠡᠶ᠃ | 2. ᠭᠠᠷ ᠳᠠᠮᠵᠢᠭᠰᠠᠨ ᠲᠠᠸᠠᠷ ᠤᠨ ᠭᠦᠢᠯᠭᠡᠭᠡᠨ ᠤ ᠠᠷᠠᠯᠵᠢᠶ᠎ᠠ ᠶᠢ ᠲᠦᠷᠭᠡᠳᠬᠡᠬᠦ ᠬᠡᠷᠡᠭᠲᠡᠶ᠃ ᠡᠯᠧᠺᠲᠷᠣᠨ | ᠦᠢᠯᠡᠳᠬᠦᠨ᠂ ᠭᠡᠷ ᠤᠨ ᠴᠠᠬᠢᠯᠭᠠᠨ ᠬᠡᠷᠡᠭᠰᠡᠯ᠂ ᠬᠤᠪᠴᠠᠰᠤ ᠬᠤᠨᠠᠷ᠂ ᠭᠡᠷ ᠤᠨ ᠬᠡᠷᠡᠭᠰᠡᠯ᠂ ᠨᠣᠮ ᠪᠢᠴᠢᠭ ᠵᠡᠷᠭᠡ | ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠳ ᠣᠳᠣ ᠪᠠᠶᠢᠭ᠎ᠠ ᠪᠣᠷᠣᠯᠠᠭᠤᠯᠤᠨ ᠬᠤᠳᠠᠯᠳᠤᠬᠤ ᠲᠣᠤᠷ | ᠰᠦᠯᠵᠢᠶ᠎ᠡ ᠪᠠᠨ ᠠᠰᠢᠭᠯᠠᠨ ᠵᠢᠷᠤᠮᠵᠢᠯ ᠲᠠᠢ ᠰᠤᠯᠠ ᠪᠠᠶᠢᠬᠤ ᠡᠳ᠋ ᠪᠠᠷᠠᠭ᠎ᠠ ᠶᠢᠨ ᠠᠷᠠᠯᠵᠢᠶ᠎ᠠ ᠥᠷᠨᠢᠭᠦᠯᠬᠦ ᠶᠢ | ᠵᠣᠷᠢᠭᠵᠢᠭᠤᠯᠬᠤ ᠬᠡᠷᠡᠭᠲᠡᠶ᠃ ᠨᠡᠶᠢᠭᠡᠮ ᠲᠣᠭᠤᠷᠢᠭ ᠤᠨ ᠭᠠᠷ ᠳᠠᠮᠵᠢᠭᠰᠠᠨ ᠲᠠᠸᠠᠷ ᠤᠨ ᠨᠠᠶᠢᠳᠠᠵᠤ ᠬᠤᠳᠠᠯᠳᠤᠬᠤ | ᠳᠡᠯᠭᠡᠭᠦᠷ ︵ᠴᠡᠭ︶ ᠪᠠᠶᠢᠭᠤᠯᠬᠤ ᠶᠢ ᠵᠣᠷᠢᠭᠵᠢᠭᠤᠯᠵᠤ᠂ ᠭᠠᠷ ᠳᠠᠮᠵᠢᠭᠰᠠᠨ ᠲᠠᠸᠠᠷ ᠤᠨ ᠠᠷᠠᠯᠵᠢᠶᠠᠨ ᠤ | ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠬᠤ ᠬᠡᠷᠡᠭᠲᠡᠶ᠃ ︽ᠢᠨᠲ᠋ᠧᠷ ᠰᠦᠯᠵᠢᠶ᠎ᠠ + | ᠭᠠᠷ ᠬᠦᠢᠴᠡᠳᠭᠡᠯ︾ ᠤᠨ ᠵᠬᠠᠪᠤᠷ ᠢ ᠵᠣᠷᠢᠠᠠᠵᠢᠭᠤᠯᠵᠦ᠂ ᠭᠠᠷ ᠳᠡᠮᠵᠢᠠᠠᠰᠠᠨ ᠳᠡᠸᠡᠷ ᠤᠨ ᠲᠣᠣᠷ ᠰᠦᠯᠵᠢᠶ᠎ᠠ ᠶᠢᠨ | ᠠᠷᠡᠯᠵᠢᠶ᠎ᠠ ᠶᠢᠨ ᠳᠡᠪᠴᠠᠩ ᠤᠨ ᠵᠢᠷᠦᠮᠵᠢᠭᠤᠯᠥᠨ ᠬᠦᠭᠵᠢᠬᠦ ᠶᠢ ᠠᠬᠢᠭᠤᠯᠥᠨ᠂ ᠠᠷᠡᠯᠵᠢᠶ᠎ᠠ ᠶᠢᠨ ᠳᠡᠪᠴᠠᠩ ᠤᠨ ᠠᠵᠦ | ᠠᠬᠤᠶᠢᠯᠠᠯ ᠤᠨ ᠢᠳᠡᠭᠡᠮᠵᠢ ᠶᠢᠨ ᠳᠡᠮᠳᠡᠭᠯᠡᠯ᠂ ᠬᠠᠦᠯᠢ ᠠᠴᠠ ᠵᠦᠷᠢᠴᠡᠨ ᠢᠳᠡᠭᠡᠮᠵᠢ ᠠᠯᠳ᠋ᠬᠠᠰᠠᠨ ᠦᠢᠯᠡ ᠠᠵᠢᠯᠯᠠᠭ᠎ᠠ | ᠵᠡᠷᠭᠡ ᠮᠡᠳᠡᠭᠡ ᠵᠠᠩᠬᠢ ᠶᠢ ᠬᠠᠮᠳᠣᠪᠡᠷ ᠬᠦᠷᠲᠡᠬᠦ ᠶᠢ ᠠᠬᠢᠭᠤᠯᠵᠦ᠂ ᠭᠠᠷ ᠳᠡᠮᠵᠢᠠᠠᠰᠠᠨ ᠳᠡᠸᠡᠷ ᠤᠨ ᠬᠦᠢᠯᠭᠡᠭᠡᠡ ᠤ | ᠠᠷᠡᠯᠵᠢᠶ᠎ᠠ ᠶᠢ ᠳᠥᠷᠭᠡᠳᠭᠡᠨ᠂ ᠠᠷᠡᠯᠵᠢᠶᠡᠨ ᠤ ᠦᠷ᠎ᠠ ᠪᠦᠳᠦᠮᠵᠢ ᠶᠢ ᠳᠡᠭᠡᠭᠰᠢᠯᠡᠬᠦᠯᠥᠨ᠎ᠠ᠃ ᠠᠷᠠᠯᠵᠢᠶᠠᠨ ᠤ | ᠲᠠᠪᠴᠠᠩ᠂ ᠪᠣᠷᠣᠯᠠᠭᠤᠯᠤᠭᠴᠢ᠂ ᠬᠡᠷᠡᠭᠯᠡᠭᠴᠢ᠂ ᠠᠵᠢᠯᠯᠠᠭᠰᠠᠳ ᠤᠨ ᠦᠨᠡᠯᠡᠬᠦ ᠲᠣᠭᠲᠠᠴᠠ᠂ ᠢᠲᠡᠭᠡᠮᠵᠢ ᠶᠢᠨ | ᠲᠡᠮᠳᠡᠭᠯᠡᠯ᠂ ᠬᠠᠤᠯᠢ ᠠᠴᠠ ᠵᠥᠷᠢᠴᠡᠨ ᠢᠲᠡᠭᠡᠯ ᠠᠯᠳᠠᠭᠰᠠᠨ ᠦᠢᠯᠡ ᠠᠵᠢᠯᠯᠠᠭ᠎ᠠ ᠵᠡᠷᠭᠡ ᠢᠲᠡᠭᠡᠮᠵᠢ ᠶᠢᠨ ᠮᠡᠳᠡᠭᠡ | ᠵᠠᠩᠭᠢ ᠶᠢ ᠬᠠᠮᠲᠤ ᠳᠠᠭᠠᠨ ᠡᠳ᠋ᠯᠡᠬᠦ ᠶᠢ ᠴᠢᠩᠭᠠᠳᠬᠠᠨ᠎ᠠ᠃ ᠭᠠᠷ ᠳᠠᠮᠵᠢᠭᠰᠠᠨ ᠮᠠᠰᠢᠨ ᠲᠡᠷᠭᠡᠨ ᠤ ᠡᠵᠡᠩᠨᠡᠯᠲᠡ ᠶᠢᠨ | ᠭᠤᠤᠯ ᠴᠣᠭᠴᠠ ᠶᠢ ᠢᠳᠡᠪᠬᠢᠲᠡᠶ ᠪᠠᠷ ᠪᠤᠶᠢᠵᠢᠭᠤᠯᠤᠨ ᠪᠤᠵᠠᠭᠠᠶᠢᠷᠠᠭᠤᠯᠵᠤ᠂ ᠭᠠᠷ ᠳᠠᠮᠵᠢᠭᠰᠠᠨ ᠮᠠᠰᠢᠨ ᠲᠡᠷᠭᠡᠨ ᠤ | ᠠᠷᠠᠯᠵᠢᠶᠠᠨ ᠤ ᠭᠤᠭᠴᠤᠭ᠎ᠠ ᠶᠢ ᠪᠠᠭᠠᠰᠬᠠᠬᠤ᠂ ᠥᠪᠡᠷ ᠤᠨ ᠥᠷᠲᠡᠭ ᠢ ᠪᠠᠭᠤᠷᠠᠭᠤᠯᠬᠤ᠂ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠶᠢ ᠠᠬᠢᠭᠤᠯᠵᠤ᠂ ᠮᠠᠰᠢᠨ ᠲᠡᠷᠭᠡᠨ ᠤ ᠠᠵᠤ ᠠᠬᠤᠶᠢᠯᠠᠯ ᠤᠨ ᠭᠠᠷ ᠳᠠᠮᠵᠢᠭᠰᠠᠨ ᠰᠣᠯᠢᠬᠤ᠂ | ᠡᠵᠡᠩᠨᠡᠨ ᠪᠣᠷᠣᠯᠠᠭᠤᠯᠬᠤ ᠠᠵᠤ ᠠᠬᠤᠶᠢᠯᠠᠯ ᠤᠨ ᠲᠡᠷᠭᠡ ᠬᠥᠰᠬᠡ ᠶᠢᠨ ᠶᠠᠰᠤ ᠴᠢᠨᠠᠷ ᠢ ᠪᠠᠲᠤᠯᠠᠬᠤ ᠦᠢᠯᠡᠴᠢᠯᠡᠭᠡ | ᠬᠠᠩᠭᠠᠬᠤ ᠶᠢ ᠵᠣᠷᠢᠭᠵᠢᠭᠤᠯᠤᠨ᠎ᠠ᠃ ᠴᠠᠬᠢᠯᠭᠠᠨ ᠬᠡᠷᠡᠭᠰᠡᠯ ᠡᠯᠧᠺᠲᠷᠣᠨ ᠦᠢᠯᠡᠳᠬᠦᠨ ᠵᠡᠷᠭᠡ ᠦᠢᠯᠡᠳᠪᠦᠷᠢᠯᠡᠯ ᠪᠠ | ᠭᠦᠢᠯᠭᠡᠭᠡᠨ ᠤ ᠠᠵᠤ ᠠᠬᠤᠶᠢᠯᠠᠯ ᠤᠨ ᠭᠠᠷ ᠳᠠᠮᠵᠢᠭᠰᠠᠨ ᠡᠭᠡᠭᠦᠯᠦᠨ ᠬᠤᠷᠢᠶᠠᠬᠤ ᠦᠢᠯᠡᠴᠢᠯᠡᠭᠡ ᠶᠢ ᠬᠥᠭᠵᠢᠭᠦᠯᠬᠦ ᠶᠢ | ᠵᠣᠷᠢᠭᠵᠢᠭᠤᠯᠵᠤ᠂ ᠭᠠᠷ ᠳᠠᠮᠵᠢᠭᠰᠠᠨ ᠲᠠᠸᠠᠷ ᠤᠨ ᠠᠷᠠᠯᠵᠢᠶᠠᠨ ᠤ ᠬᠡᠪᠴᠢᠶ᠎ᠡ ᠶᠢ ᠥᠷᠭᠡᠳᠬᠡᠨ᠎ᠡ᠃ ᠭᠠᠷ ᠤᠲᠠᠰᠤ᠂ | ᠬᠠᠪᠲᠠᠭᠠᠢ ᠺᠣᠮᠫᠢᠦ᠋ᠲ᠋ᠧᠷ᠂ ᠣᠶᠤᠨᠴᠢ ᠭᠠᠷ ᠴᠠᠭ ᠵᠡᠷᠭᠡ ᠡᠯᠧᠺᠳ᠋ᠷᠣᠨ ᠦᠢᠯᠡᠳᠬᠦᠨ ᠪᠣᠷᠣᠯᠠᠭᠤᠯᠬᠤ ᠠᠵᠤ | ᠠᠬᠤᠶᠢᠯᠠᠯ ᠢ ᠳᠡᠮᠵᠢᠵᠦ ᠪᠠᠢᠭᠠᠳ ᠬᠠᠭᠤᠴᠢᠨ ᠦᠢᠯᠡᠳᠬᠦᠨ ᠢ ᠬᠢᠨᠠᠨ ᠲᠣᠭᠲᠠᠭᠠᠬᠤ᠂ ᠰᠢᠨᠡᠳᠬᠡᠵᠦ ᠰᠡᠯᠪᠢᠨ ᠵᠠᠰᠠᠬᠤ | ᠪᠠ ᠪᠣᠷᠣᠯᠠᠭᠤᠯᠬᠤ ᠲᠤᠬᠠᠶᠢᠯᠠᠭᠰᠠᠨ ᠠᠵᠢᠯ ᠢ ᠦᠷᠨᠢᠭᠦᠯᠦᠨ᠎ᠡ᠃ | 3. ᠳᠠᠬᠢᠨ ᠦᠢᠯᠡᠳᠬᠦ ᠠᠵᠤ ᠦᠢᠯᠡᠰ ᠢ ᠪᠤᠶᠢᠵᠢᠭᠤᠯᠬᠤ ᠪᠠ ᠦᠢᠯᠡᠳᠬᠦᠨ ᠢ ᠱᠠᠲᠤᠯᠵᠢᠨ ᠠᠰᠢᠭᠯᠠᠬᠤ ᠶᠢ | ᠲᠦᠷᠭᠡᠳᠬᠡᠨ᠎ᠡ᠃ ᠡᠬᠢ ᠪᠠᠶᠠᠯᠢᠭ ᠢ ᠥᠨᠳᠥᠷ ᠬᠢᠷᠢ ᠲᠦᠪᠰᠢᠨ ᠢᠶᠠᠷ ᠳᠠᠬᠢᠨ ᠠᠰᠢᠭᠯᠠᠬᠤ ᠶᠢ ᠲᠦᠯᠬᠢᠨ ᠠᠬᠢᠭᠤᠯᠵᠤ᠂ | ᠨᠥᠬᠦᠴᠡᠯ ᠪᠦᠷᠢᠳᠦᠭᠦᠯᠦᠭᠰᠡᠨ ᠲᠥᠬᠦᠭᠡᠷᠦᠮᠵᠢ ᠶᠢ ᠳᠠᠬᠢᠨ ᠦᠢᠯᠡᠳᠬᠦ ᠶᠢ ᠵᠣᠷᠢᠭᠵᠢᠭᠤᠯᠤᠨ᠂ ᠴᠡᠷᠢᠭ ᠤᠨ | ᠠᠯᠪᠠᠨ ᠠᠴᠠ ᠪᠠᠭᠤᠭᠰᠠᠨ ᠰᠠᠯᠬᠢᠨ ᠬᠦᠴᠦᠨ ᠤ ᠴᠠᠬᠢᠯᠭᠠᠨ᠂ ᠭᠡᠷᠡᠯ ᠸᠣᠯᠲ ᠤᠨ ᠲᠥᠬᠦᠭᠡᠷᠦᠮᠵᠢ ᠶᠢ ᠡᠷᠭᠢᠯᠳᠦᠭᠦᠯᠦᠨ | ᠠᠰᠢᠭᠯᠠᠬᠤ ᠶᠢ ᠠᠬᠢᠭᠤᠯᠬᠤ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠎ᠠ᠃ ᠬᠤᠯᠪᠣᠭᠳᠠᠯ ᠪᠦᠬᠦᠢ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠶᠢᠨ ᠬᠠᠮᠲᠤ | ᠭᠤᠣᠯ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠤᠯᠲᠠ ᠬᠢᠵᠦ᠂ ᠬᠤᠯᠪᠣᠭᠳᠠᠯ ᠪᠦᠬᠦᠢ ᠲᠥᠬᠦᠭᠡᠷᠦᠮᠵᠢ | ᠵᠢᠴᠢ ᠵᠠᠩᠭᠢᠯᠠᠭ᠎ᠠ ᠶᠢᠨ ᠤᠭᠰᠠᠷᠠᠭ᠎ᠠ ᠲᠣᠨᠤᠭ ᠢ ᠱᠠᠲᠤᠯᠠᠨ ᠠᠰᠢᠭᠯᠠᠬᠤ ᠶᠢ ᠲᠦᠯᠬᠢᠨ ᠠᠬᠢᠭᠤᠯᠤᠨ᠎ᠠ᠃ | 4. ᠳᠠᠬᠢᠯᠲᠠ ᠡᠬᠢ ᠪᠠᠶᠠᠯᠢᠭ ᠢ ᠲᠥᠷᠥᠯ ᠬᠤᠪᠢᠶᠠᠨ ᠠᠰᠢᠭᠯᠠᠬᠤ ᠪᠠ ᠲᠥᠪᠯᠡᠷᠡᠭᠦᠯᠦᠨ ᠰᠢᠶ᠋ᠳᠪᠦᠷᠢᠯᠡᠬᠦ ᠶᠢ | ᠲᠦᠯᠬᠢᠨ ᠠᠬᠢᠭᠤᠯᠤᠨ᠎ᠠ᠃ ᠭᠤᠤᠯᠳᠡᠯᠭ᠎ᠠ ᠲᠠᠢ ᠠᠵᠦ ᠦᠢᠯᠡᠰ ᠤᠨ ᠬᠡᠯᠬᠢᠶᠡᠰᠦ ᠶᠢᠨ ᠲᠤᠭᠤᠷᠢᠨ ᠳᠤ ᠳᠡᠬᠢᠯᠳᠡ ᠡᠬᠢ | ᠪᠠᠶᠠᠯᠢᠭ ᠢ ᠡᠳ᠋ᠰᠢᠬᠦᠯᠥᠨ ᠡᠳ᠋ᠰᠢᠬᠦᠯᠵᠦ ᠠᠰᠢᠠᠠᠯᠠᠬᠤ ᠠᠵᠦ ᠠᠬᠤᠶᠢᠯᠠᠯ ᠤᠨ ᠳᠥᠪᠯᠡᠷᠡᠬᠦ᠂ ᠭᠡᠪᠴᠢᠶᠡᠵᠢᠬᠦᠯᠥᠨ | ᠬᠦᠭᠵᠢᠬᠦᠯᠬᠦ ᠶᠢ ᠠᠬᠢᠭᠤᠯᠵᠦ᠂ ᠲᠣᠣᠷ᠎ᠠ ᠦᠷ᠎ᠠ ᠪᠦᠳᠦᠮᠵᠢᠳᠦ ᠦᠢᠯᠡᠳᠪᠦᠷᠢᠯᠡᠯ ᠤᠨ ᠴᠢᠳᠡᠪᠦᠷᠢ ᠪᠠᠨ ᠠᠯᠬᠤᠮ | ᠠᠯᠬᠤᠮ ᠢᠶᠠᠷ ᠪᠤᠴᠠᠭᠠᠨ ᠭᠠᠷᠭᠠᠬᠤ ᠶᠢ ᠬᠦᠳᠦᠯᠥᠨ ᠵᠢᠯᠥᠭᠤᠳᠣᠨ᠎ᠠ᠃ ᠦᠬᠠᠶ ᠵᠢᠴᠢ ᠡᠷᠭᠢᠨ ᠲᠣᠭᠤᠷᠢᠨ ᠤ ᠭᠠᠵᠠᠷ | ᠣᠷᠣᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠣᠳᠣ ᠪᠠᠶᠢᠭ᠎ᠠ ᠡᠭᠡᠭᠦᠯᠦᠨ ᠬᠤᠷᠢᠶᠠᠵᠤ ᠡᠷᠭᠢᠯᠳᠦᠭᠦᠯᠦᠨ | ᠠᠰᠢᠭᠯᠠᠬᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠡᠬᠢᠨ ᠤ ᠪᠠ ᠰᠡᠭᠦᠯᠴᠢ ᠶᠢᠨ ᠵᠠᠬ᠎ᠠ ᠳᠡᠯᠭᠡᠭᠦᠷ ᠤᠨ | ᠪᠦᠲᠦᠮᠵᠢᠲᠡᠶ ᠵᠠᠯᠭᠠᠯᠲᠠ ᠶᠢ ᠴᠢᠩᠭᠠᠳᠬᠠᠨ᠂ ᠣᠷᠣᠨ ᠪᠦᠰᠡ ᠶᠢᠨ ᠴᠢᠨᠠᠷᠲᠠᠶ ᠡᠭᠡᠭᠦᠯᠦᠨ ᠬᠤᠷᠢᠶᠠᠵᠤ | ᠡᠷᠭᠢᠯᠳᠦᠭᠦᠯᠦᠨ ᠠᠰᠢᠭᠯᠠᠬᠤ ᠰᠢᠰᠲ᠋ᠧᠮᠵᠢ ᠶᠢ ᠪᠦᠷᠢᠨᠰᠢᠭᠦᠯᠵᠦ᠂ ᠰᠢᠶ᠋ᠳᠪᠦᠷᠢᠯᠡᠬᠦ ᠵᠢᠴᠢ ᠶᠡᠷᠦᠩᠬᠡᠶᠢᠯᠡᠨ ᠠᠰᠢᠭᠯᠠᠬᠤ | ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ ᠶᠢ | ᠴᠢᠩᠭᠠᠳᠬᠠᠵᠤ᠂ ᠬᠠᠶᠠᠭᠳᠠᠮᠠᠯ ᠮᠠᠰᠢᠨ ᠲᠡᠷᠭᠡ᠂ ᠬᠠᠶᠠᠭᠳᠠᠮᠠᠯ ᠮᠠᠰᠢᠨ ᠲᠠᠷᠢᠶᠠᠯᠠᠩ ᠤᠨ ᠮᠠᠰᠢᠨ᠂ ᠴᠡᠷᠢᠭ ᠤᠨ | ᠠᠯᠪᠠᠨ ᠠᠴᠠ ᠪᠠᠭᠤᠭᠰᠠᠨ ᠬᠡᠷᠡᠯ ᠴᠡᠨᠡᠭ ᠤᠨ ᠲᠣᠨᠤᠭ᠂ ᠬᠠᠶᠠᠭᠳᠠᠮᠠᠯ ᠬᠠᠭᠤᠴᠢᠨ ᠴᠠᠬᠢᠯᠭᠠᠨ ᠬᠡᠷᠡᠭᠰᠡᠯ᠂ | ᠬᠠᠶᠠᠭᠳᠠᠮᠠᠯ ᠬᠠᠭᠤᠴᠢᠨ ᠳ᠋ᠢᠶᠠᠨ ᡂᠢ᠂ ᠬᠠᠶᠠᠭᠳᠠᠮᠠᠯ ᠬᠠᠭᠤᠴᠢᠨ ᠳᠤᠭᠤᠶᠢᠯᠠᠪᠤᠷᠢ ᠵᠡᠷᠭᠡ ᠳᠠᠬᠢᠯᠳᠠ ᠡᠬᠢ ᠪᠠᠶᠠᠯᠢᠭ ᠢ | ᠲᠥᠷᠥᠯ ᠬᠤᠪᠢᠶᠠᠨ ᠠᠰᠢᠭᠯᠠᠬᠤ ᠪᠠ ᠲᠥᠪᠯᠡᠷᠡᠭᠦᠯᠦᠨ ᠰᠢᠢᠳᠪᠦᠷᠢᠯᠡᠬᠦ ᠶᠢ ᠠᠬᠢᠭᠤᠯᠤᠨ᠎ᠠ᠃ ᠰᠦᠯᠢᠶᠣᠣ ᠬᠠᠶᠠᠭᠳᠠᠮᠠᠯ | ᠪᠣᠳᠠᠰ ᠵᠡᠷᠭᠡ ᠬᠤᠷᠢᠶᠠᠨ ᠠᠪᠴᠤ ᠪᠣᠯᠬᠤ ᠪᠣᠳᠠᠰ ᠢ ᠲᠥᠷᠥᠯ ᠬᠤᠪᠢᠶᠠᠨ ᠬᠤᠷᠢᠶᠠᠨ ᠴᠤᠭᠯᠠᠭᠤᠯᠬᠤ ᠪᠠ | ᠰᠢᠢᠳᠪᠦᠷᠢᠯᠡᠬᠦ ᠡᠷᠴᠢᠮ ᠢ ᠴᠢᠩᠭᠠᠷᠠᠭᠤᠯᠵᠤ᠂ ᠲᠦᠷᠭᠡᠨ ᠬᠦᠷᠭᠡᠯᠲᠡ ᠶᠢᠨ ᠪᠣᠭᠤᠳᠠᠯ ᠤᠨ ᠬᠤᠤᠷ ᠦᠭᠡᠶᠢᠳᠡᠭᠦᠯᠦᠭᠰᠡᠨ | ᠠᠯᠪᠠᠳᠠᠯᠭ᠎ᠠ ᠶᠢᠨ ᠴᠢᠨᠠᠷᠲᠠᠶ ᠤᠯᠤᠰ ᠤᠨ ᠪᠠᠷᠢᠮᠵᠢᠶ᠎ᠠ ᠪᠠ ᠲᠦᠷᠭᠡᠨ ᠬᠦᠷᠭᠡᠯᠲᠡ ᠶᠢᠨ ᠪᠣᠬᠢᠷᠲᠤᠯ ᠥᠬᠡᠶ | ᠪᠣᠭᠤᠳᠠᠯ ᠤᠨ ᠪᠠᠷᠢᠮᠵᠢᠶ᠎ᠠ ᠶᠢᠨ ᠰᠢᠰᠲ᠋ᠧᠮᠵᠢ ᠶᠢ ᠨᠠᠶᠢᠳᠠᠪᠤᠷᠢᠵᠢᠭᠤᠯᠤᠨ᠂ ᠬᠤᠭ ᠨᠣᠪᠰᠢ ᠶᠢ ᠲᠥᠷᠥᠯ ᠬᠤᠪᠢᠶᠠᠬᠤ | ᠵᠢᠴᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠬᠤ ᠶᠢ ᠴᠢᠩᠭᠠᠳᠬᠠᠨ᠎ᠠ᠃ | ︵ᠲᠦᠷᠪᠡ︶ ᠪᠠᠷᠢᠮᠵᠢᠶ᠎ᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠬᠦ | 1. ᠡᠨᠧᠷᠭᠢ ᠶᠢᠨ ᠬᠤᠷᠣᠭᠳᠠᠯ᠂ ᠭᠠᠳᠠᠭᠰᠢᠯᠠᠭᠤᠯᠤᠯᠲᠠ᠂ ᠮᠡᠷᠭᠡᠵᠢᠯ ᠤᠨ ᠪᠠᠷᠢᠮᠵᠢᠶ᠎ᠠ ᠶᠢ | ᠨᠠᠶᠢᠳᠠᠪᠤᠷᠢᠵᠢᠭᠤᠯᠬᠤ ᠶᠢᠨ ᠬᠠᠮᠲᠤ ᠰᠠᠶᠢᠲᠤᠷ ᠬᠡᠷᠡᠭᠵᠢᠭᠦᠯᠬᠦ ᠬᠡᠷᠡᠭᠲᠡᠶ᠃ ᠡᠨᠧᠷᠭᠢ ᠶᠡᠭᠡ ᠬᠤᠷᠣᠭᠳᠠᠭᠤᠯᠬᠤ ᠠᠵᠢᠯ | ᠲᠥᠷᠥᠯ ᠤᠨ ᠡᠨᠧᠷᠭᠢ ᠬᠡᠷᠡᠭᠯᠡᠬᠦ ᠭᠤᠤᠯᠳᠠᠯᠭ᠎ᠠ ᠲᠠᠢ ᠠᠵᠤ ᠠᠬᠤᠶᠢᠯᠠᠯ ᠤᠨ ᠡᠨᠧᠷᠭᠢ ᠶᠢᠨ ᠠᠰᠢᠭᠯᠠᠮᠵᠢ ᠶᠢ ᠬᠢᠨᠠᠨ | ᠪᠠᠶᠢᠴᠠᠭᠠᠬᠤ ᠠᠵᠢᠯ ᠢ ᠬᠡᠷᠡᠭᠵᠢᠭᠦᠯᠬᠦ ᠪᠠᠷ ᠠᠵᠠ ᠲᠣᠬᠢᠶᠠᠯ ᠪᠣᠯᠭᠠᠵᠤ᠂ ᠡᠨᠧᠷᠭᠢ ᠬᠡᠷᠡᠭᠯᠡᠬᠦ ᠭᠤᠤᠯᠳᠠᠯᠭ᠎ᠠ ᠲᠠᠢ ᠠᠵᠤ | ᠠᠬᠤᠶᠢᠯᠠᠯ ᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠠᠰᠬᠠᠬᠤ ᠥᠭᠡᠷᠡᠴᠢᠯᠡᠯᠲᠡ ᠪᠠ ᠲᠥᠬᠦᠭᠡᠷᠦᠮᠵᠢ ᠶᠢᠨ | ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ ᠶᠢ ᠬᠠᠨᠳᠤᠯᠭ᠎ᠠ ᠲᠠᠢ ᠪᠠᠷ ᠠᠬᠢᠭᠤᠯᠵᠤ᠂ ᠦᠢᠯᠡᠳᠬᠦᠨ ᠤ | ᠲᠥᠬᠦᠭᠡᠷᠦᠮᠵᠢ ᠶᠢᠨ ᠡᠨᠧᠷᠭᠢ ᠶᠢᠨ ᠠᠰᠢᠭᠯᠠᠮᠵᠢ ᠶᠢᠨ ᠬᠢᠷᠢ ᠲᠦᠪᠰᠢᠨ ᠤ ᠪᠠᠷᠢᠮᠵᠢᠶ᠎ᠠ ᠵᠢᠴᠢ ᠬᠠᠮᠢᠶ᠎ᠠ ᠪᠥᠬᠦᠶ | ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠦᠨ᠂ ᠬᠠᠤᠯᠢ ᠲᠣᠭᠲᠠᠭᠠᠯ ᠶᠣᠰᠣᠭᠠᠷ ᠬᠤᠴᠣᠷᠤᠩᠭᠤᠶ ᠦᠢᠯᠡᠳᠪᠦᠷᠢᠯᠡᠯ ᠤᠨ | ᠡᠨᠧᠷᠭᠢ ᠬᠡᠷᠡᠭᠯᠡᠬᠦ ᠲᠥᠬᠦᠭᠡᠷᠦᠮᠵᠢ ᠶᠢ ᠰᠢᠭᠰᠢᠭᠳᠡᠭᠦᠯᠦᠨ᠎ᠡ᠃ ᠭᠤᠤᠯᠳᠠᠯᠭ᠎ᠠ ᠲᠠᠢ ᠠᠵᠢᠯ ᠲᠥᠷᠥᠯ ᠤᠨ | ᠭᠠᠳᠠᠭᠰᠢᠯᠠᠭᠤᠯᠬᠤ ᠪᠠᠷᠢᠮᠵᠢᠶ᠎ᠠ ᠶᠢ ᠬᠡᠷᠡᠭᠵᠢᠭᠦᠯᠵᠦ᠂ ᠠᠭᠠᠷ ᠮᠠᠨᠳᠠᠯ᠂ ᠤᠰᠤᠨ ᠤ ᠪᠣᠬᠢᠷᠲᠤᠯ ᠪᠣᠳᠠᠰ ᠵᠡᠷᠭᠡ ᠶᠢᠨ | ᠭᠠᠳᠠᠭᠰᠢᠯᠠᠭᠤᠯᠬᠤ ᠶᠢ ᠡᠵᠡᠮᠳᠡᠬᠦ ᠬᠢᠷᠢ ᠬᠡᠮᠵᠢᠶ᠎ᠡ ᠶᠢ ᠰᠢᠯᠢᠳᠡᠭᠵᠢᠭᠦᠯᠦᠨ ᠳᠡᠭᠡᠭᠰᠢᠯᠡᠭᠦᠯᠦᠨ᠎ᠡ᠃ ᠡᠨᠧᠷᠭᠢ ᠶᠢᠨ | ᠬᠤᠷᠣᠭᠳᠠᠯ ᠤᠨ ᠬᠢᠵᠠᠭᠠᠷ ᠲᠤᠭ᠎ᠠ᠂ ᠦᠶ᠋ᠯᠡᠳᠬᠦᠨ ᠤ ᠲᠥᠬᠦᠭᠡᠷᠦᠮᠵᠢ ᠶᠢᠨ ᠡᠨᠧᠷᠭᠢ ᠶᠢᠨ ᠠᠰᠢᠭᠯᠠᠮᠵᠢ ᠪᠠ | ᠰᠠᠭᠤᠳᠠᠯ ᠤᠨ ᠲᠡᠷᠭᠡ᠂ ᠬᠦᠨᠳᠦ ᠬᠡᠯᠪᠡᠷᠢ ᠶᠢᠨ ᠬᠤᠳᠠᠯᠳᠤᠭᠠᠨ ᠤ ᠬᠡᠷᠡᠭᠯᠡᠭᠡᠨ ᠤ ᠲᠡᠷᠭᠡᠨ ᠤ ᠡᠨᠧᠷᠭᠢ ᠶᠢᠨ | ᠬᠤᠷᠣᠭᠳᠠᠯ ᠤᠨ ᠬᠡᠮᠵᠢᠶᠡᠨ ᠤ ᠬᠡᠮᠵᠢᠭᠳᠡᠯ ᠤᠨ ᠬᠠᠮᠢᠶ᠎ᠠ ᠪᠥᠬᠦᠶ ᠬᠢᠵᠠᠭᠠᠷᠯᠠᠯ᠂ ᠪᠣᠬᠢᠷᠲᠤᠯ ᠪᠣᠳᠠᠰ ᠭᠠᠳᠠᠭᠰᠢᠯᠠᠭᠤᠯᠬᠤ᠂ | ᠭᠤᠤᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠤᠨ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢᠨ ᠲᠣᠭᠠᠴᠠᠭ᠎ᠠ ᠬᠢᠬᠦ ᠵᠡᠷᠭᠡ ᠬᠦᠷᠢᠶᠡᠨ ᠳᠠᠬᠢ ᠤᠯᠤᠰ ᠤᠨ ᠪᠠᠷᠢᠮᠵᠢᠶ᠎ᠠ ᠶᠢ ᠤᠬᠠᠭᠤᠯᠤᠨ | ᠲᠤᠭᠤᠰᠢᠯᠠᠭᠤᠯᠬᠤ ᠪᠣᠯᠪᠠᠰᠤᠷᠠᠭᠤᠯᠤᠯ᠂ ᠳᠡᠯᠭᠡᠷᠡᠭᠦᠯᠦᠨ ᠬᠡᠷᠡᠭᠯᠡᠬᠦ ᠪᠠ ᠪᠠᠷᠢᠮᠵᠢᠶ᠎ᠠ ᠶᠢ ᠬᠡᠷᠡᠭᠵᠢᠭᠦᠯᠬᠦ ᠦᠷ᠎ᠡ | ᠪᠦᠲᠦᠮᠵᠢ ᠶᠢ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | 2. ᠦᠢᠯᠡᠳᠬᠦᠨ ᠤ ᠮᠡᠷᠭᠡᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠬᠦ ᠶᠢ ᠴᠢᠩᠭᠠᠷᠠᠭᠤᠯᠤᠨ᠎ᠠ᠃ ᠪᠠᠷᠢᠮᠵᠢᠶ᠎ᠠ ᠶᠢᠨ | ᠬᠥᠲᠥᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠰᠢᠨ ᠲᠡᠷᠭᠡ᠂ ᠬᠡᠷ ᠤᠨ ᠴᠠᠬᠢᠯᠭᠠᠨ ᠬᠡᠷᠡᠭᠰᠡᠯ᠂ | ᠬᠡᠷ ᠤᠨ ᠡᠳ᠋ᠯᠡᠯ ᠬᠡᠷᠡᠭᠰᠡᠯ᠂ ᠬᠡᠷᠡᠭᠯᠡᠭᠡᠨ ᠤ ᠡᠯᠧᠺᠳ᠋ᠷᠣᠨ ᠵᠡᠷᠭᠡ ᠬᠦᠷᠢᠶᠡᠨ ᠳᠠᠬᠢ ᠤᠯᠤᠰ ᠤᠨ ᠪᠠᠷᠢᠮᠵᠢᠶ᠎ᠠ ᠶᠢ | ᠤᠬᠠᠭᠤᠯᠤᠨ ᠲᠤᠤᠱᠯᠠᠭᠤᠯᠤᠨ ᠬᠡᠷᠡᠭᠵᠢᠭᠦᠯᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠡᠷᠡᠭᠯᠡᠭᠴᠢᠳ ᠢ | ᠬᠥᠲᠥᠯᠦᠨ ᠵᠢᠯᠣᠭᠤᠳᠴᠤ ᠪᠠᠶᠢᠭᠠᠳ ᠬᠡᠷ ᠤᠨ ᠴᠠᠬᠢᠯᠭᠠᠨ ᠬᠡᠷᠡᠭᠰᠡᠯ ᠤᠨ ᠪᠦᠲᠦᠭᠡᠭᠳᠡᠬᠦᠨ ᠢ ᠠᠮᠤᠷ ᠲᠦᠪᠰᠢᠨ ᠢᠶᠠᠷ | ᠬᠡᠷᠡᠭᠯᠡᠬᠦ ᠣᠨ ᠤ ᠬᠢᠵᠠᠭᠠᠷ ᠢ ᠠᠩᠬᠠᠷᠤᠭᠤᠯᠵᠤ᠂ ᠴᠠᠭ ᠲᠤᠬᠠᠶ ᠳᠤᠨᠢ ᠰᠢᠭᠰᠢᠭᠳᠡᠭᠦᠯᠵᠦ᠂ ᠪᠣᠬᠢᠷᠲᠤᠯ ᠥᠬᠡᠶ ᠴᠢᠨᠠᠷ | ᠰᠠᠶᠢᠲᠠᠶ ᠦᠢᠯᠡᠳᠬᠦᠨ ᠤ ᠬᠡᠷᠡᠭᠯᠡᠭᠡ ᠶᠢ ᠠᠬᠢᠭᠤᠯᠤᠨ᠎ᠠ᠃ ᠬᠢᠨᠠᠨ ᠬᠠᠮᠢᠶᠠᠷᠬᠤ ᠠᠷᠭ᠎ᠠ ᠪᠠᠷᠢᠯ ᠢ ᠴᠢᠩᠭᠠᠷᠠᠭᠤᠯᠵᠤ᠂ | ᠤᠶᠤᠨᠴᠢᠯᠠᠭᠰᠠᠨ ᠬᠢᠨᠠᠨ ᠬᠠᠮᠢᠶᠠᠷᠬᠤ ᠰᠢᠰᠲ᠋ᠧᠮᠵᠢ ᠶᠢ ᠰᠦᠪᠡᠭᠴᠢᠯᠡᠨ ᠪᠠᠶᠢᠭᠤᠯᠵᠤ᠂ ᠬᠢᠨᠠᠨ ᠬᠠᠮᠢᠶᠠᠷᠬᠤ ᠮᠡᠳᠡᠭᠡ | ᠵᠠᠩᠭᠢ ᠶᠢ ᠴᠠᠭ ᠲᠤᠬᠠᠶ ᠳᠤᠨᠢ ᠨᠡᠶᠢᠲᠡᠯᠡᠨ᠂ ᠤᠯᠤᠰ ᠤᠨ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠳᠤ ᠦᠯᠦ | ᠨᠡᠶᠢᠴᠡᠬᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠶ᠋ᠳᠪᠦᠷᠢᠯᠡᠬᠦ | ᠬᠡᠷᠡᠭᠲᠡᠶ᠃ ᠬᠡᠷᠡᠭᠯᠡᠭᠡ ᠶᠢᠨ ᠵᠦᠢᠯ ᠤᠨ ᠶᠠᠰᠣ ᠴᠢᠨᠡᠷ ᠤᠨ ᠠᠮᠥᠷ ᠳᠥᠪᠰᠢᠨ ᠤ ᠬᠢᠨᠡᠯᠳᠡ ᠬᠠᠮᠢᠶᠡᠷᠦᠯᠳᠡ ᠶᠢᠨ | ᠭᠠᠷᠴᠠᠭ ᠢ ᠨᠡᠶᠢᠳᠡᠪᠦᠷᠢᠵᠢᠭᠤᠯᠵᠦ᠂ ᠶᠠᠰᠣ ᠴᠢᠨᠡᠷ ᠤᠨ ᠠᠮᠥᠷ ᠳᠥᠪᠰᠢᠨ ᠤ ᠬᠢᠨᠡᠯᠳᠡ ᠬᠠᠮᠢᠶᠡᠷᠦᠯᠳᠡ ᠶᠢ ᠴᠢᠩᠳᠡᠯᠡᠨ᠂ | ᠵᠠᠬ᠎ᠠ ᠳᠡᠯᠭᠡᠬᠦᠷ ᠤᠨ ᠡᠷᠡᠬᠦᠯ ᠢᠶᠠᠷ ᠬᠦᠭᠵᠢᠬᠦ ᠶᠢ ᠠᠬᠢᠭᠤᠯᠥᠨ᠎ᠠ᠃ ᠪᠣᠬᠢᠷᠳᠦᠯ ᠦᠭᠡᠢ ᠭᠡᠷᠡᠴᠢᠯᠡᠯ᠂ ᠣᠷᠭᠠᠨᠢᠭ | ᠭᠡᠷᠡᠴᠢᠯᠡᠯ ᠪᠠ ︽ᠮᠣᠩᠭᠤᠯ︾ ᠦᠰᠦᠭᠳᠦ ᠳᠡᠮᠳᠡᠭ ᠤᠨ ᠭᠡᠷᠡᠴᠢᠯᠡᠯ ᠵᠡᠷᠭᠡ ᠳᠡᠭᠡᠳᠦ ᠳᠡᠰ ᠤᠨ ᠶᠠᠰᠣ ᠴᠢᠨᠡᠷ ᠤᠨ | ᠭᠡᠷᠡᠴᠢᠯᠡᠯ ᠤᠨ ᠡᠷᠴᠢᠮ ᠢ ᠴᠢᠩᠭᠠᠷᠡᠭᠤᠯᠥᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ | ᠪᠠᠷᠢᠮᠵᠢᠶ᠎ᠠ ᠶᠢ ᠲᠣᠭᠲᠠᠭᠠᠬᠤ᠂ ᠵᠠᠰᠠᠪᠤᠷᠢ ᠣᠷᠣᠭᠤᠯᠬᠤ ᠳᠤ ᠢᠳᠡᠪᠬᠢᠲᠡᠶ ᠣᠷᠣᠯᠴᠠᠨ᠎ᠠ᠃ | 3. ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠪᠠᠷᠢᠮᠵᠢᠶ᠎ᠠ ᠶᠢ ᠰᠤᠳᠤᠯᠤᠨ ᠲᠣᠭᠲᠠᠭᠠᠬᠤ ᠶᠢ ᠲᠦᠯᠬᠢᠨ | ᠠᠬᠢᠭᠤᠯᠤᠨ᠎ᠠ᠃ ᠪᠣᠬᠢᠷᠲᠤᠯ ᠥᠬᠡᠶ ᠵᠢᠷᠤᠭ ᠲᠥᠯᠥᠪᠯᠡᠭᠡ᠂ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ᠂ | ᠡᠯᠧᠺᠳ᠋ᠷᠣᠨ ᠦᠶ᠋ᠯᠡᠳᠬᠦᠨ ᠤ ᠭᠠᠷ ᠳᠠᠮᠵᠢᠭᠰᠠᠨ ᠠᠷᠠᠯᠵᠢᠶᠠᠯᠠᠬᠤ ᠵᠡᠷᠭᠡ ᠬᠦᠷᠢᠶᠡᠨ ᠳᠠᠬᠢ ᠤᠯᠤᠰ ᠤᠨ ᠪᠠᠷᠢᠮᠵᠢᠶ᠎ᠠ ᠶᠢ | ᠤᠬᠠᠭᠤᠯᠤᠨ ᠲᠤᠭᠤᠰᠢᠯᠠᠭᠤᠯᠬᠤ ᠪᠣᠯᠪᠠᠰᠤᠷᠠᠭᠤᠯᠤᠯ᠂ ᠳᠡᠯᠭᠡᠷᠡᠭᠦᠯᠦᠨ ᠬᠡᠷᠡᠭᠯᠡᠬᠦ ᠪᠠ ᠪᠠᠷᠢᠮᠵᠢᠶ᠎ᠠ ᠶᠢ ᠬᠡᠷᠡᠭᠵᠢᠭᠦᠯᠬᠦ | ᠦᠷ᠎ᠡ ᠪᠦᠲᠦᠮᠵᠢ ᠶᠢ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠠᠷᠢᠮᠵᠢᠶᠠᠵᠢᠭᠰᠠᠨ ᠠᠵᠢᠯ ᠤᠨ | ᠮᠡᠳᠡᠭᠡ ᠵᠠᠩᠭᠢ ᠶᠢ ᠮᠡᠳᠡᠭᠡᠯᠡᠬᠦ ᠲᠣᠭᠲᠠᠴᠠ ᠶᠢ ᠪᠠᠶᠢᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ | ᠪᠠᠷᠢᠮᠵᠢᠶ᠎ᠠ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠴᠤᠭᠯᠠᠭᠤᠯᠤᠨ ᠡᠮᠬᠢᠳᠬᠡᠵᠦ ᠳᠠᠮᠵᠢᠭᠤᠯᠤᠨ ᠬᠦᠷᠭᠡᠵᠦ᠂ | ᠪᠠᠷᠢᠮᠵᠢᠶ᠎ᠠ ᠶᠢᠨ ᠤᠬᠠᠭᠤᠯᠭ᠎ᠠ ᠪᠣᠯᠪᠠᠰᠤᠷᠠᠭᠤᠯᠤᠯ ᠢ ᠴᠢᠩᠭᠠᠳᠬᠠᠨ᠎ᠠ᠃ ᠤᠯᠤᠰ ᠤᠨ ᠪᠠᠷᠢᠮᠵᠢᠶ᠎ᠠ ᠶᠢ ᠢᠵᠢ | ᠪᠦᠷᠢᠳᠦᠭᠦᠯᠦᠨ ᠬᠡᠷᠡᠭᠵᠢᠭᠦᠯᠵᠦ᠂ ᠣᠷᠣᠨ ᠨᠤᠲᠤᠭ ᠤᠨ ᠪᠠᠷᠢᠮᠵᠢᠶ᠎ᠠ ᠶᠢᠨ ᠪᠠᠶᠢᠭᠤᠯᠤᠯᠲᠠ ᠶᠢ ᠬᠠᠮᠵᠢᠯᠴᠠᠨ | ᠠᠬᠢᠭᠤᠯᠵᠤ᠂ ᠣᠷᠣᠨ ᠨᠤᠲᠤᠭ ᠤᠨ ᠪᠠᠷᠢᠮᠵᠢᠶ᠎ᠠ ᠶᠢᠨ ᠲᠥᠷᠥᠯ ᠵᠦᠢᠯ ᠲᠣᠭᠲᠠᠭᠠᠬᠤ ᠲᠥᠯᠥᠪᠯᠡᠭᠡ ᠶᠢ ᠡᠯᠰᠡᠨ | ᠴᠤᠭᠯᠠᠭᠤᠯᠵᠤ᠂ ᠪᠣᠬᠢᠷᠲᠤᠯ ᠥᠬᠡᠶ ᠡᠷᠭᠢᠯᠳᠦᠭᠦᠯᠬᠦ᠂ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ | ᠵᠡᠷᠭᠡ ᠭᠤᠤᠯᠳᠠᠯᠭ᠎ᠠ ᠲᠠᠢ ᠬᠦᠷᠢᠶᠡᠨ ᠳᠤ ᠨᠢᠭᠡ ᠪᠦᠯᠦᠭ ᠣᠷᠣᠨ ᠨᠤᠲᠤᠭ ᠤᠨ ᠪᠠᠷᠢᠮᠵᠢᠶ᠎ᠠ ᠶᠢ ᠨᠡᠶᠢᠲᠡᠯᠡᠨ᠎ᠡ᠃ | ᠨᠥᠬᠦᠴᠡᠯ ᠲᠠᠢ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠨᠡᠶᠢᠭᠡᠮ ᠤᠨ | ᠪᠦᠯᠬᠦᠮ ᠵᠡᠷᠭᠡ ᠶᠢᠨ ᠳᠠᠬᠢᠨ ᠡᠭᠦᠰᠴᠦ ᠪᠣᠯᠬᠤ ᠡᠬᠢ ᠪᠠᠶᠠᠯᠢᠭ ᠢ ᠡᠭᠡᠭᠦᠯᠦᠨ ᠬᠤᠷᠢᠶᠠᠬᠤ ᠤᠯᠤᠰ ᠤᠨ ᠪᠠᠷᠢᠮᠵᠢᠶ᠎ᠠ ᠶᠢ | ᠰᠤᠳᠤᠯᠤᠨ ᠦᠢᠯᠡᠳᠬᠦ ᠳᠤ ᠢᠳᠡᠪᠬᠢᠲᠡᠶ ᠣᠷᠣᠯᠴᠠᠬᠤ ᠶᠢ ᠳᠡᠮᠵᠢᠨ᠎ᠡ᠃ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠨᠢᠭᠡᠳᠦᠯᠲᠡᠢ ᠲᠥᠯᠥᠪᠯᠡᠨ ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠶᠢ ᠴᠢᠩᠭᠠᠳᠬᠠᠪᠠ᠃ ᠦᠬᠠᠢ | ᠬᠤᠳᠠ ᠶᠢᠨ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯᠡᠰ ᠢ ᠬᠠᠭᠤᠴᠢᠨ ᠢᠶᠠᠷ | ᠰᠢᠨ᠎ᠡ ᠶᠢ ᠰᠣᠯᠢᠬᠤ ᠶᠢ ᠠᠬᠢᠭᠤᠯᠬᠤ ᠠᠵᠢᠯ ᠤᠨ ᠠᠬᠢᠭᠤᠯᠬᠤ ᠲᠣᠭᠲᠠᠴᠠ ᠶᠢ ᠪᠠᠶᠢᠭᠤᠯᠵᠤ᠂ ᠠᠵᠢᠯ ᠤᠨ ᠳᠤᠮᠳᠠ ᠪᠠᠨ | ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠶᠢ ᠪᠠᠷᠢᠮᠲᠠᠯᠠᠵᠤ᠂ ᠲᠦᠷᠦᠯ ᠵᠦᠢᠯ ᠢ ᠲᠥᠯᠥᠪᠵᠢᠭᠦᠯᠬᠦ ᠳᠡᠭᠡᠨ | ᠨᠢᠭᠡᠳᠦᠯᠲᠡᠢ ᠲᠥᠯᠥᠪᠵᠢᠭᠦᠯᠵᠦ᠂ ᠲᠦᠷᠦᠯ ᠵᠦᠢᠯ ᠢ ᠲᠡᠮᠡᠴᠡᠨ ᠣᠯᠵᠤ᠂ ᠵᠠᠬ᠎ᠠ ᠳᠡᠯᠭᠡᠭᠦᠷ ᠢ ᠨᠢᠭᠡᠳᠦᠯᠲᠡᠢ | ᠲᠥᠯᠥᠪᠵᠢᠭᠦᠯᠵᠦ᠂ ᠪᠠᠷᠢᠮᠵᠢᠶ᠎ᠠ ᠶᠢ ᠨᠢᠭᠡᠳᠦᠯᠲᠡᠢ ᠲᠥᠯᠥᠪᠵᠢᠭᠦᠯᠵᠦ᠂ ᠪᠡᠯᠡ ᠮᠥᠩᠭᠦ ᠶᠢ ᠬᠡᠷᠡᠭᠯᠡᠬᠦ ᠳᠤ ᠨᠢᠭᠡᠳᠦᠯᠲᠡᠢ | ᠲᠥᠯᠥᠪᠵᠢᠭᠦᠯᠬᠦ ᠬᠡᠷᠡᠭᠲᠡᠢ᠃ ᠦᠢᠯᠡᠳᠪᠦᠷᠢᠯᠡᠬᠦ᠂ ᠪᠣᠷᠣᠯᠠᠭᠤᠯᠬᠤ ᠠᠵᠤ ᠠᠬᠤᠶᠢᠯᠠᠯ ᠪᠣᠯᠤᠨ ᠮᠥᠩᠭᠦᠨ | ᠭᠦᠢᠯᠭᠡᠭᠡᠨ ᠤ ᠲᠠᠪᠴᠠᠩ ᠤᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠡᠮᠬᠢᠯᠡᠨ ᠨᠡᠶᠢᠯᠡᠭᠦᠯᠵᠦ᠂ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢᠨ ᠲᠦᠭᠵᠢᠷᠡᠯ᠂ ᠬᠤᠷᠢᠭ᠎ᠠ ᠴᠡᠭ ᠢ ᠨᠡᠪᠲᠡᠷᠡᠭᠦᠯᠦᠨ᠎ᠡ᠃ ᠡᠯ᠎ᠡ ᠲᠣᠭᠤᠷᠢᠭ᠂ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠨᠢᠭᠲᠠ ᠬᠠᠮᠵᠢᠯᠴᠠᠵᠤ᠂ ᠨᠡᠶᠢᠯᠡᠮᠡᠯ ᠬᠦᠴᠦᠨ ᠢ ᠪᠦᠷᠢᠯᠳᠦᠭᠦᠯᠵᠦ᠂ | ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠬᠤ᠂ ᠡᠭᠦᠷᠭᠡ ᠶᠢ | ᠪᠣᠳᠠᠲᠠᠶᠢᠵᠢᠭᠤᠯᠬᠤ᠂ ᠬᠠᠮᠵᠢᠯᠴᠠᠭ᠎ᠠ ᠶᠢ ᠪᠣᠳᠠᠲᠠᠶᠢᠵᠢᠭᠤᠯᠬᠤ᠂ ᠲᠥᠷᠥᠯ ᠵᠦᠢᠯ ᠢ ᠪᠣᠳᠠᠲᠠᠶᠢᠵᠢᠭᠤᠯᠬᠤ ᠶᠢ ᠦᠨᠡᠨᠬᠦ | ᠪᠠᠲᠤᠯᠠᠬᠤ ᠬᠡᠷᠡᠭᠲᠡᠶ᠃ ᠡᠮᠦᠨᠡᠬᠢ ᠬᠤᠭᠤᠴᠠᠭᠠᠨ ᠤ ᠪᠠᠶᠢᠳᠠᠯ ᠢ ᠣᠶᠢᠯᠠᠭᠠᠬᠤ ᠶᠢ ᠴᠢᠩᠭᠠᠳᠬᠠᠵᠤ᠂ ᠤᠯᠤᠰ ᠤᠨ | ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠳᠤ ᠨᠡᠶᠢᠴᠡᠬᠦ ᠨᠢᠭᠡ ᠪᠦᠯᠦᠭ ᠢᠨᠵᠧᠨᠧᠷᠢᠩ ᠤᠨ ᠲᠥᠷᠥᠯ ᠵᠦᠢᠯ ᠢ | ᠱᠠᠯᠠᠪᠳᠠᠨ ᠲᠥᠯᠥᠪᠯᠡᠨ ᠨᠥᠭᠡᠴᠡᠯᠡᠵᠦ᠂ ᠬᠦᠷᠢᠶ᠎ᠡ ᠴᠠᠷᠠᠭ᠎ᠠ ᠬᠤᠪᠢᠶᠠᠭᠰᠠᠨ ᠲᠥᠷᠥᠯ ᠵᠦᠢᠯ ᠤᠨ ᠨᠥᠭᠡᠴᠡᠯᠡᠯᠲᠡ ᠶᠢᠨ | ᠨᠠᠷᠢᠨ ᠬᠠᠭᠤᠳᠠᠰᠤ ᠶᠢ ᠪᠠᠶᠢᠭᠤᠯᠵᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠯᠠᠪᠳᠠᠭᠤᠨ | ᠪᠠᠲᠤᠲᠠᠶ ᠰᠠᠶᠢᠲᠤᠷ ᠥᠷᠨᠢᠭᠦᠯᠵᠦ᠂ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠬᠥᠲᠥᠯᠦᠨ ᠵᠢᠯᠣᠭᠤᠳᠬᠤ | ᠦᠢᠯᠡᠳᠦᠯ ᠢ ᠭᠦᠢᠴᠡᠳ ᠪᠠᠳᠠᠷᠠᠭᠤᠯᠤᠨ᠂ ᠲᠥᠪ ᠤᠨ ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ᠂ ᠣᠷᠳᠣ | ᠬᠤᠭᠤᠴᠠᠭᠠᠨ ᠤ ᠣᠨᠴᠠᠭᠠᠶ ᠤᠯᠤᠰ ᠤᠨ ᠵᠢᠭᠡᠯᠡᠯᠭᠡ᠂ ᠲᠥᠪ ᠤᠨ ᠡᠳ᠋ ᠤᠨ ᠵᠠᠰᠠᠭ ᠤᠨ ᠨᠥᠬᠦᠪᠥᠷᠢ ᠵᠡᠷᠭᠡ ᠪᠠᠯᠠ | ᠮᠥᠩᠭᠦ ᠶᠢᠨ ᠳᠡᠮᠵᠢᠯᠭᠡ ᠶᠢ ᠢᠳᠡᠪᠬᠢᠲᠡᠶ ᠣᠯᠵᠤ᠂ ᠲᠥᠬᠦᠭᠡᠷᠦᠮᠵᠢ ᠪᠠ ᠦᠢᠯᠡᠳᠬᠦᠨ ᠤ ᠰᠢᠨᠡᠴᠢᠯᠡᠯᠲᠡ ᠰᠣᠯᠢᠭᠳᠠᠯ ᠢ | ᠦᠷᠭᠦᠯᠵᠢᠯᠡᠨ ᠡᠷᠡᠭᠦᠯ ᠢᠶᠠᠷ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ | ︵ᠬᠤᠶᠠᠷ︶ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ ᠳᠡᠮᠵᠢᠯᠭᠡ ᠶᠢ ᠰᠢᠯᠢᠳᠡᠭᠵᠢᠭᠦᠯᠦᠨ᠎ᠡ᠃ | ᠡᠳ᠋ ᠤᠨ ᠵᠠᠰᠠᠭ ᠭᠠᠶᠢᠯᠢ ᠶᠢᠨ ᠳᠡᠮᠵᠢᠯᠭᠡ ᠶᠢ ᠲᠡᠭᠦᠯᠳᠡᠷᠵᠢᠭᠦᠯᠵᠦ᠂ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ᠂ | ᠬᠠᠭᠤᠴᠢᠨ ᠢᠶᠠᠷ ᠰᠢᠨ᠎ᠡ ᠶᠢ ᠰᠣᠯᠢᠬᠤ᠂ ᠲᠡᠷᠭᠡ ᠬᠤᠳᠠᠯᠳᠤᠨ ᠠᠪᠬᠤ ᠵᠡᠷᠭᠡ ᠡᠳ᠋ ᠤᠨ ᠵᠠᠰᠠᠭ ᠭᠠᠶᠢᠯᠢ ᠶᠢᠨ | ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠠᠮᠢᠶ᠎ᠠ ᠪᠥᠬᠦᠶ ᠠᠵᠤ ᠦᠢᠯᠡᠰ ᠤᠨ | ᠬᠥᠭᠵᠢᠯᠲᠡ ᠶᠢ ᠠᠬᠢᠭᠤᠯᠤᠨ᠎ᠠ᠃ ᠡᠨᠧᠷᠭᠢ ᠠᠷᠪᠢᠯᠠᠨ ᠤᠰᠤ ᠠᠷᠪᠢᠯᠠᠬᠤ᠂ ᠣᠷᠴᠢᠨ ᠲᠣᠭᠤᠷᠢᠨ ᠢ ᠬᠠᠮᠠᠭᠠᠯᠠᠬᠤ᠂ | ᠠᠶᠤᠯ ᠦᠭᠡᠶ ᠦᠢᠯᠡᠳᠪᠦᠷᠢᠯᠡᠯ ᠤᠨ ᠲᠤᠰᠬᠠᠶ ᠬᠡᠷᠡᠭᠯᠡᠭᠡᠨ ᠤ ᠲᠥᠬᠦᠭᠡᠷᠦᠮᠵᠢ ᠶᠢᠨ ᠬᠠᠮᠢᠶ᠎ᠠ ᠪᠦᠬᠦᠢ ᠭᠠᠶᠢᠯᠢ | ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠮᠦᠡᠭᠬᠦᠨ ᠬᠦᠢᠯᠬᠡᠬᠡᠡ ᠤ | ᠳᠡᠮᠵᠢᠯᠭᠡ ᠶᠢ ᠰᠢᠯᠢᠳᠡᠭᠵᠢᠬᠦᠯᠵᠦ᠂ ᠪᠦᠳᠦᠴᠠ ᠶᠢᠨ ᠴᠢᠨᠡᠷᠳᠡᠢ ᠳᠥᠷᠥ ᠶᠢᠨ ᠪᠤᠳᠣᠯᠭ᠎ᠠ ᠶᠢᠨ ᠪᠠᠭᠠᠵᠢ ᠶᠢ ᠭᠡᠷᠡᠭᠯᠡᠨ᠂ | ᠮᠦᠡᠭᠬᠦᠨ ᠬᠦᠢᠯᠬᠡᠬᠡᠡ ᠤ ᠪᠠᠶᠢᠭᠤᠯᠥᠮᠵᠢ ᠶᠢ ᠬᠦᠳᠦᠯᠥᠨ ᠵᠢᠯᠥᠭᠤᠳᠴᠥ ᠪᠠᠶᠢᠭᠠᠳ ᠳᠦᠬᠦᠭᠡᠷᠦᠮᠵᠢ ᠶᠢ ᠰᠢᠨᠡᠳᠭᠡᠬᠦ᠂ | ᠮᠡᠷᠭᠡᠵᠢᠯ ᠤᠨ ᠦᠭᠡᠷᠡᠴᠢᠯᠡᠯᠳᠡ᠂ ᠣᠯᠠᠮᠵᠢᠯᠠᠯᠳᠦ ᠦᠢᠯᠡᠳᠬᠦ ᠦᠢᠯᠡᠰ ᠤᠨ ᠭᠡᠯᠪᠡᠷᠢ ᠶᠢ ᠬᠤᠪᠢᠷᠡᠭᠤᠯᠥᠨ ᠳᠡᠰ | ᠳᠡᠪᠰᠢᠬᠦᠯᠬᠦ ᠳᠤ ᠮᠦᠡᠭᠬᠦᠨ ᠬᠦᠢᠯᠬᠡᠬᠡᠡ ᠤ ᠳᠡᠮᠵᠢᠯᠬᠡ ᠶᠢᠨ ᠡᠷᠴᠢᠮ ᠢ ᠴᠢᠩᠭᠠᠳᠬᠠᠨ᠎ᠠ᠃ ᠪᠠᠩᠬᠢ ᠶᠢᠨ | ᠪᠠᠶᠢᠭᠤᠯᠤᠮᠵᠢ ᠶᠢ ᠬᠦᠲᠦᠯᠦᠨ ᠵᠢᠯᠤᠭᠤᠳᠴᠤ ᠪᠠᠶᠢᠭᠠᠳ ᠵᠦᠢ ᠶᠤᠰᠤᠨ ᠤ ᠢᠲᠡᠭᠡᠮᠵᠢᠲᠦ ᠵᠢᠭᠡᠯᠡᠯᠭᠡ᠂ ᠵᠦᠢ | ᠶᠤᠰᠤᠨ ᠤ ᠵᠢᠭᠡᠯᠡᠯᠭᠡ ᠶᠢᠨ ᠲᠡᠮᠳᠡᠭᠲᠦ᠂ ᠵᠦᠢ ᠶᠤᠰᠤᠨ ᠤ ᠳᠠᠭᠠᠳᠬᠠᠯ ᠵᠡᠷᠭᠡ ᠶᠢ ᠵᠦᠢ ᠵᠣᠬᠢᠰᠲᠠᠢ ᠨᠡᠮᠡᠭᠳᠡᠭᠦᠯᠵᠦ᠂ | ᠵᠦᠢ ᠶᠤᠰᠤᠨ ᠤ ᠤᠶᠤᠨᠲᠦ ᠭᠡᠷ ᠤᠨ ᠴᠠᠬᠢᠯᠭᠠᠨ ᠬᠡᠷᠡᠭᠰᠡᠯ ᠤᠨ ᠦᠢᠯᠡᠳᠪᠦᠷᠢᠯᠡᠯ᠂ ᠦᠢᠯᠡᠴᠢᠯᠡᠭᠡ ᠪᠠ ᠬᠡᠷᠡᠭᠯᠡᠭᠡ ᠳᠤ | ᠦᠵᠡᠭᠦᠯᠬᠦ ᠮᠦᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠳᠬᠠᠨ᠎ᠠ᠃ ᠪᠠᠩᠬᠢ ᠶᠢᠨ ᠪᠠᠶᠢᠭᠤᠯᠤᠮᠵᠢ ᠶᠢᠨ ᠬᠠᠤᠯᠢ | ᠶᠣᠰᠣᠭᠠᠷ ᠲᠣᠭᠲᠠᠭᠠᠯ ᠳᠤ ᠨᠡᠶᠢᠴᠡᠬᠦ᠂ ᠲᠦᠭᠰᠢᠭᠦᠷᠢ ᠶᠢ ᠡᠵᠡᠮᠳᠡᠵᠦ ᠳᠡᠶᠢᠯᠬᠦ᠂ ᠬᠤᠳᠠᠯᠳᠤᠭ᠎ᠠ ᠶᠢ ᠦᠷᠭᠦᠯᠵᠢᠯᠡᠭᠦᠯᠬᠦ | ᠤᠷᠢᠲᠠᠯ ᠳᠣᠤᠷ᠎ᠠ᠂ ᠰᠠᠭᠤᠳᠠᠯ ᠤᠨ ᠮᠠᠰᠢᠨ ᠤ ᠵᠢᠭᠡᠯᠡᠯᠭᠡ ᠶᠢᠨ ᠠᠩᠬ᠎ᠠ ᠲᠤᠰᠢᠶᠠᠬᠤ ᠬᠠᠷᠢᠴᠠᠯ ᠢ ᠵᠣᠬᠢᠰᠲᠠᠶ | ᠪᠠᠭᠤᠷᠠᠭᠤᠯᠬᠤ ᠶᠢ ᠵᠣᠷᠢᠭᠵᠢᠭᠤᠯᠵᠤ᠂ ᠮᠠᠰᠢᠨ ᠲᠡᠷᠭᠡᠨ ᠤ ᠵᠢᠭᠡᠯᠡᠯᠭᠡ ᠶᠢᠨ ᠬᠤᠭᠤᠴᠠᠭ᠎ᠠ᠂ ᠢᠲᠡᠭᠡᠮᠵᠢᠲᠦ | ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠵᠦᠢ ᠵᠣᠬᠢᠰᠲᠠᠶ ᠲᠣᠭᠲᠠᠭᠠᠬᠤ ᠬᠡᠷᠡᠭᠲᠡᠶ᠃ | ︵ᠭᠤᠷᠪᠠ︶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠤᠯᠭᠠᠭᠤᠷᠢᠯᠠᠯ ᠢ ᠴᠢᠩᠭᠠᠷᠠᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ | ᠢᠨᠵᠧᠨᠧᠷᠢᠩ ᠢ ᠪᠥᠬᠦ ᠬᠦᠴᠦᠨ ᠢᠶᠠᠷ ᠢᠶᠠᠨ ᠬᠡᠷᠡᠭᠵᠢᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠬᠦᠴᠦᠨ ᠯᠦᠭᠡ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠬᠠᠲᠠᠭᠤ ᠴᠢᠩᠭ᠎ᠠ | ᠣᠷᠣᠭᠤᠯᠤᠨ ᠠᠪᠴᠢᠷᠠᠬᠤ᠂ ︽ᠵᠠᠷᠯᠠᠨ ᠮᠠᠩᠯᠠᠶᠢᠯᠠᠭᠤᠯᠬᠤ︾ ︽ᠮᠣᠷᠢᠨ ᠤ ᠮᠥᠷᠦ᠋ᠢᠴᠡᠭᠡᠨ︾ ᠵᠡᠷᠭᠡ ᠴᠢᠬᠤᠯᠠ ᠶᠡᠭᠡ | ᠲᠥᠷᠥᠯ ᠵᠦᠢᠯ ᠤᠨ ᠵᠣᠬᠢᠶᠠᠨ ᠪᠠᠶᠢᠭᠤᠯᠬᠤ ᠠᠷᠭ᠎ᠠ ᠮᠠᠶ᠋ᠢᠭ ᠪᠠ ︽ᠰᠢᠨ᠎ᠡ ᠶᠢ ᠡᠭᠦᠳᠬᠦ ᠬᠤᠯᠪᠣᠭᠠᠲᠤ ᠴᠣᠭᠴᠠ︾ ᠶᠢᠨ | ᠮᠡᠷᠭᠡᠵᠢᠯ ᠤᠨ ᠪᠣᠭᠤᠮᠲᠠ ᠰᠢᠪᠲᠤᠯᠬᠤ ᠶᠢᠨ ᠬᠠᠮᠵᠢᠯᠴᠠᠬᠤ ᠲᠣᠭᠲᠠᠴᠠ ᠪᠠᠷ ᠳᠠᠮᠵᠢᠭᠤᠯᠤᠨ᠂ ᠴᠢᠬᠤᠯᠠ ᠶᠡᠭᠡ | ᠮᠡᠷᠭᠡᠵᠢᠯ ᠤᠨ ᠲᠣᠨᠤᠭ ᠲᠥᠬᠦᠭᠡᠷᠦᠮᠵᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠣᠭᠤᠮᠲᠠ ᠰᠢᠪᠲᠤᠯᠬᠤ ᠶᠢ | ᠢᠳᠡᠪᠬᠢᠲᠡᠶ ᠥᠷᠨᠢᠭᠦᠯᠵᠦ᠂ ᠴᠢᠬᠤᠯᠠ ᠶᠡᠭᠡ ᠮᠡᠷᠭᠡᠵᠢᠯ ᠤᠨ ᠲᠣᠨᠤᠭ ᠲᠥᠬᠦᠭᠡᠷᠦᠮᠵᠢ ᠶᠢᠨ ︽ᠪᠣᠭᠤᠮᠢᠯᠠᠬᠤ︾ | ᠬᠦᠴᠢᠷ ᠠᠰᠠᠭᠤᠳᠠᠯ ᠢ ᠰᠢᠢᠳᠪᠦᠷᠢᠯᠡᠨ᠂ ᠬᠤᠰᠢᠭᠤᠷᠠᠯ ᠮᠡᠷᠭᠡᠵᠢᠯ ᠤᠨ ᠰᠢᠯᠭᠠᠨ ᠪᠠᠲᠤᠯᠠᠭᠰᠠᠨ ᠵᠢᠱᠢᠶ᠎ᠡ ᠦᠵᠡᠭᠦᠯᠬᠦ | ᠡᠭᠦᠷᠭᠡ ᠶᠢ ᠭᠥᠯᠢᠶᠡᠨ ᠠᠪᠴᠤ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠳᠤ ᠦᠢᠯᠡᠴᠢᠯᠡᠭᠡ ᠪᠠ ᠠᠵᠤ ᠦᠢᠯᠡᠰ ᠢ | ᠨᠡᠪᠴᠢᠭᠦᠯᠦᠨ ᠨᠠᠶᠢᠳᠠᠪᠤᠷᠢᠵᠢᠭᠤᠯᠬᠤ ᠶᠢ ᠰᠠᠶᠢᠲᠤᠷ ᠬᠢᠨ᠎ᠠ᠃ ᠡᠯ᠎ᠡ ᠵᠦᠢᠯ ᠤᠨ ᠰᠢᠨ᠎ᠡ ᠮᠡᠷᠭᠡᠵᠢᠯ ᠤᠨ | ᠥᠷᠢᠰᠥᠯᠳᠦᠭᠡᠨ ᠤ ᠪᠤᠶᠢᠵᠢᠯᠲᠠ ᠶᠢ ᠠᠬᠢᠭᠤᠯᠬᠤ ᠶᠢ ᠵᠣᠷᠢᠭᠵᠢᠭᠤᠯᠤᠨ ᠠᠬᠢᠭᠤᠯᠵᠤ᠂ ᠰᠢᠨ᠎ᠡ ᠶᠠᠰᠤ ᠴᠢᠨᠠᠷ ᠤᠨ | ᠦᠢᠯᠡᠳᠪᠦᠷᠢᠯᠡᠯ ᠤᠨ ᠬᠦᠴᠦᠨ ᠢ ᠴᠢᠷᠮᠠᠶᠢᠨ ᠪᠣᠶ ᠪᠣᠯᠭᠠᠬᠤ ᠬᠡᠷᠡᠭᠲᠡᠶ᠃ | ︵ᠲᠦᠷᠪᠡ︶ ᠤᠬᠠᠭᠤᠯᠭ᠎ᠠ ᠶᠢ ᠴᠢᠩᠭᠠᠳᠬᠠᠵᠤ ᠠᠭᠤᠷ ᠠᠮᠢᠰᠬᠤᠯ ᠢ ᠪᠣᠶ ᠪᠣᠯᠭᠠᠨ᠎ᠠ᠃ ᠡᠯ᠎ᠡ ᠲᠣᠭᠤᠷᠢᠭ᠂ | ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ | ᠡᠷᠴᠢᠮ ᠢᠶᠠᠨ ᠴᠢᠩᠭᠠᠷᠠᠭᠤᠯᠵᠤ᠂ ᠣᠯᠤᠭᠰᠠᠨ ᠦᠷ᠎ᠡ ᠪᠦᠲᠦᠮᠵᠢ ᠪᠣᠯᠤᠨ ᠲᠤᠷᠰᠢᠯᠭ᠎ᠠ ᠠᠷᠭ᠎ᠠ ᠬᠢᠳᠡᠯ ᠢᠶᠠᠨ | ᠳ᠋ᠦᠩᠨᠡᠵᠦ᠂ ᠰᠠᠶᠢᠨ ᠲᠤᠷᠰᠢᠯᠭ᠎ᠠ ᠠᠷᠭ᠎ᠠ ᠬᠢᠳᠡᠯ ᠢ ᠤᠬᠠᠭᠤᠯᠤᠨ ᠮᠡᠳᠡᠭᠡᠯᠡᠬᠦ ᠪᠠᠨ ᠴᠢᠩᠭᠠᠳᠬᠠᠬᠤ ᠬᠡᠷᠡᠭᠲᠡᠶ︔ | ᠨᠡᠶᠢᠭᠡᠮ ᠤᠨ ᠠᠩᠬᠠᠷᠤᠯ ᠳᠤ ᠢᠳᠡᠪᠬᠢᠲᠡᠢ ᠬᠠᠷᠢᠭᠤᠯᠲᠠ ᠥᠭᠴᠦ᠂ ᠢᠲᠡᠭᠡᠯ ᠵᠣᠷᠢᠭ ᠢ ᠲᠣᠭᠲᠠᠪᠤᠷᠢᠵᠢᠭᠤᠯᠬᠤ᠂ | ᠵᠢᠱᠢᠯᠲᠡ ᠶᠢ ᠲᠣᠭᠲᠠᠪᠤᠷᠢᠵᠢᠭᠤᠯᠬᠤ᠂ ᠪᠡᠯᠡ ᠣᠷᠣᠭᠤᠯᠤᠯᠲᠠ ᠶᠢ ᠲᠣᠭᠲᠠᠭᠤᠨ ᠪᠠᠶᠢᠯᠭᠠᠬᠤ ᠶᠢ ᠪᠡᠶᠡᠯᠡᠭᠦᠯᠬᠦ ᠬᠡᠷᠡᠭᠲᠡᠢ︔ | ᠦᠵᠡᠰᠬᠦᠯᠡᠩ ᠤᠨ ᠴᠤᠭᠯᠠᠭᠠᠨ᠂ ︽ᠬᠡᠷᠡᠭᠯᠡᠭᠡ ᠶᠢ ᠠᠬᠢᠭᠤᠯᠬᠤ ᠣᠨ︾ ᠤ ᠠᠵᠢᠯᠯᠠᠭ᠎ᠠ ᠵᠡᠷᠭᠡ ᠲᠠᠢ | ᠤᠶᠠᠯᠳᠤᠭᠤᠯᠬᠤ ᠶᠢ ᠴᠢᠬᠤᠯᠠᠴᠢᠯᠠᠵᠤ᠂ ᠰᠢᠨ᠎ᠡ ᠵᠠᠭᠤᠴᠢᠯᠠᠭᠤᠷ᠂ ᠡᠯᠧᠺᠳ᠋ᠷᠣᠨ ᠬᠤᠳᠠᠯᠳᠤᠭᠠᠨ ᠤ ᠲᠠᠪᠴᠠᠩ ᠵᠡᠷᠭᠡ | ᠠᠷᠭ᠎ᠠ ᠵᠠᠮ ᠢ ᠠᠰᠢᠭᠯᠠᠨ ᠲᠠᠨᠢᠯᠴᠠᠭᠤᠯᠤᠨ ᠤᠬᠠᠭᠤᠯᠬᠤ ᠬᠡᠷᠡᠭᠲᠡᠶ︔ ᠡᠯ᠎ᠡ ᠲᠥᠷᠥᠯ ᠤᠨ ᠠᠴᠢᠶᠠᠯᠠᠪᠤᠷᠢ ᠶᠢᠨ | ᠲᠠᠪᠴᠠᠩ ᠢ ᠭᠦᠢᠴᠡᠳ ᠠᠰᠢᠭᠯᠠᠵᠤ᠂ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠶᠡᠭᠡ ᠬᠡᠪᠴᠢᠶᠡᠨ ᠤ | ᠲᠥᠬᠦᠭᠡᠷᠦᠮᠵᠢ ᠶᠢᠨ ᠰᠢᠨᠡᠴᠢᠯᠡᠯᠲᠡ ᠪᠠ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ | ᠠᠬᠢᠭᠤᠯᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ ᠭᠡᠵᠡᠢ᠃ |