ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠰᠢᠶᠤᠤ ᠴᠢᠩ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2024 ᠣᠨ ᠤ 8 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/16
      ᠣᠶᠢᠷ᠎ᠠ ᠳᠤ᠂ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢ ᠰᠢᠶᠤᠤ ᠴᠢᠩ ᠬᠠᠶᠢᠨᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2024 ᠣᠨ ᠤ 8 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠣᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠵᠢᠴᠢ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ᠂ ᠶᠡᠷᠦᠩᠬᠡᠢ ᠱᠦᠵᠢ ᠰᠢ ᠶᠢᠨ ᠫᠢᠩ ᠤᠨ ᠰᠦᠯᠵᠢᠶᠡᠨ ᠤ ᠬᠦᠴᠦᠷᠬᠡᠭ ᠤᠯᠤᠰ ᠤᠨ ᠲᠤᠬᠠᠢ ᠴᠢᠬᠤᠯᠠ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ︽ᠦᠨᠡᠨ︾ ᠰᠡᠳᠬᠦᠯ ᠳᠡᠭᠡᠷ᠎ᠡ ︽ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷᠭᠡ ᠬᠠᠷᠢᠭᠤᠴᠠᠯᠭ᠎ᠠ︾᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ︽ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠰᠠᠨᠠᠯ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠳᠦᠷᠢᠮ︾ ᠪᠣᠯᠤᠨ ᠥᠪᠥᠷ ᠮᠣᠩᠭᠤᠯ ᠤᠨ ︽ᠬᠡᠷᠡᠭᠵᠢᠭᠦᠯᠬᠦ ᠠᠷᠭ᠎ᠠ︾᠂ ᠦᠬᠠᠢ ᠬᠤᠳᠠ ᠶᠢᠨ ︽ᠬᠡᠷᠡᠭᠵᠢᠭᠦᠯᠬᠦ ᠰᠠᠨᠠᠯ︾᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠱᠤᠭᠤᠮ ᠢ ᠪᠦᠬᠦ ᠲᠠᠯ᠎ᠠ ᠪᠠᠷ ᠲᠤᠤᠱᠯᠠᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾ ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠬᠤ ᠶᠢᠨ ᠬᠠᠮᠲᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠨᠤᠯ ᠤᠨ ᠰᠢᠯᠭᠠᠯᠲᠠ ᠶᠢ ᠥᠷᠨᠢᠭᠦᠯᠪᠡ᠃      ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠤᠨ ᠲᠣᠭᠤᠷᠢᠨ ᠳᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠣᠯᠤᠨ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠡᠭᠦᠨ ᠳᠤ ᠲᠤᠭᠤᠰᠢᠯᠠᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠶᠢ ᠰᠠᠶᠢᠲᠤᠷ ᠰᠤᠷᠤᠯᠴᠠᠨ ᠰᠠᠶᠢᠲᠤᠷ ᠬᠡᠷᠡᠭᠯᠡᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷᠭᠡ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠲᠦᠷᠢᠮ︾ ᠪᠣᠯᠤᠨ ᠥᠪᠡᠷᠲᠡᠭᠡᠨ ᠵᠠᠰᠠᠬᠤ ᠣᠷᠣᠨ ᠤ ︽ᠬᠡᠷᠡᠭᠵᠢᠭᠦᠯᠬᠦ ᠠᠷᠭ᠎ᠠ︾᠂ ᠦᠬᠠᠢ ᠬᠤᠳᠠ ᠶᠢᠨ ︽ᠬᠡᠷᠡᠭᠵᠢᠭᠦᠯᠬᠦ ᠰᠠᠨᠠᠯ︾ ᠢ ᠨᠠᠷᠢᠨ ᠬᠢᠨᠠᠮᠠᠭᠠᠢ ᠲᠤᠤᠱᠯᠠᠭᠤᠯᠵᠤ᠂ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠡᠯ᠎ᠡ ᠲᠠᠯ᠎ᠠ ᠪᠦᠬᠦ ᠶᠠᠪᠤᠴᠠ ᠳᠤ ᠦᠨᠡᠨᠬᠦ ᠲᠤᠤᠱᠯᠠᠭᠤᠯᠵᠤ᠂ ᠡᠯ᠎ᠡ ᠵᠦᠢᠯ ᠤᠨ ᠠᠵᠢᠯ ᠤᠨ ᠴᠢᠭᠯᠡᠯ ᠬᠡᠯᠪᠠᠶᠢᠬᠦ ᠦᠭᠡᠢ᠂ ᠲᠦᠷᠭᠡᠨ ᠪᠥᠭᠡᠳ ᠯᠠᠪᠳᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠨᠠᠮ ᠤᠨ ᠬᠤᠷᠢᠶᠠᠨ ᠤ ᠪᠠᠶᠢᠭᠤᠯᠭ᠎ᠠ ᠶᠢᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠤᠨ ᠪᠠᠶᠢᠷᠢᠰᠢᠭᠤᠯᠤᠯᠲᠠ ᠳᠤ ᠣᠷᠣᠭᠤᠯᠤᠨ ᠠᠷᠭ᠎ᠠ ᠤᠬᠠᠭᠠᠨ ᠰᠦᠪᠡᠭᠴᠢᠯᠡᠵᠦ᠂ ᠠᠷᠢᠭᠤᠨ ᠴᠢᠬᠡᠴᠢ ᠶᠢᠨ ᠰᠡᠷᠡᠮᠵᠢᠯᠡᠭᠦᠯᠬᠦ ᠬᠥᠮᠦᠵᠢᠯ ᠢ ᠦᠷᠭᠦᠯᠵᠢᠯᠡᠨ ᠥᠷᠨᠢᠭᠦᠯᠵᠦ᠂ ᠪᠦᠬᠦ ᠺᠠᠳ᠋ᠷ ᠠᠵᠢᠯᠳᠠᠨ ᠠᠵᠢᠯᠴᠢᠨ ᠢ ᠬᠦᠳᠦᠯᠦᠨ ᠵᠢᠯᠣᠭᠤᠳᠴᠤ ᠪᠠᠶᠢᠭᠠᠳ ︽ᠢᠯᠵᠠᠷᠠᠯ︾᠂ ︽ᠬᠤᠮᠣᠷᠭᠠᠯᠠᠨ ᠠᠪᠠᠯᠠᠬᠤ︾ ᠶᠢ ᠢᠮᠠᠭᠲᠠ ᠪᠠᠲᠤᠯᠠᠵᠤ᠂ ᠤᠳᠤᠷᠢᠳᠬᠤ ᠺᠠᠳ᠋ᠷ ᠤᠨ ᠤᠯᠤᠰ ᠲᠦᠷᠦ ᠶᠢᠨ ᠲᠣᠭᠲᠠᠯ ᠬᠦᠴᠦᠨ ᠪᠣᠯᠤᠨ ᠢᠯᠵᠠᠷᠠᠯ ᠢ ᠡᠰᠡᠷᠭᠦᠴᠡᠬᠦ ᠲᠣᠭᠲᠠᠯ ᠬᠦᠴᠦᠨ ᠢ ᠦᠨᠡᠨ ᠬᠦ ᠴᠢᠩᠭᠠᠳᠬᠠᠬᠤ ᠬᠡᠷᠡᠭᠲᠡᠢ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠤᠯᠤᠰ ᠲᠦᠷᠦ ᠬᠠᠤᠯᠢ ᠴᠠᠭᠠᠵᠠ ᠶᠢᠨ ᠠᠵᠢᠯ ᠲᠠᠢ ᠨᠢᠭᠲᠠ ᠤᠶᠠᠯᠳᠤᠭᠤᠯᠬᠤ ᠶᠢ ᠪᠠᠷᠢᠮᠲᠠᠯᠠᠵᠤ᠂ ᠵᠡᠷᠭᠡᠪᠡᠷ ᠪᠠᠶᠢᠷᠢᠯᠠᠭᠤᠯᠵᠤ᠂ ᠵᠡᠷᠭᠡᠪᠡᠷ ᠨᠠᠶᠢᠳᠠᠪᠤᠷᠢᠵᠢᠭᠤᠯᠵᠤ᠂ ᠵᠡᠷᠭᠡᠪᠡᠷ ᠪᠠᠶᠢᠴᠠᠭᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠡᠷᠬᠡ ᠶᠢ ᠪᠠᠲᠤ ᠡᠵᠡᠮᠳᠡᠬᠦ ᠬᠡᠷᠡᠭᠲᠡᠢ ᠭᠡᠵᠡᠢ᠃      ᠬᠤᠷᠠᠯ ᠠᠴᠠ ᠪᠠᠰᠠ ᠭᠠᠵᠢᠭᠤ ᠨᠣᠮᠯᠠᠯ ᠢ ᠡᠰᠡᠷᠭᠦᠴᠡᠬᠦ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号