ᠱᠢ ᠯᠢ ᠴᠢᠶᠠᠩ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 8 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠵᠢᠴᠢ 2024 ᠣᠨ ᠤ 8 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/18
      2024 ᠣᠨ ᠤ 5 ᠰᠠᠷ᠎ᠠ ᠶᠢᠨ 7 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠱᠢ ᠯᠢ ᠴᠢᠶᠠᠩ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2024 ᠣᠨ ᠤ 8 ᠳ᠋ᠤᠭᠠᠷ ᠤᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠵᠢᠴᠢ 2024 ᠣᠨ ᠤ 8 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠳᠤ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠪᠠ ᠴᠦᠩᠴᠢᠩ ᠬᠤᠲᠠ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠪᠠᠴᠢᠮ ᠮᠡᠳᠡᠭᠳᠡᠯ ᠳᠠᠷᠤᠮᠠᠯᠯᠠᠨ ᠲᠠᠷᠬᠠᠭᠠᠪᠠ᠃ ᠬᠤᠷᠠᠯ ᠠᠴᠠ᠂ ᠡᠯ᠎ᠡ ᠪᠠᠯᠭᠠᠰᠤ ︵ᠵᠡᠭᠡᠯᠢ ᠭᠤᠳᠤᠮᠵᠢ︶᠂ ᠡᠯ᠎ᠡ ᠰᠠᠯᠠᠭ᠎ᠠ ᠮᠥᠴᠢᠷ ᠤᠨ ᠬᠢᠨ ᠲᠥᠪ ᠤᠨ ᠰᠢᠨ᠎ᠡ ᠴᠠᠭ ᠦᠶ᠎ᠡ ᠳᠤ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ᠂ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠡᠷᠭᠡ ᠰᠢᠷᠢᠰ ᠴᠢᠬᠤᠯᠠ ᠲᠦᠷᠦ ᠶᠢᠨ ᠪᠤᠳᠤᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠭᠤᠣᠯᠳᠠᠯᠭ᠎ᠠ ᠶᠢ ᠠᠳᠬᠤᠵᠤ᠂ ᠳᠤᠲᠠᠭᠤᠳᠠᠯ ᠢ ᠨᠥᠬᠦᠪᠥᠷᠢᠯᠡᠵᠦ᠂ ᠪᠠᠭᠤᠷᠠᠢ ᠲᠠᠯ᠎ᠠ ᠶᠢ ᠬᠦᠴᠦᠷᠬᠡᠭᠵᠢᠭᠦᠯᠵᠦ᠂ ᠪᠣᠳᠠᠲᠠᠢ ᠠᠴᠠ ᠡᠭᠦᠰᠴᠦ᠂ ᠠᠵᠢᠯ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠬᠢᠵᠦ᠂ ᠠᠯᠢ ᠤᠯᠠᠨ ᠴᠢᠬᠤᠯᠠ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠬᠥᠭᠵᠢᠯᠲᠡ ᠶᠢ ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠱᠠᠭᠠᠷᠳᠠᠪᠠ᠃ ᠠᠵᠤ ᠦᠢᠯᠡᠰ ᠤᠨ ᠪᠦᠲᠦᠴᠡ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠶᠡᠬᠡᠪᠡᠷ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠠᠵᠢᠯ ᠢ ᠰᠠᠶᠢᠲᠤᠷ ᠬᠢᠵᠦ᠂ ᠡᠨᠧᠷᠭᠢ ᠶᠢᠨ ᠡᠬᠢ ᠪᠠᠶᠠᠯᠢᠭ ᠤᠨ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠪᠣᠯᠤᠨ ᠥᠨᠳᠥᠷ ᠲᠦᠪᠰᠢᠨ ᠪᠦᠬᠦᠢ ᠬᠠᠮᠠᠭᠠᠯᠠᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠤᠬᠴᠠᠵᠢᠭᠤᠯᠬᠤ ᠢᠨᠵᠧᠨᠧᠷᠢᠩ ᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠦᠵᠡᠰᠬᠦᠯᠡᠩᠲᠦ ᠰᠠᠶᠢᠬᠠᠨ ᠬᠠᠶᠢᠨᠠᠨ ᠤ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠥᠨᠳᠥᠷ ᠪᠠᠷᠢᠮᠵᠢᠶ᠎ᠠ ᠪᠠᠷ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ ᠤᠶᠤᠨᠲᠤ ᠬᠤᠳᠠ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠨᠡᠶᠢᠳᠬᠡᠨ ᠬᠠᠮᠲᠤᠪᠠᠷ ᠡᠳ᠋ᠯᠡᠬᠦ ᠪᠠ ᠨᠡᠭᠡᠭᠡᠨ ᠠᠰᠢᠭᠯᠠᠬᠤ ᠶᠢ ᠨᠢᠭᠡᠳᠦᠯᠲᠡᠢ ᠲᠥᠯᠥᠪᠵᠢᠭᠦᠯᠵᠦ᠂ ᠣᠷᠣᠨ ᠪᠦᠰᠡ ᠶᠢᠨ ᠨᠡᠶᠢᠭᠡᠮ ᠤᠨ ᠵᠠᠰᠠᠯᠲᠠ ᠶᠢ ᠨᠠᠷᠢᠯᠢᠬᠵᠢᠭᠤᠯᠬᠤ᠂ ᠤᠶᠤᠨᠴᠢᠯᠠᠬᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠰᠠᠶᠢᠲᠤᠷ ᠠᠳᠬᠤᠵᠤ᠂ ᠬᠥᠳᠡᠭᠡ ᠲᠣᠰᠬᠤᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠪᠣᠯᠤᠨ ᠵᠠᠩ ᠳᠠᠳᠬᠠᠯ ᠢ ᠥᠭᠡᠷᠡᠴᠢᠯᠡᠬᠦ ᠶᠢ ᠢᠳᠡᠪᠬᠢᠲᠡᠢ ᠠᠬᠢᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠪᠠᠷᠢᠮᠲᠠᠯᠠᠵᠤ᠂ ᠡᠨᠡ ᠬᠦ ᠭᠤᠣᠯ ᠰᠢᠵᠢᠮ ᠢ ᠡᠯ᠎ᠡ ᠵᠦᠢᠯ ᠤᠨ ᠠᠵᠢᠯ ᠳᠤ ᠢᠯᠡ ᠪᠥᠭᠡᠳ ᠪᠦᠲᠦᠮᠵᠢᠲᠡᠢ ᠠᠭᠤᠰᠬᠠᠨ ᠣᠷᠣᠭᠤᠯᠤᠨ᠎ᠠ᠃ ᠬᠡᠯᠪᠡᠷᠢᠴᠢ ᠦᠵᠡᠯ ᠢ ᠦᠷᠭᠦᠯᠵᠢᠯᠡᠨ ᠬᠦᠴᠦᠯᠡᠨ ᠴᠡᠭᠴᠡᠯᠡᠨ ᠵᠠᠰᠠᠵᠤ᠂ ᠠᠷᠠᠳ ᠤᠨ ᠠᠮᠢᠳᠤᠷᠠᠯ  ᠤᠨ  ᠡᠯ᠎ᠡ  ᠵᠦᠢᠯ  ᠤᠨ  ᠪᠣᠳᠠᠲᠤ  ᠶᠠᠪᠤᠳᠠᠯ  ᠢ  ᠯᠠᠪᠳᠠᠭᠤᠨ  ᠪᠠᠲᠤᠲᠠᠢ  ᠰᠠᠶᠢᠲᠤᠷ  ᠬᠢᠬᠦ  ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ 15 ᠵᠦᠢᠯ ᠤᠨ ᠬᠠᠲᠠᠭᠤ ᠠᠷᠭ᠎ᠠ ᠬᠡᠮᠵᠢᠶ᠎ᠡ᠂ ᠥᠪᠡᠷᠲᠡᠭᠡᠨ ᠵᠠᠰᠠᠬᠤ ᠣᠷᠣᠨ ᠤ 53 ᠵᠦᠢᠯ ᠤᠨ ᠠᠷᠭ᠎ᠠ ᠬᠡᠮᠵᠢᠶ᠎ᠡ ᠪᠣᠯᠤᠨ ᠦᠬᠠᠢ ᠬᠤᠳᠠ ᠶᠢᠨ 65 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠶᠢ ᠭᠦᠨᠵᠡᠭᠡᠢ ᠨᠠᠶᠢᠳᠠᠪᠤᠷᠢᠵᠢᠭᠤᠯᠵᠤ᠂ ᠦᠨᠳᠦᠰᠦ ᠠᠴᠠ ᠨᠢ ᠵᠠᠰᠠᠵᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠠᠭᠤᠷᠬᠠᠢ᠂ ᠠᠶᠤᠯ ᠲᠠᠢ ᠬᠢᠮᠢ ᠶᠢᠨ ᠠᠵᠤ ᠦᠢᠯᠡᠳᠪᠦᠷᠢ᠂ ᠭᠠᠯ ᠤᠨᠲᠠᠷᠠᠭᠠᠬᠤ᠂ ᠵᠠᠮ ᠬᠠᠷᠢᠯᠴᠠᠭ᠎ᠠ᠂ ᠪᠠᠷᠢᠯᠭ᠎ᠠ ᠶᠢᠨ ᠠᠵᠢᠯ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠪᠣᠳᠠᠲᠠᠢ ᠠᠳᠬᠤᠵᠤ᠂ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠭᠡᠮ ᠰᠣᠭᠤᠭ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠦᠶᠡᠷ ᠪᠠ ᠭᠠᠩ ᠬᠠᠭᠰᠠᠷᠠᠭᠠᠨ ᠤ ᠭᠠᠮᠰᠢᠭ ᠤᠨ ᠠᠶᠤᠯ ᠲᠦᠭᠰᠢᠭᠦᠷᠢ ᠶᠢ ᠪᠦᠬᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠵᠤ᠂ ᠦᠢᠯᠡᠳᠪᠦᠷᠢ ᠠᠭᠤᠷᠬᠠᠢ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠵᠢᠴᠢ ᠰᠢᠲᠠᠮᠠᠬᠠᠢ ᠬᠡᠢ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ᠂ ᠬᠢᠵᠠᠭᠠᠷ ᠲᠠᠢ ᠣᠷᠣᠨ ᠵᠠᠢ ᠳᠤ ᠠᠵᠢᠯᠯᠠᠬᠤ ᠵᠡᠷᠭᠡ ᠭᠤᠣᠯᠳᠠᠯᠭ᠎ᠠ ᠲᠠᠢ ᠨᠢᠭᠡᠴᠡ ᠲᠠᠯᠠᠪᠤᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠣᠷᠣᠨ ᠤ ᠲᠡᠰ ᠤᠨ ᠤᠳᠤᠷᠢᠳᠬᠤ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠴᠢᠩᠭᠠᠳᠬᠠᠨ ᠪᠣᠳᠠᠲᠠᠶᠢᠵᠢᠭᠤᠯᠵᠤ᠂ ᠵᠡᠷᠭᠡᠪᠡᠷ ᠬᠦᠴᠦᠯᠡᠵᠦ᠂ ᠬᠤᠯᠪᠣᠭᠠᠯᠠᠨ ᠬᠦᠴᠦᠯᠡᠵᠦ᠂ ᠠᠮᠤᠷ ᠲᠦᠪᠰᠢᠨ ᠤ ︽ᠰᠡᠷᠭᠡᠶᠢᠯᠡᠯᠲᠡ ᠶᠢᠨ ᠬᠡᠷᠡᠮ︾ ᠢ ᠦᠨᠡᠨᠬᠦ ᠪᠠᠬᠢᠵᠢᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ  ᠠᠮᠤᠷ  ᠲᠦᠪᠰᠢᠨ  ᠲᠣᠭᠲᠠᠭᠤᠨ  ᠣᠷᠴᠢᠨ  ᠲᠣᠭᠤᠷᠢᠨ  ᠢ  ᠪᠤᠢ  ᠪᠣᠯᠭᠠᠬᠤ ᠬᠡᠷᠡᠭᠲᠡᠢ  ᠭᠡᠵᠡᠢ᠃      ᠬᠤᠷᠠᠯ ᠠᠴᠠ ᠬᠠᠶᠢᠨᠠᠨ ᠲᠣᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠶᠢᠨ ᠳᠡᠪᠰᠢᠭᠦᠯᠦᠭᠰᠡᠨ ︽ᠬᠠᠶᠢᠨᠠᠨ ᠲᠣᠭᠤᠷᠢᠭ ᠤᠨ ᠬᠤᠶᠠᠳᠤᠭᠠᠷ ᠡᠭᠡᠯᠵᠢ ᠶᠢᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠭᠰᠠᠨ ᠮᠡᠳᠡᠭᠦᠯᠦᠯᠲᠡ ᠶᠢᠨ ᠴᠡᠭᠴᠡᠯᠡᠨ ᠰᠠᠶᠢᠵᠢᠷᠠᠭᠤᠯᠬᠤ ᠲᠥᠰᠦᠯ ︵ᠬᠢᠨᠠᠨ ᠵᠥᠪᠯᠡᠬᠦ ᠨᠣᠤᠷᠠᠭ︶︾ ᠢ ᠬᠢᠨᠠᠨ ᠵᠥᠪᠯᠡᠵᠦ᠂ ︽ᠬᠠᠶᠢᠨᠠᠨ ᠲᠣᠭᠤᠷᠢᠭ ᠤᠨ ᠬᠤᠶᠠᠳᠤᠭᠠᠷ ᠡᠭᠡᠯᠵᠢ ᠶᠢᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠭᠰᠠᠨ ᠮᠡᠳᠡᠭᠦᠯᠦᠯᠲᠡ ᠶᠢᠨ ᠴᠡᠭᠴᠡᠯᠡᠨ ᠰᠠᠶᠢᠵᠢᠷᠠᠭᠤᠯᠬᠤ ᠲᠥᠰᠦᠯ︾ ᠢ ᠵᠠᠷᠴᠢᠮ ᠳᠡᠭᠡᠷ᠎ᠡ ᠪᠠᠨ ᠵᠥᠪᠰᠢᠶᠡᠷᠡᠵᠦ᠂ ᠬᠠᠶᠢᠨᠠᠨ ᠤ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠶᠢ ᠵᠠᠷᠯᠢᠭᠳᠠᠵᠤ ᠪᠠᠶᠢᠭᠠᠳ ᠬᠤᠷᠠᠯ ᠠᠴᠠ ᠳᠤᠷᠠᠳᠤᠭᠰᠠᠨ ᠰᠠᠨᠠᠯ ᠢ ᠦᠨᠳᠦᠰᠦᠯᠡᠨ᠂ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠯᠢᠦ ᠲᠢᠶᠠᠨ ᠴᠢᠩ ᠳᠡᠳ᠋ ᠲᠣᠭᠤᠷᠢᠭ ᠤᠨ ᠳᠠᠷᠤᠭ᠎ᠠ ᠬᠢᠨᠠᠨ ᠬᠠᠷᠭᠤᠭᠤᠯᠵᠤ ᠪᠣᠭᠤᠮᠲᠠ ᠡᠵᠡᠮᠳᠡᠭᠰᠡᠨ ᠤ ᠳᠠᠷᠠᠭ᠎ᠠ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠳᠤ ᠳᠡᠪᠰᠢᠭᠦᠯᠵᠦ ᠬᠢᠨᠠᠨ ᠵᠥᠪᠯᠡᠭᠦᠯᠦᠨ᠎ᠡ᠃      ᠬᠤᠷᠠᠯ ᠠᠴᠠ ᠬᠠᠶᠢᠨᠠᠨ ᠲᠣᠭᠤᠷᠢᠭ ᠤᠨ ᠡᠨᠧᠷᠭᠢ ᠶᠢᠨ ᠲᠣᠪᠴᠢᠶ᠎ᠠ ᠶᠢᠨ ᠬᠠᠶᠢᠨᠠᠨ ᠲᠣᠭᠤᠷᠢᠭ ᠤᠨ ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ ᠢ ᠣᠷᠣᠯᠠᠭᠤᠯᠬᠤ ᠠᠵᠢᠯᠯᠠᠭ᠎ᠠ ᠶᠢ ᠵᠣᠷᠢᠭᠵᠢᠭᠤᠯᠤᠨ ᠬᠥᠲᠥᠯᠦᠨ ᠵᠢᠯᠣᠭᠤᠳᠬᠤ ᠬᠤᠯᠪᠣᠭᠳᠠᠯ ᠪᠥᠬᠦᠶ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ ᠱᠠᠭᠠᠷᠳᠠᠭᠰᠠᠨ ᠨᠢ᠂ ᠲᠣᠭᠤᠷᠢᠭ ᠤᠨ ᠡᠨᠧᠷᠭᠢ ᠶᠢᠨ ᠲᠣᠪᠴᠢᠶ᠎ᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠪᠣᠳᠠᠲᠤ ᠪᠠᠶᠢᠳᠠᠯ ᠬᠢᠭᠡᠳ ᠲᠡᠷᠭᠡ ᠬᠥᠰᠬᠡ ᠶᠢ ᠰᠣᠯᠢᠬᠤ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠰᠢᠨ᠎ᠡ ᠡᠨᠧᠷᠭᠢ ᠶᠢᠨ ᠬᠦᠨᠳᠦ ᠬᠡᠯᠪᠡᠷᠢ ᠶᠢᠨ ᠠᠴᠢᠶᠠᠨ ᠤ ᠮᠠᠰᠢᠨ ᠢ ᠰᠢᠨᠡᠳᠬᠡᠨ ᠣᠷᠣᠯᠠᠭᠤᠯᠬᠤ ᠠᠵᠢᠯ ᠤᠨ ᠲᠥᠰᠦᠯ ᠢ ᠨᠠᠷᠢᠨ ᠲᠣᠭᠲᠠᠭᠠᠵᠤ᠂ ᠣᠳᠣᠬᠠᠨ ᠤ ᠰᠠᠭᠤᠷᠢ ᠲᠤᠭ᠎ᠠ ᠶᠢ ᠲᠣᠳᠣᠷᠬᠠᠶ ᠤᠶᠢᠯᠠᠭᠠᠨ᠂ ᠴᠠᠬᠢᠯᠭᠠᠨ ᠴᠡᠨᠡᠭᠯᠡᠬᠦ ᠥᠷᠲᠡᠭᠡ᠂ ᠤᠰᠤᠲᠥ᠋ᠷᠥᠭᠴᠢ ᠨᠡᠮᠡᠬᠦ ᠥᠷᠲᠡᠭᠡ᠂ ᠲᠡᠷᠭᠡᠨ ᠵᠣᠭᠰᠣᠭᠠᠯ ᠵᠡᠷᠭᠡ ᠰᠠᠭᠤᠷᠢ ᠪᠡᠯᠡᠳᠬᠡᠮᠵᠢ ᠶᠢ ᠲᠥᠯᠥᠪᠵᠢᠭᠦᠯᠭᠡ ᠲᠣᠭᠲᠠᠭᠠᠵᠤ᠂ ᠠᠯᠬᠤᠮ ᠠᠯᠬᠤᠮ ᠢᠶᠠᠷ ᠠᠬᠢᠭᠤᠯᠬᠤ ᠬᠡᠷᠡᠭᠲᠡᠶ᠃ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠬᠢᠨᠠᠮᠠᠭᠠᠶ ᠰᠠᠶᠢᠲᠤᠷ ᠰᠤᠳᠤᠯᠵᠤ᠂ ᠲᠡᠷᠭᠡ ᠬᠥᠰᠬᠡ ᠶᠢ ᠰᠢᠨ᠎ᠡ ᠪᠠᠷ ᠨᠡᠮᠡᠭᠳᠡᠭᠦᠯᠬᠦ ᠪᠠ ᠰᠢᠨᠡᠳᠬᠡᠬᠦ ᠶᠢ ᠬᠥᠲᠥᠯᠦᠨ ᠵᠢᠯᠣᠭᠤᠳᠴᠤ ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ ᠲᠡᠷᠭᠡ ᠶᠢ ᠬᠡᠷᠡᠭᠯᠡᠬᠦ ᠶᠢ ᠳᠡᠯᠭᠡᠷᠡᠭᠦᠯᠵᠦ᠂ ᠵᠠᠮ ᠬᠠᠷᠢᠯᠴᠠᠭ᠎ᠠ᠂ ᠴᠠᠬᠢᠯᠭᠠᠨ ᠬᠦᠴᠦᠨ ᠪᠠ ᠡᠨᠧᠷᠭᠢ ᠶᠢᠨ ᠪᠡᠯᠡᠳᠬᠡᠮᠵᠢ ᠶᠢᠨ ᠭᠦᠨᠵᠡᠭᠡᠶ ᠠᠭᠤᠰᠤᠯᠴᠠᠯ ᠢ ᠴᠢᠩᠭᠠᠷᠠᠭᠤᠯᠤᠨ᠂ ᠬᠠᠶᠢᠨᠠᠨ ᠲᠣᠭᠤᠷᠢᠭ ᠤᠨ ᠪᠣᠳᠠᠲᠤ ᠪᠠᠶᠢᠳᠠᠯ ᠢ ᠦᠨᠳᠦᠰᠦᠯᠡᠨ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ ᠢ ᠰᠢᠨᠡᠳᠬᠡᠨ ᠣᠷᠣᠯᠠᠭᠤᠯᠬᠤ ᠠᠵᠢᠯ ᠤᠨ ᠲᠥᠰᠦᠯ ᠢ ᠲᠦᠷᠭᠡᠬᠡᠨ ᠲᠣᠭᠲᠠᠭᠠᠬᠤ ᠬᠡᠷᠡᠭᠲᠡᠶ᠃ ᠬᠠᠷᠢᠭᠤᠴᠠᠯᠭ᠎ᠠ᠂ ᠠᠵᠢᠯ ᠤᠨ ᠬᠤᠪᠢᠶᠠᠷᠢᠯᠠᠯ ᠢ ᠨᠠᠷᠢᠯᠢᠬᠵᠢᠭᠤᠯᠵᠤ᠂ ᠲᠦᠷᠦᠭᠦᠯᠡᠨ ᠬᠢᠬᠦ ᠰᠠᠯᠠᠭ᠎ᠠ ᠮᠥᠴᠢᠷ ᠢ ᠲᠣᠳᠣᠷᠬᠠᠶᠢᠯᠠᠬᠤ ᠶᠢᠨ ᠬᠠᠮᠲᠤ ᠡᠭᠦᠷᠭᠡ ᠶᠢ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠵᠠᠳᠠᠯᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠨ᠂ ᠡᠭᠦᠷᠭᠡ ᠶᠢᠨ ᠨᠠᠷᠢᠨ ᠲᠠᠩᠰᠠ ᠶᠢ ᠲᠣᠭᠲᠠᠭᠠᠵᠤ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ ᠬᠠᠶᠢᠨᠠᠨ ᠲᠣᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠬᠠᠶᠢᠨᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠲᠠᠢ ᠬᠠᠮᠲᠤᠷᠠᠨ ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ ᠢ ᠣᠷᠣᠯᠠᠭᠤᠯᠬᠤ ᠠᠵᠢᠯ ᠤᠨ ᠲᠣᠭᠤᠷᠢᠨ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠠᠬᠢ ᠠᠭᠠᠷ ᠮᠠᠨᠳᠠᠯ ᠤᠨ ᠪᠣᠬᠢᠷᠲᠤᠯ ᠢ ᠵᠠᠰᠠᠬᠤ ᠪᠦᠲᠦᠴᠡ ᠶᠢᠨ ᠴᠢᠨᠠᠷᠲᠠᠶ ᠲᠣᠬᠢᠷᠠᠭᠤᠯᠤᠯᠲᠠ ᠶᠢ ᠲᠦᠷᠭᠡᠳᠬᠡᠵᠦ᠂ ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ ᠢ ᠳᠡᠯᠭᠡᠷᠡᠭᠦᠯᠦᠨ ᠬᠡᠷᠡᠭᠯᠡᠬᠦ ᠶᠢ ᠠᠬᠢᠭᠤᠯᠪᠠ᠃      ᠬᠤᠷᠠᠯ ᠠᠴᠠ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠬᠠᠶᠢᠨᠠᠨ ᠲᠣᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠶᠢᠨ ᠲᠤᠰᠢᠶᠠᠭᠰᠠᠨ ︽ᠬᠠᠶᠢᠨᠠᠨ ᠲᠣᠭᠤᠷᠢᠭ ᠤᠨ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠶᠢ ᠭᠦᠨᠵᠡᠭᠡᠶ ᠠᠬᠢᠭᠤᠯᠬᠤ ᠬᠡᠷᠡᠭᠵᠢᠭᠦᠯᠬᠦ ᠲᠥᠰᠦᠯ ︵ᠬᠢᠨᠠᠨ ᠵᠥᠪᠯᠡᠬᠦ ᠨᠣᠤᠷᠠᠭ︶︾ ︽ᠬᠠᠶᠢᠨᠠᠨ ᠲᠣᠭᠤᠷᠢᠭ ᠤᠨ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠶᠢ ᠭᠦᠨᠵᠡᠭᠡᠶ ᠠᠬᠢᠭᠤᠯᠬᠤ ᠬᠡᠷᠡᠭᠵᠢᠭᠦᠯᠬᠦ ᠲᠥᠰᠦᠯ ︵ᠬᠢᠨᠠᠨ ᠵᠥᠪᠯᠡᠬᠦ ᠨᠣᠤᠷᠠᠭ︶︾ ᠢ ᠬᠢᠨᠠᠨ ᠵᠥᠪᠯᠡᠵᠦ᠂ ︽ᠬᠠᠶᠢᠨᠠᠨ ᠲᠣᠭᠤᠷᠢᠭ ᠤᠨ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠥᠲᠥᠭᠡᠨ ᠪᠠᠶᠢᠭᠤᠯᠬᠤ ᠶᠢ ᠭᠦᠨᠵᠡᠭᠡᠶ ᠠᠬᠢᠭᠤᠯᠬᠤ ᠬᠡᠷᠡᠭᠵᠢᠭᠦᠯᠬᠦ ᠲᠥᠰᠦᠯ ︵ᠬᠢᠨᠠᠨ ᠵᠥᠪᠯᠡᠬᠦ ᠨᠣᠤᠷᠠᠭ︶︾ ᠢ ᠵᠠᠷᠴᠢᠮ ᠳᠡᠭᠡᠷ᠎ᠡ ᠪᠠᠨ ᠵᠥᠪᠰᠢᠶᠡᠷᠡᠪᠡ᠃ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠬᠠᠶᠢᠨᠠᠨ ᠤ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠶᠢ ᠬᠤᠷᠠᠯ ᠠᠴᠠ ᠳᠤᠷᠠᠳᠤᠭᠰᠠᠨ ᠰᠠᠨᠠᠯ ᠢ ᠦᠨᠳᠦᠰᠦᠯᠡᠨ᠂ ᠤᠯᠠᠮ ᠨᠢᠭᠡ ᠠᠯᠬᠤᠮ ᠵᠠᠰᠠᠨ ᠲᠡᠭᠦᠯᠳᠡᠷᠵᠢᠭᠦᠯᠵᠦ᠂ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠲᠣᠭᠤᠷᠢᠭ ᠤᠨ ᠳᠠᠷᠤᠭ᠎ᠠ ᠬᠢᠨᠠᠨ ᠬᠠᠷᠭᠤᠭᠤᠯᠵᠤ ᠡᠵᠡᠮᠳᠡᠭᠰᠡᠨ ᠤ ᠳᠠᠷᠠᠭ᠎ᠠ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠳᠤ ᠳᠡᠪᠰᠢᠭᠦᠯᠵᠦ ᠬᠢᠨᠠᠨ ᠵᠥᠪᠯᠡᠭᠦᠯᠦᠨ᠎ᠡ᠃      ᠬᠤᠷᠠᠯ ᠠᠴᠠ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠬᠠᠶᠢᠨᠠᠨ ᠤ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠶᠢᠨ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ᠂ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ︽ᠲᠠᠪᠤᠨ ᠶᠡᠭᠡ ᠡᠭᠦᠷᠭᠡ︾ ᠶᠢ ᠰᠠᠶᠢᠲᠤᠷ ᠠᠳᠬᠤᠬᠤ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠳᠡᠭᠡᠭᠰᠢᠯᠡᠭᠦᠯᠵᠦ᠂ ︽ᠲᠤᠭ᠎ᠠ ᠪᠠᠷᠢᠮᠲᠠ ᠪᠠᠷ ᠦᠭᠡ ᠬᠡᠯᠡᠬᠦ᠂ ᠪᠣᠳᠠᠲᠤ ᠠᠮᠵᠢᠯᠲᠠ ᠪᠦᠲᠦᠮᠵᠢ ᠪᠠᠷ ᠢᠶᠠᠨ ᠰᠢᠯᠭᠠᠯᠲᠠ ᠲᠤᠰᠢᠶᠠᠬᠤ᠂ ᠦᠷ᠎ᠡ ᠪᠦᠲᠦᠮᠵᠢ ᠪᠠᠷ ᠢᠶᠠᠨ ᠰᠢᠯᠭᠠᠬᠤ︾ ᠤᠳᠤᠷᠢᠳᠤᠮᠵᠢ ᠶᠢ ᠪᠠᠲᠤ ᠪᠤᠢ ᠪᠣᠯᠭᠠᠵᠤ᠂ ᠵᠥᠷᠢᠶ᠎ᠡ ᠬᠦᠷᠦᠯᠴᠡᠬᠦ ᠦᠭᠡᠢ ᠲᠠᠯ᠎ᠠ ᠪᠠᠨ ᠦᠨᠡᠨ ᠬᠦ ᠣᠨᠣᠪᠴᠢᠲᠠᠢ ᠡᠷᠢᠵᠦ᠂ ᠳᠤᠲᠠᠭᠤᠳᠠᠯ ᠪᠠᠭᠤᠷᠠᠢ ᠲᠠᠯ᠎ᠠ ᠪᠠᠨ ᠪᠦᠬᠦ ᠬᠦᠴᠦᠨ ᠢᠶᠠᠷ ᠢᠶᠠᠨ ᠨᠥᠬᠦᠪᠥᠷᠢᠯᠡᠵᠦ᠂ ︽ᠲᠠᠪᠤᠨ ᠶᠡᠭᠡ ᠡᠭᠦᠷᠭᠡ︾ ᠳᠤ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠳᠡᠭᠡᠳᠦ ᠱᠠᠲᠤᠨ ᠤ ᠠᠵᠢᠯ ᠤᠨ ᠱᠠᠭᠠᠷᠳᠠᠯᠭ᠎ᠠ ᠶᠢ ᠪᠠᠷᠢᠮᠵᠢᠶᠠᠯᠠᠨ ᠬᠠᠷᠭᠤᠭᠤᠯᠵᠤ᠂ ᠡᠭᠦᠷᠭᠡ ᠶᠢᠨ ᠲᠣᠭᠤᠷᠢᠨ ᠳᠤ ᠲᠠᠬᠢᠨ ᠠᠩᠬᠠᠷᠤᠯ ᠢᠶᠠᠨ ᠲᠥᠪᠯᠡᠷᠡᠭᠦᠯᠵᠦ᠂ ᠲᠠᠬᠢᠨ ᠬᠦᠴᠦᠯᠡᠵᠦ᠂ ᠲᠠᠬᠢᠨ ᠨᠠᠶᠢᠳᠠᠪᠤᠷᠢᠵᠢᠭᠤᠯᠵᠤ᠂ ᠲᠠᠬᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠦᠴᠦᠨ ᠢᠶᠠᠨ ᠲᠥᠪᠯᠡᠷᠡᠭᠦᠯᠦᠨ ᠠᠵᠢᠯ ᠤᠨ ᠳᠤᠮᠳᠠᠬᠢ ᠲᠦᠭᠵᠢᠷᠡᠯ ᠬᠦᠴᠢᠷ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠭᠤᠣᠯᠳᠠᠯᠭ᠎ᠠ ᠶᠢ ᠳᠤᠪᠤᠶᠢᠯᠭᠠᠵᠤ᠂ ᠬᠦᠴᠦ ᠪᠠᠨ ᠲᠥᠪᠯᠡᠷᠡᠭᠦᠯᠦᠨ ᠪᠣᠭᠤᠮᠲᠠ ᠰᠢᠪᠲᠤᠯᠵᠤ᠂ ᠪᠦᠬᠦ ᠵᠢᠯ ᠤᠨ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠨᠡᠩ ᠣᠨᠣᠪᠴᠢᠲᠠᠢ ᠠᠷᠭ᠎ᠠ ᠬᠡᠮᠵᠢᠶ᠎ᠡ᠂ ᠨᠡᠩ ᠬᠦᠴᠦᠷᠬᠡᠭ ᠶᠡᠭᠡ ᠬᠠᠮᠲᠤᠷᠠᠯ ᠬᠦᠴᠦᠨ ᠢᠶᠠᠷ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠤᠨ ᠨᠠᠷᠢᠨ ᠨᠠᠶᠢᠳᠠᠪᠤᠷᠢᠵᠢᠭᠤᠯᠵᠤ᠂ ᠪᠣᠳᠠᠲᠠᠢ ᠦᠷ᠎ᠡ ᠪᠦᠲᠦᠮᠵᠢ ᠭᠠᠷᠭᠠᠬᠤ ᠶᠢ ᠲᠦᠷᠭᠡᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠠᠶᠢᠨᠠᠨ ᠤ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ᠂ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠨ ᠬᠢᠨ ᠤᠬᠠᠮᠰᠠᠷ ᠠᠴᠠ ᠪᠠᠨ ᠤᠯᠤᠰ ᠲᠦᠷᠦ ᠶᠢᠨ ᠲᠠᠯ᠎ᠠ ᠪᠠᠷ᠂ ᠪᠦᠬᠦ ᠲᠠᠯ᠎ᠠ ᠶᠢᠨ ᠳᠤᠮᠳᠠ ᠠᠴᠠ ᠲᠠᠨᠢᠯᠲᠠ ᠪᠠᠨ ᠭᠦᠨᠵᠡᠭᠡᠶᠢᠷᠡᠭᠦᠯᠵᠦ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠪᠣᠯᠤᠨ ᠦᠬᠠᠢ ᠬᠤᠳᠠ ᠶᠢᠨ ᠠᠷᠪᠠᠨ ᠬᠤᠶᠠᠷ ᠵᠦᠢᠯ ᠤᠨ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠵᠦ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠬᠤᠷᠳᠤᠴᠠ ᠪᠠᠨ ᠳᠡᠭᠡᠭᠰᠢᠯᠡᠭᠦᠯᠦᠨ ᠶᠠᠰᠤ ᠴᠢᠨᠠᠷ ᠢᠶᠠᠨ ᠳᠡᠭᠡᠭᠰᠢᠯᠡᠭᠦᠯᠬᠦ ᠶᠢ ᠠᠬᠢᠭᠤᠯᠵᠤ᠂ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠨᠢᠭᠡ ᠳᠤ ᠠᠵᠢᠯ ᠤᠨ ᠲᠣᠬᠢᠷᠠᠭᠤᠯᠤᠯᠲᠠ ᠶᠢ ᠴᠢᠩᠭᠠᠳᠬᠠᠪᠠ᠃ ᠵᠠᠰᠠᠭ ᠤᠨ ᠣᠷᠳᠣᠨ ᠤ ᠨᠠᠶᠢᠳᠠᠪᠤᠷᠢᠵᠢᠭᠤᠯᠤᠯᠲᠠ ᠶᠢ ᠠᠳᠬᠤᠬᠤ ᠡᠭᠦᠷᠭᠡ ᠴᠢᠳᠠᠪᠤᠷᠢ ᠶᠢ ᠰᠠᠶᠢᠲᠤᠷ ᠭᠦᠢᠴᠡᠳᠬᠡᠵᠦ᠂ ᠮᠡᠳᠡᠭᠡ ᠵᠠᠩᠭᠢ ᠨᠡᠪᠲᠡᠷᠡᠯᠴᠡᠬᠦ᠂ ᠬᠠᠮᠲᠤᠷᠠᠭᠰᠠᠨ ᠵᠥᠪᠳᠡᠯᠴᠡᠬᠦ᠂ ᠵᠣᠬᠢᠴᠠᠭᠤᠯᠤᠨ ᠦᠢᠯᠡᠴᠢᠯᠡᠬᠦ᠂ ᠮᠥᠷᠳᠡᠨ ᠦᠷ᠎ᠡ ᠪᠦᠲᠦᠮᠵᠢ ᠶᠢ ᠠᠰᠠᠭᠤᠬᠤ ᠵᠡᠷᠭᠡ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ︽ᠵᠢᠷᠭᠤᠭᠠᠨ ᠢᠨᠵᠧᠨᠧᠷᠢᠩ︾ ᠤᠨ ᠡᠭᠦᠷᠭᠡ ᠶᠢᠨ ᠨᠠᠷᠢᠨ ᠲᠠᠩᠰᠠ ᠲᠠᠢ ᠬᠠᠷᠢᠴᠠᠭᠤᠯᠵᠤ᠂ ᠲᠣᠭᠲᠠᠭᠰᠠᠨ ᠬᠠᠷᠠᠯᠲᠠ ᠶᠢᠨ ᠠᠬᠢᠴᠠ ᠶᠢᠨ ᠱᠠᠭᠠᠷᠳᠠᠯᠭ᠎ᠠ᠂ ᠪᠡᠶᠡᠯᠡᠭᠦᠯᠬᠦ ᠴᠠᠭ ᠤᠨ ᠬᠢᠵᠠᠭᠠᠷ ᠶᠣᠰᠣᠭᠠᠷ᠂ ᠬᠤᠷᠠᠯ ᠤᠨ ᠲᠣᠬᠢᠷᠠᠭᠤᠯᠤᠯᠲᠠ᠂ ᠲᠤᠬᠠᠶ ᠶᠢᠨ ᠲᠠᠯᠠᠪᠤᠷ ᠲᠤ ᠠᠵᠢᠯᠯᠠᠬᠤ᠂ ᠲᠤᠬᠠᠶ ᠶᠢᠨ ᠭᠠᠵᠠᠷ ᠲᠤᠨᠢ ᠬᠢᠨᠠᠨ ᠵᠢᠯᠣᠭᠤᠳᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷ ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠤᠨ ᠰᠢᠢᠳᠪᠦᠷᠢᠯᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠳᠡᠭᠡᠳᠦ ᠱᠠᠲᠤᠨ ᠳᠤ ᠠᠵᠢᠯ ᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠡᠯ᠎ᠡ ᠵᠦᠢᠯ ᠤᠨ ᠡᠭᠦᠷᠭᠡ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠨ᠎ᠠ᠃ ᠬᠤᠶᠠᠷ ᠲᠤ᠂ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠪᠣᠭᠤᠮᠲᠠ ᠰᠢᠪᠲᠤᠯᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠤᠯᠤᠭᠰᠠᠨ ᠢᠨᠵᠧᠨᠧᠷᠢᠩ ᠵᠡᠷᠭᠡ ︽ᠵᠢᠷᠭᠤᠭᠠᠨ ᠢᠨᠵᠧᠨᠧᠷᠢᠩ︾ ᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠳᠡᠭᠡᠳᠦ ᠱᠠᠲᠤᠨ ᠤ ᠪᠡᠯᠡ ᠮᠥᠩᠭᠦ ᠴᠥᠭᠡᠨ᠂ ᠲᠥᠷᠥᠯ ᠵᠦᠢᠯ ᠤᠨ ᠭᠠᠷ ᠭᠦᠢᠴᠡᠳᠬᠡᠯ ᠤᠳᠠᠭᠠᠨ ᠵᠡᠷᠭᠡ ᠲᠣᠪᠤᠶᠢᠮ᠎ᠠ ᠠᠰᠠᠭᠤᠳᠠᠯ ᠳᠤ ᠴᠢᠭᠯᠡᠭᠦᠯᠦᠨ᠂ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠠᠶᠢᠨᠠᠨ ᠤ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ︽ᠨᠢᠭᠡ ᠬᠡᠷᠡᠭ ᠲᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠪᠡᠷᠬᠡ ᠠᠰᠠᠭᠤᠳᠠᠯ ᠢ ᠰᠢᠢᠳᠪᠦᠷᠢᠯᠡᠬᠦ ᠶᠢ ᠵᠣᠬᠢᠶᠠᠨ ᠪᠠᠶᠢᠭᠤᠯᠵᠤ᠂ ᠴᠢᠬᠤᠯᠠ ᠶᠡᠭᠡ ᠵᠦᠢᠯᠡᠰ ᠢ ᠴᠠᠭ ᠲᠤᠬᠠᠶ ᠳᠤᠨᠢ ᠲᠣᠭᠤᠷᠢᠭ ᠤᠨ ᠨᠠᠮ ᠤᠨ ᠬᠤᠷᠢᠶ᠎ᠠ ᠳᠤ ᠳᠡᠪᠰᠢᠭᠦᠯᠦᠨ ᠰᠤᠳᠤᠯᠤᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠯ᠎ᠠ ᠠᠴᠠ ᠵᠣᠬᠢᠴᠠᠭᠤᠯᠤᠨ ᠰᠢᠢᠳᠪᠦᠷᠢᠯᠡᠬᠦ ᠴᠢᠬᠤᠯᠠᠲᠠᠶ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠳᠡᠭᠡᠭᠰᠢ ᠵᠣᠯᠭᠠᠭᠤᠯᠵᠤ᠂ ᠲᠦᠭᠵᠢᠷᠡᠯ ᠢ ᠦᠨᠡᠨᠬᠦ ᠨᠡᠪᠲᠡᠷᠡᠭᠦᠯᠦᠨ ᠨᠠᠶᠢᠳᠠᠪᠤᠷᠢᠵᠢᠭᠤᠯᠬᠤ ᠬᠡᠷᠡᠭᠲᠡᠶ᠃ ᠭᠤᠷᠪᠠ ᠳᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠎ᠠ᠃ ᠬᠤᠪᠢᠳᠠᠨ ᠬᠠᠮᠢᠶᠠᠷᠴᠤ ᠪᠠᠶᠢᠭ᠎ᠠ ᠲᠣᠭᠤᠷᠢᠭ ᠤᠨ ᠳᠡᠳ᠋ ᠳᠠᠷᠤᠭ᠎ᠠ ᠡᠮᠦᠨ᠎ᠡ ᠨᠢ ᠵᠢᠯᠣᠭᠤᠳᠴᠤ᠂ ᠪᠡᠶ᠎ᠡ ᠪᠠᠷ ᠢᠶᠠᠨ ᠣᠷᠣᠯᠴᠠᠵᠤ᠂ ᠠᠬᠢᠴᠠ ᠨᠢ ᠬᠤᠴᠣᠷᠤᠩᠭᠤᠢ ᠡᠭᠦᠷᠭᠡ ᠶᠢ ᠴᠠᠭ ᠲᠤᠬᠠᠢ ᠳᠤᠨᠢ ᠲᠤᠬᠢᠷᠠᠭᠤᠯᠤᠨ ᠰᠤᠳᠤᠯᠵᠤ᠂ ᠠᠵᠢᠯ ᠤᠨ ᠠᠬᠢᠴᠠ ᠪᠠᠨ ᠲᠦᠷᠭᠡᠳᠬᠡᠬᠦ ᠬᠡᠷᠡᠭᠲᠡᠢ᠃ ᠡᠯ᠎ᠡ ᠰᠠᠯᠠᠭ᠎ᠠ ᠮᠥᠴᠢᠷ ᠤᠨ ︽ᠨᠢᠭᠡᠳᠦᠭᠡᠷ ᠭᠠᠷ︾ ᠨᠢ ᠴᠢᠬᠤᠯᠠ ᠶᠡᠭᠡ ᠲᠥᠷᠥᠯ ᠵᠦᠢᠯ᠂ ᠭᠤᠤᠯᠳᠠᠯᠭ᠎ᠠ ᠲᠠᠢ ᠠᠵᠢᠯ ᠢ ᠰᠠᠨᠠᠭᠠᠴᠢᠯᠠᠭ᠎ᠠ ᠠᠴᠠ ᠪᠠᠨ ᠠᠳᠬᠤᠵᠤ᠂ ᠰᠠᠨᠠᠭᠠᠴᠢᠯᠠᠭ᠎ᠠ ᠠᠴᠠ ᠪᠠᠨ ᠬᠠᠮᠢᠶᠠᠷᠴᠤ᠂ ᠡᠯ᠎ᠡ ᠵᠦᠢᠯ ᠤᠨ ᠠᠵᠢᠯ ᠢ ᠬᠦᠴᠦᠲᠡᠶ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠨᠢ ᠲᠤᠰᠬᠠᠶ ᠠᠩᠭᠢ ᠶᠢᠨ ᠠᠯᠪᠠᠨ ᠬᠡᠷ ᠤᠨ ᠲᠦᠷᠦᠭᠦᠯᠡᠨ ᠶᠡᠷᠦᠩᠬᠡᠶ ᠠᠵᠢᠯ ᠢ ᠠᠳᠬᠤᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠴᠠᠭ ᠤᠨ ᠳᠠᠷᠠᠭᠠᠯᠠᠯ ᠤᠨ ᠠᠬᠢᠴᠠ ᠪᠠᠷ ᠪᠡᠶᠡᠯᠡᠭᠦᠯᠦᠭᠰᠡᠨ ᠥᠬᠡᠶ ᠠᠵᠢᠯ ᠢ ᠴᠠᠭ ᠲᠤᠬᠠᠶ ᠳᠤᠨᠢ ᠰᠠᠨᠠᠭᠤᠯᠤᠮᠵᠢ ᠶᠢᠨ ᠵᠠᠬᠢᠳᠠᠯ ᠪᠠᠭᠤᠯᠭᠠᠵᠤ᠂ ᠠᠵᠢᠯ ᠢᠶᠠᠨ ᠰᠠᠭᠠᠲᠠᠭᠠᠭᠰᠠᠨ᠂ ᠬᠦᠨᠳᠦ ᠨᠣᠴᠢᠲᠠᠶ ᠦᠷ᠎ᠡ ᠳ᠋ᠦᠩ ᠭᠠᠷᠭᠠᠭᠰᠠᠨ ᠨᠢᠭᠡᠴᠡ ᠶᠢ ᠡᠷᠬᠡᠪᠰᠢ ᠴᠢᠩᠭ᠎ᠠ ᠵᠠᠷᠯᠠᠨ ᠮᠡᠳᠡᠭᠳᠡᠬᠦ ᠬᠡᠷᠡᠭᠲᠡᠶ᠃      ᠬᠤᠷᠠᠯ ᠠᠴᠠ ᠲᠤᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠰᠣᠶᠣᠯ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ ᠱᠠᠭᠠᠷᠳᠠᠭᠰᠠᠨ ᠨᠢ᠂ ᠲᠤᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠪᠣᠯᠤᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠬᠥᠭᠵᠢᠯᠲᠡ ᠶᠢ ᠶᠡᠬᠡᠪᠡᠷ ᠠᠳᠬᠤᠬᠤ᠂ ᠬᠥᠭᠵᠢᠯᠲᠡ ᠶᠢ ᠲᠦᠷᠭᠡᠳᠬᠡᠬᠦ ᠣᠨᠣᠯᠵᠢᠬᠤᠨ ᠢ ᠪᠣᠶ ᠪᠣᠯᠭᠠᠵᠤ᠂ ᠰᠣᠶᠣᠯ ᠤᠨ ᠡᠬᠢ ᠪᠠᠶᠠᠯᠢᠭ ᠤᠨ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ᠂ ᠰᠣᠶᠣᠯ ᠤᠨ ᠠᠵᠤ ᠦᠢᠯᠡᠰ ᠤᠨ ᠠᠵᠤ ᠠᠬᠤᠶ ᠳᠤ ᠦᠵᠡᠭᠦᠯᠬᠦ ᠬᠤᠪᠢ ᠨᠡᠮᠡᠷᠢ ᠶᠢᠨ ᠨᠣᠷᠮ᠎ᠠ ᠶᠢ ᠳᠡᠭᠡᠭᠰᠢᠯᠡᠭᠦᠯᠬᠦ ᠬᠡᠷᠡᠭᠲᠡᠶ᠃ ᠰᠣᠶᠣᠯ ᠤᠨ ᠲᠠᠭᠠᠭᠤᠯᠤᠭᠴᠢ ᠠᠵᠤ ᠠᠬᠤᠶᠢᠯᠠᠯ ᠢ ᠶᠡᠬᠡᠪᠡᠷ ᠪᠤᠶᠢᠵᠢᠭᠤᠯᠤᠨ ᠬᠥᠭᠵᠢᠭᠦᠯᠵᠦ᠂ ᠴᠢᠬᠤᠯᠠ ᠶᠡᠭᠡ ᠰᠣᠶᠣᠯ ᠤᠨ ᠠᠵᠤ ᠦᠢᠯᠡᠰ ᠤᠨ ᠲᠦᠷᠦᠯ ᠵᠦᠢᠯ ᠢᠶᠠᠷ ᠳᠠᠶᠢᠴᠢᠯᠠᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠴᠢᠨᠠᠷ ᠰᠠᠶᠢᠲᠠᠢ ᠰᠣᠶᠣᠯ ᠤᠨ ᠪᠦᠲᠦᠭᠡᠭᠳᠡᠬᠦᠨ ᠢ ᠡᠭᠦᠳᠴᠦ᠂ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠪᠠ ᠰᠣᠶᠣᠯ ᠤᠨ ᠠᠵᠤ ᠦᠢᠯᠡᠰ ᠤᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠰᠣᠶᠣᠯ ᠤᠨ ᠠᠵᠤ ᠠᠬᠤᠢ ᠶᠢᠨ ᠲᠦᠷᠦ ᠶᠢᠨ ᠪᠤᠳᠤᠯᠭ᠎ᠠ ᠶᠢ ᠴᠢᠨᠠᠭᠰᠢᠳᠠ ᠲᠡᠭᠦᠯᠳᠡᠷᠵᠢᠭᠦᠯᠵᠦ᠂ ᠤᠬᠠᠭᠤᠯᠤᠨ ᠲᠠᠨᠢᠯᠴᠠᠭᠤᠯᠬᠤ ᠪᠠ ᠡᠵᠡᠩᠨᠡᠨ ᠪᠣᠷᠣᠯᠠᠭᠤᠯᠬᠤ ᠡᠷᠴᠢᠮ ᠢᠶᠠᠨ ᠴᠢᠩᠭᠠᠷᠠᠭᠤᠯᠵᠤ᠂ ᠬᠠᠶᠢᠨᠠᠨ ᠲᠣᠭᠤᠷᠢᠭ ᠤᠨ ᠰᠣᠶᠣᠯ ᠤᠨ ᠲᠦᠷᠦᠯ ᠲᠡᠮᠳᠡᠭ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃      ᠬᠤᠷᠠᠯ ᠠᠴᠠ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠲᠤᠰᠢᠶᠠᠭᠰᠠᠨ ︽ᠬᠠᠶᠢᠨᠠᠨ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ ᠶᠢᠨ ᠲᠤᠬᠠᠶ ᠮᠡᠳᠡᠭᠦᠯᠦᠯᠲᠡ ︵ᠬᠢᠨᠠᠨ ᠵᠥᠪᠯᠡᠬᠦ ᠨᠣᠤᠷᠠᠭ︶︾ ᠶᠢ ᠬᠢᠨᠠᠨ ᠵᠥᠪᠯᠡᠵᠦ᠂ ᠬᠤᠷᠠᠯ ᠠᠴᠠ ︽ᠬᠠᠶᠢᠨᠠᠨ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ ᠶᠢᠨ ᠲᠤᠬᠠᠶ ᠮᠡᠳᠡᠭᠦᠯᠦᠯᠲᠡ︾ ᠶᠢ ᠵᠠᠷᠴᠢᠮ ᠳᠡᠭᠡᠷ᠎ᠡ ᠪᠠᠨ ᠵᠥᠪᠰᠢᠶᠡᠷᠡᠵᠦ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠳᠤ ᠳᠠᠭᠠᠭᠠᠯᠭᠠᠵᠤ ᠬᠤᠷᠠᠯ ᠤᠨ ᠳᠤᠷᠠᠳᠤᠭᠰᠠᠨ ᠰᠠᠨᠠᠯ ᠢ ᠦᠨᠳᠦᠰᠦᠯᠡᠨ᠂ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠰᠢᠤ ᠹᠠᠩ ᠲᠣᠭᠤᠷᠢᠭ ᠤᠨ ᠳᠡᠳ᠋ ᠳᠠᠷᠤᠭ᠎ᠠ ᠶᠢᠨ ᠬᠢᠨᠠᠨ ᠬᠠᠷᠭᠤᠭᠤᠯᠤᠭᠠᠳ ᠬᠠᠷᠢᠭᠤᠴᠠᠭᠤᠯᠤᠭᠰᠠᠨ ᠤ ᠳᠠᠷᠠᠭ᠎ᠠ᠂ ᠬᠤᠲᠠ ᠶᠢᠨ ᠱᠠᠲᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠳᠡᠪᠰᠢᠭᠦᠯᠵᠦ ᠬᠢᠨᠠᠨ ᠵᠥᠪᠯᠡᠭᠦᠯᠦᠨ᠎ᠡ᠃      ᠬᠤᠷᠠᠯ ᠠᠴᠠ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ᠲᠤᠰᠢᠶᠠᠭᠰᠠᠨ ︽ᠦᠬᠠᠢ ᠬᠤᠳᠠ ᠶᠢᠨ ᠬᠠᠶᠢᠨᠠᠨ ᠲᠣᠭᠤᠷᠢᠭ ᠤᠨ 2024 ᠣᠨ ᠤ ᠵᠠᠰᠠᠭ ᠤᠨ ᠣᠷᠳᠣᠨ ᠤ ᠥᠷᠢ ᠥᠭᠴᠡᠭᠡ ᠶᠢᠨ ᠶᠠᠪᠤᠳᠠᠯ ᠤᠨ ᠨᠤᠷᠮ᠎ᠠ ᠶᠢᠨ ᠰᠢᠷ᠎ᠠ ᠥᠩᠭᠡ ᠶᠢᠨ ᠲᠦᠭᠰᠢᠭᠦᠷᠢ ᠶᠢᠨ ᠳᠡᠰ ᠢ ᠪᠠᠬᠢᠵᠢᠭᠦᠯᠬᠦ ᠲᠥᠰᠦᠯ︾ ᠢ ᠬᠢᠨᠠᠨ ᠵᠥᠪᠯᠡᠵᠦ᠂ ︽ᠦᠬᠠᠢ ᠬᠤᠳᠠ ᠶᠢᠨ ᠬᠠᠶᠢᠨᠠᠨ ᠲᠣᠭᠤᠷᠢᠭ ᠤᠨ 2024 ᠣᠨ ᠤ ᠵᠠᠰᠠᠭ ᠤᠨ ᠣᠷᠳᠣᠨ ᠤ ᠥᠷᠢ ᠥᠭᠴᠡᠭᠡ ᠶᠢᠨ ᠶᠠᠪᠤᠳᠠᠯ ᠤᠨ ᠨᠤᠷᠮ᠎ᠠ ᠶᠢᠨ ᠰᠢᠷ᠎ᠠ ᠥᠩᠭᠡ ᠶᠢᠨ ᠲᠦᠭᠰᠢᠭᠦᠷᠢ ᠶᠢᠨ ᠳᠡᠰ ᠢ ᠪᠠᠬᠢᠵᠢᠭᠦᠯᠬᠦ ᠲᠥᠰᠦᠯ︾ ᠢ ᠵᠠᠷᠴᠢᠮ ᠳᠡᠭᠡᠷ᠎ᠡ ᠪᠠᠨ ᠵᠥᠪᠰᠢᠶᠡᠷᠡᠵᠦ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠳᠤ ᠳᠠᠭᠠᠭᠠᠯᠭᠠᠵᠤ ᠬᠤᠷᠠᠯ ᠠᠴᠠ ᠳᠤᠷᠠᠳᠤᠭᠰᠠᠨ ᠰᠠᠨᠠᠯ ᠢ ᠦᠨᠳᠦᠰᠦᠯᠡᠨ᠂ ᠴᠢᠨᠠᠭᠰᠢᠳᠠ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠱᠢ ᠯᠢ ᠴᠢᠶᠠᠩ ᠲᠣᠭᠤᠷᠢᠭ ᠤᠨ ᠳᠡᠳ᠋ ᠳᠠᠷᠤᠭ᠎ᠠ ᠶᠢᠨ ᠬᠢᠨᠠᠨ ᠬᠠᠷᠭᠤᠭᠤᠯᠤᠭᠰᠠᠨ ᠤ ᠲᠠᠷᠠᠭ᠎ᠠ᠂ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠳᠤ ᠳᠡᠪᠰᠢᠭᠦᠯᠵᠦ ᠬᠢᠨᠠᠨ ᠵᠥᠪᠯᠡᠭᠦᠯᠦᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号