ᠪᠠᠢ ᠴᠦᠨ ᠯᠸᠢ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/7/17
      7 ᠰᠠᠷ᠎ᠠ ᠶᠢᠨ 16 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠤᠳᠤᠷᠢᠳᠤᠯᠭ᠎ᠠ ᠰᠢᠤ ᠹᠠᠩ᠂ ᠴᠧᠨ ᠬᠠᠢ ᠰᠢᠶᠤᠤ ᠣᠷᠣᠯᠴᠠᠪᠠ᠃      ᠬᠠᠶᠢᠨᠠᠨ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ᠂ ᠷᠠᠰᠢᠵᠦ᠋ᠩ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠬᠠᠶᠢᠨᠠᠨ ᠲᠣᠭᠤᠷᠢᠭ ᠤᠨ ᠳᠥᠷᠪᠡᠳᠦᠭᠡᠷ ᠬᠡᠦᠬᠡᠳ ᠤᠨ ᠴᠡᠴᠡᠷᠯᠢᠭ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠪᠣᠯᠤᠨ ᠭᠦᠨ ᠤᠰᠤ ᠵᠡᠭᠡᠯᠢ᠂ ᠷᠧᠨ ᠾᠧ ᠵᠠᠮ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠪᠠᠢ ᠴᠦᠨ ᠯᠸᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠮᠠᠲ᠋ᠧᠷᠢᠶᠠᠯ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠠᠬᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠴᠢᠩᠭ᠎ᠠ ᠡᠵᠡᠮᠳᠡᠵᠦ᠂ ᠠᠷᠠᠳ ᠤᠨ ᠠᠮᠢᠳᠤᠷᠠᠯ ᠤᠨ ᠤᠳᠤᠷᠢᠳᠤᠮᠵᠢ ᠶᠢ ᠲᠤᠪᠤᠶᠢᠯᠭᠠᠬᠤ ᠳᠤᠮᠳᠠ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠡᠮᠬᠢ ᠵᠢᠷᠤᠮ ᠲᠠᠢ ᠠᠬᠢᠭᠤᠯᠵᠤ᠂ ᠦᠨᠡᠨ ᠪᠣᠳᠠᠲᠠᠢ ᠦᠷ᠎ᠡ ᠪᠦᠲᠦᠮᠵᠢ ᠪᠠᠷ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠦᠨᠡᠨ ᠬᠦ ᠨᠡᠮᠡᠭᠳᠡᠭᠦᠯᠬᠦ ᠬᠡᠷᠡᠭᠲᠡᠢ ᠭᠡᠵᠦ ᠬᠡᠯᠡᠪᠡ᠃ ᠣᠨᠣᠰᠢᠯᠠᠨ ᠡᠮᠨᠡᠬᠦ ᠦᠶ᠋ᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠵᠦ᠂ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠲᠣᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠲᠦᠭᠵᠢᠷᠡᠯ ᠢ ᠦᠨᠡᠨ ᠬᠦ ᠨᠡᠪᠲᠡᠷᠡᠭᠦᠯᠵᠦ᠂ ᠡᠪᠡᠷᠰᠢᠶᠡᠯ ᠢ ᠰᠢᠶ᠋ᠳᠪᠦᠷᠢᠯᠡᠵᠦ᠂ ᠠᠷᠠᠳ ᠣᠯᠠᠨ ᠳᠤ ᠨᠠᠩ ᠴᠢᠨᠠᠷ ᠰᠠᠶᠢᠲᠠᠶ ᠥᠨᠳᠥᠷ ᠪᠦᠲᠦᠮᠵᠢᠲᠡᠶ ᠡᠷᠡᠭᠦᠯ ᠮᠡᠨᠳᠦ ᠶᠢᠨ ᠦᠶ᠋ᠯᠡᠴᠢᠯᠡᠭᠡ ᠬᠠᠩᠭᠠᠬᠤ ᠪᠠᠷ ᠴᠢᠷᠮᠠᠶᠢᠬᠤ ᠬᠡᠷᠡᠭᠲᠡᠶ᠃ ᠡᠯ᠎ᠡ ᠰᠤᠷᠭᠠᠭᠤᠯᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠮᠡᠷᠭᠡᠵᠢᠯ ᠤᠨ ᠰᠡᠷᠭᠡᠶᠢᠯᠡᠯᠲᠡ ᠶᠢᠨ ᠡᠷᠴᠢᠮ ᠢᠶᠠᠨ ᠴᠢᠩᠭᠠᠷᠠᠭᠤᠯᠤᠨ᠂ ᠡᠯ᠎ᠡ ᠲᠥᠷᠥᠯ ᠤᠨ ᠳᠠᠯᠳᠠ ᠬᠡᠮ ᠢ ᠦᠨᠡᠨ ᠬᠦ ᠠᠷᠢᠯᠭᠠᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢᠨ ᠬᠢᠷᠢ ᠬᠡᠮᠵᠢᠶ᠎ᠡ ᠪᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠂ ᠭᠠᠯ ᠤᠨᠲᠠᠷᠠᠭᠠᠬᠤ ᠠᠮᠤᠷ ᠲᠦᠪᠰᠢᠨ ᠤ ᠥᠴᠦᠬᠡᠨ ᠴᠦ ᠠᠯᠳᠠᠰᠢ ᠭᠠᠷᠭᠠᠬᠤ ᠥᠬᠡᠶ ᠪᠠᠶᠢᠬᠤ ᠶᠢ ᠦᠨᠡᠨ ᠬᠦ ᠪᠠᠲᠤᠯᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠴᠣᠭᠴᠠᠯᠠᠬᠤ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠪᠠᠷᠢᠮᠵᠢᠶ᠎ᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠤᠨ ᠱᠠᠭᠠᠷᠳᠠᠯᠭ᠎ᠠ ᠪᠠᠨ ᠴᠢᠩᠭᠠᠳᠬᠠᠵᠤ᠂ ᠦᠢᠯᠡᠴᠢᠯᠡᠭᠡᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠠᠵᠢᠯ ᠶᠠᠪᠤᠳᠠᠯ ᠭᠦᠢᠴᠡᠳᠬᠡᠬᠦ ᠶᠠᠪᠤᠴᠠ ᠪᠠᠨ ᠵᠢᠷᠤᠮᠵᠢᠭᠤᠯᠵᠤ᠂ ᠤᠯᠠᠨ ᠲᠦᠮᠡᠨ ᠤ ᠣᠷᠣᠨ ᠰᠠᠭᠤᠴᠠ ᠳᠤ ᠣᠷᠣᠵᠤ ᠰᠠᠭᠤᠬᠤ ᠳᠤ ᠬᠦᠴᠢᠷ᠂ ᠦᠨᠡᠮᠯᠡᠯ ᠠᠪᠬᠤ ᠳᠤ ᠬᠦᠴᠢᠷ᠂ ᠪᠤᠴᠠᠵᠤ ᠨᠡᠭᠦᠬᠦ ᠳᠤ ᠬᠦᠴᠢᠷ ᠵᠡᠷᠭᠡ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠬᠠᠮᠵᠢᠯᠴᠠᠭ᠎ᠠ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠬᠠᠭᠤᠴᠢᠨ ᠪᠣᠬᠢᠷ ᠤᠰᠤᠨ ᠤ ᠬᠤᠭᠤᠯᠠᠢ ᠶᠢᠨ ᠲᠣᠣᠷ ᠤᠨ ᠥᠭᠡᠷᠡᠴᠢᠯᠡᠯᠲᠡ ᠶᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号