2024 ᠣᠨ ᠤ 7 ᠰᠠᠷ᠎ᠠ ᠶᠢᠨ 16 ᠤ ᠡᠳᠦᠷ ᠤᠨ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠠᠵᠢᠯ ᠤᠨ ᠪᠠᠶᠢᠳᠠᠯ
ᠨᠡᠶᠢᠲᠡᠯᠡᠭᠰᠡᠨ ᠴᠠᠭ᠄
2024/7/17
      ᠪᠠᠢ ᠴᠦᠨ ᠯᠸᠢ᠄ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠭᠰᠠᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠵᠤ᠂ ᠪᠦᠬᠦ ᠬᠤᠲᠠ ᠶᠢᠨ ᠭᠤᠤᠯᠳᠠᠯᠭ᠎ᠠ ᠲᠠᠢ ᠲᠥᠷᠥᠯ ᠵᠦᠢᠯ ᠢ ᠠᠬᠢᠭᠤᠯᠬᠤ ᠬᠤᠷᠠᠯ ᠳᠤ ᠣᠷᠣᠯᠴᠠᠪᠠ᠃      ᠱᠢ ᠯᠢ ᠴᠢᠶᠠᠩ᠄ ᠦᠬᠠᠢ ᠬᠤᠳᠠ ᠶᠢᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠤᠮᠫᠠᠨᠢ ᠵᠢᠨ‌‍ᠪᠡᠯᠡ ᠣᠷᠣᠭᠤᠯᠤᠭᠴᠢ ᠲᠠᠢ ᠬᠡᠯᠡᠯᠴᠡᠭᠡᠷ ᠬᠢᠭᠰᠡᠨ᠃      ᠰᠢᠤ ᠹᠠᠩ᠄ ᠪᠠᠶ ᠴᠦᠨ ᠯᠸᠢ᠄ ᠲᠣᠭᠤᠷᠢᠭ ᠤᠨ ᠳᠠᠷᠤᠭ᠎ᠠ ᠳᠤ ᠪᠠᠷ᠎ᠠ ᠪᠣᠯᠵᠤ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠭᠰᠠᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ︾ ᠱᠠᠲᠤ ᠬᠤᠪᠢᠶᠠᠨ ᠰᠤᠭᠤᠴᠢᠨ ᠪᠠᠶᠢᠴᠠᠭᠠᠬᠤ ᠵᠢᠴᠢ ᠡᠮ ᠡᠮᠨᠡᠯᠭᠡ ᠶᠢᠨ ᠥᠭᠡᠷᠡᠴᠢᠯᠡᠯᠲᠡ ᠶᠢᠨ ︽ᠳᠥᠷᠪᠡᠨ ᠶᠡᠭᠡ ᠪᠣᠭᠤᠮᠲᠠ ᠰᠢᠪᠲᠤᠯᠬᠤ︾ ᠠᠵᠢᠯᠯᠠᠭ᠎ᠠ ᠶᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃      ᠴᠧᠨ ᠬᠠᠢ ᠰᠢᠶᠤᠤ᠄  ᠪᠠᠶ ᠴᠦᠨ ᠯᠸᠢ᠄ ᠲᠣᠭᠤᠷᠢᠭ ᠤᠨ ᠳᠠᠷᠤᠭ᠎ᠠ ᠳᠤ ᠪᠠᠷ᠎ᠠ ᠪᠣᠯᠵᠤ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠭᠰᠠᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠵᠤ᠂ ᠱᠦᠵᠢ ᠨᠡᠷ ᠣᠯᠠᠨ ᠲᠦᠮᠡᠨ ᠤ ᠥᠯᠥ ᠬᠥᠳᠡᠯᠬᠦ ᠬᠥᠷᠥᠩᠭᠡ ᠶᠢᠨ ᠦᠨᠡᠮᠯᠡᠯ ᠢ ᠭᠦᠢᠴᠡᠳᠬᠡᠭᠰᠡᠨ᠂ ᠬᠠᠤᠯᠢ ᠲᠣᠭᠲᠠᠭᠠᠯ ᠠᠴᠠ ᠵᠥᠷᠢᠴᠡᠨ ᠭᠠᠵᠠᠷ ᠬᠡᠷᠡᠭᠯᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠠᠵᠢᠯ ᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ᠃      ᠯᠢᠦ ᠵᠢᠶᠠᠨ ᠫᠢᠩ ᠄  ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠠᠨ ᠳ᠋ᠦᠩ ᠳᠤ ᠪᠠᠷ᠎ᠠ ᠪᠣᠯᠵᠤ ᠠᠮᠤᠷ ᠢ ᠬᠠᠮᠠᠭᠠᠯᠠᠬᠤ ᠠᠵᠢᠯ ᠢ ᠪᠠᠶᠢᠴᠠᠭᠠᠨ ᠰᠤᠳᠤᠯᠪᠠ᠃      ᠸᠠᠩ ᠬᠤᠩ ᠼᠦᠨ᠄ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠭᠤᠣᠯᠳᠠᠯᠭ᠎ᠠ ᠲᠠᠢ ᠠᠵᠢᠯ ᠤᠨ ᠲᠤᠬᠠᠢ ᠰᠤᠳᠤᠯᠪᠠ᠃      ᠯᠢᠦ ᠲᠢᠶᠠᠨ ᠴᠢᠩ᠄ ᠱᠦᠵᠢ ᠶᠢᠨ ᠪᠠᠷ᠎ᠠ ᠪᠣᠯᠵᠣ ᠬᠦᠷᠢᠶᠡᠯᠡᠩ ᠲᠣᠭᠤᠷᠢᠭ ᠤᠨ ᠠᠮᠤᠷ ᠲᠦᠪᠰᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯ᠂ ᠪᠠᠷᠢᠯᠭ᠎ᠠ ᠶᠢᠨ ᠭᠠᠵᠠᠷ ᠤᠨ ᠠᠮᠤᠷ ᠲᠦᠪᠰᠢᠨ ᠢᠶᠠᠷ ᠪᠠᠷᠢᠯᠭ᠎ᠠ ᠪᠠᠷᠢᠭᠰᠠᠨ ᠵᠡᠷᠭᠡ ᠪᠠᠶᠢᠳᠠᠯ ᠢ ᠪᠠᠶᠢᠴᠠᠭᠠᠨ  ᠰᠣᠳᠣᠯᠪᠠ᠃      ᠸᠠᠩ ᠶᠦᠩ ᠱᠧᠩ᠄ ᠬᠤᠳᠠ ᠶᠢᠨ ᠳᠠᠷᠤᠭ᠎ᠠ ᠳᠤ ᠪᠠᠷ᠎ᠠ ᠪᠤᠯᠵᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠲᠤ ᠪᠠᠶᠢᠴᠠᠭᠠᠨ ᠰᠤᠳᠤᠯᠤᠯᠲᠠ ᠬᠢᠵᠦ᠂  ᠳᠠᠭᠠᠭᠠᠴᠢᠯᠠᠨ ᠬᠤᠯᠪᠣᠭᠠᠯᠠᠭᠰᠠᠨ ᠺᠠᠳ᠋ᠷᠴᠤᠳ ᠢ ᠳᠠᠭᠠᠭᠤᠯᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠲᠤ ᠬᠦᠷᠴᠦ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠣᠶᠢᠯᠠᠭᠠᠵᠤ᠂ ᠬᠠᠶᠢᠨᠠᠨ ᠲᠣᠭᠤᠷᠢᠭ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃       ᠵᠠᠩ ᠨᠢᠩ᠄ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠭᠤᠣᠯᠳᠠᠯᠭ᠎ᠠ ᠲᠠᠢ ᠠᠵᠢᠯ ᠤᠨ ᠲᠤᠬᠠᠢ ᠰᠤᠳᠤᠯᠪᠠ᠃       ᠭᠤᠤ ᠵᠧᠨ ᠭᠠᠩ᠄ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠭᠤᠣᠯᠳᠠᠯᠭ᠎ᠠ ᠲᠠᠢ ᠠᠵᠢᠯ ᠤᠨ ᠲᠤᠬᠠᠢ ᠰᠤᠳᠤᠯᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号