ᠷᠠᠰᠠᠩ ᠰᠦᠮ᠎ᠡ ᠪᠠᠯᠭᠠᠰᠤ 2024 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/2
      ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠮᠠᠨ ᠤ ᠪᠠᠯᠭᠠᠰᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ 6 ᠰᠠᠷ᠎ᠠ ᠶᠢᠨ 28 ᠤ ᠡᠳᠦᠷ᠂ ᠷᠠᠰᠠᠩ ᠰᠦᠮ᠎ᠡ ᠪᠠᠯᠭᠠᠰᠤ 2024 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃      ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠶ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠬᠠᠶᠢᠨᠠᠨ ᠲᠣᠭᠤᠷᠢᠭ ᠤᠨ ︿ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠨ ᠰᠠᠶᠢᠵᠢᠷᠠᠭᠤᠯᠬᠤ﹀ ᠢᠨᠵᠧᠨᠧᠷᠢᠩ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠶ ᠪᠥᠭᠡᠳ ᠪᠦᠲᠦᠮᠵᠢᠲᠡᠶ ᠠᠬᠢᠭᠤᠯᠬᠤ ᠬᠡᠷᠡᠭᠵᠢᠭᠦᠯᠬᠦ ᠲᠥᠰᠦᠯ︾ ᠳᠤ ᠲᠠᠶᠢᠯᠤᠮᠵᠢ ᠬᠢᠵᠦ᠂ 2024 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠠᠨ ᠤ ᠪᠠᠯᠭᠠᠰᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠷᠦᠯᠴᠡᠬᠦ ᠥᠬᠡᠶ ᠲᠠᠯ᠎ᠠ ᠶᠢ ᠭᠦᠨᠵᠡᠭᠡᠶ ᠵᠠᠳᠠᠯᠵᠤ᠂ ᠳᠣᠤᠷ᠎ᠠ ᠬᠠᠭᠠᠰ ᠵᠢᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠬᠠᠷᠠᠯᠲᠠ ᠰᠡᠳᠬᠢᠴᠡ᠂ ᠬᠡᠷᠡᠭᠵᠢᠭᠦᠯᠬᠦ ᠠᠷᠭ᠎ᠠ ᠵᠠᠮ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠪᠡ᠃      ᠬᠤᠷᠠᠯ ᠠᠴᠠ᠂ ᠬᠠᠷᠠᠯᠲᠠ ᠪᠠᠨ ᠪᠠᠲᠤᠳᠬᠠᠵᠤ᠂ ᠨᠡᠩ ᠥᠨᠳᠥᠷ ᠵᠣᠭᠰᠣᠴᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠲᠥᠯᠥᠪᠵᠢᠭᠦᠯᠬᠦ ᠬᠡᠷᠡᠭᠲᠡᠢ᠃ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠬᠦ ᠪᠠᠷ ᠭᠤᠣᠯ ᠰᠢᠵᠢᠮ ᠪᠣᠯᠭᠠᠵᠤ᠂ ᠬᠥᠭᠵᠢᠯᠲᠡ ᠶᠢᠨ ᠦᠨᠳᠦᠷᠴᠡ ᠳᠤ ᠵᠣᠭᠰᠣᠵᠤ᠂ ᠠᠮᠤ ᠪᠤᠳᠠᠭᠠᠨ ᠤ ᠠᠮᠤᠷ ᠲᠦᠪᠰᠢᠨ᠂ ᠲᠠᠷᠢᠶᠠᠨ ᠭᠠᠵᠠᠷ ᠤᠨ ᠬᠠᠮᠠᠭᠠᠯᠠᠯᠲᠠ᠂ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠪᠠᠶᠢᠳᠠᠯ ᠦᠯᠦ ᠡᠭᠦᠰᠬᠦ ︽ᠭᠤᠷᠪᠠᠨ ᠬᠤᠷᠢᠭ᠎ᠠ ᠱᠤᠭᠤᠮ︾ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠰᠲ᠋ᠧᠮ ᠲᠠᠢ ᠲᠥᠯᠥᠪᠵᠢᠭᠦᠯᠵᠦ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠲᠦᠪᠰᠢᠨ᠂ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠲᠦᠪᠰᠢᠨ᠂ ᠬᠥᠳᠡᠭᠡ ᠲᠣᠰᠬᠤᠨ ᠤ ᠵᠠᠰᠠᠯᠲᠠ ᠶᠢᠨ ᠲᠦᠪᠰᠢᠨ ᠤ ᠠᠵᠢᠯ ᠤᠨ ᠪᠠᠶᠢᠷᠢ ᠲᠣᠭᠲᠠᠭᠠᠯᠲᠠ ᠶᠢ ᠣᠨᠣᠪᠴᠢᠲᠠᠢ ᠳᠡᠭᠡᠭᠰᠢᠯᠡᠭᠦᠯᠬᠦ ᠬᠡᠷᠡᠭᠲᠡᠢ᠃ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠬᠤ ᠬᠡᠷᠡᠭᠲᠡᠢ᠃ ᠬᠥᠳᠡᠭᠡ ᠲᠣᠰᠬᠤᠨ ᠤ ᠠᠵᠤ ᠦᠢᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠢ᠂ ᠵᠣᠬᠢᠶᠠᠨ ᠪᠠᠶᠢᠭᠤᠯᠤᠯᠲᠠ ᠶᠢ ᠬᠥᠭᠵᠢᠭᠦᠯᠦᠨ ᠮᠠᠨᠳᠤᠭᠤᠯᠬᠤ ᠳᠡᠭᠡᠷ᠎ᠡ ᠨᠡᠩ ᠶᠡᠭᠡ ᠬᠦᠴᠦ ᠣᠷᠣᠭᠤᠯᠵᠤ᠂ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠰᠠᠶᠢᠲᠤᠷ ᠬᠢᠵᠦ᠂ ︽ᠭᠤᠷᠪᠠᠨ ᠡᠳ᠋ ᠬᠥᠷᠥᠩᠭᠡ︾ ᠶᠢᠨ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠬᠦᠯᠵᠦ᠂ ᠤᠨᠴᠠᠯᠢᠬᠳᠤ ᠠᠵᠤ ᠦᠢᠯᠡᠰ ᠭᠡᠬᠦ ᠡᠨᠡᠬᠦ ᠭᠤᠣᠯ ᠰᠢᠪᠲᠤᠯᠤᠯᠲᠠ ᠶᠢᠨ ᠴᠢᠭᠯᠡᠯ ᠢ ᠲᠤᠪᠤᠶᠢᠯᠭᠠᠵᠦ᠂ ᠬᠦᠴᠦᠨ ᠢᠶᠠᠨ ᠲᠥᠪᠯᠡᠷᠡᠭᠦᠯᠦᠨ ︽ᠨᠤᠲᠤᠭ ᠤᠨ ᠣᠨᠴᠠ ᠭᠠᠷᠤᠯᠲᠠ︾ ᠶᠢᠨ ᠠᠵᠢᠯ ᠢ ᠰᠠᠶᠢᠲᠤᠷ ᠬᠢᠵᠦ᠂ ᠬᠥᠳᠡᠭᠡ ᠠᠵᠤ ᠠᠬᠤᠢ ᠰᠣᠶᠣᠯ ᠵᠤᠭᠠᠴᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠡᠩ ᠴᠢᠩᠭ᠎ᠠ ᠡᠭᠦᠷᠭᠡᠯᠡᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠷᠢᠭᠤᠴᠠᠯᠭ᠎ᠠ ᠶᠢ ᠮᠥᠷᠥᠨ ᠳᠡᠭᠡᠷ᠎ᠡ ᠪᠠᠨ ᠡᠭᠦᠷᠭᠡᠯᠡᠵᠦ᠂ ᠭᠠᠷ ᠲᠠᠭᠠᠨ ᠠᠳᠬᠤᠵᠤ᠂ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠬᠡᠷᠡᠭᠵᠢᠭᠦᠯᠦᠯᠲᠡ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ᠂ ᠪᠦᠳᠦᠭᠡᠨ ᠪᠠᠶᠢᠭᠤᠯᠤᠯᠲᠠ ᠪᠣᠯᠤᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢᠶᠠᠷ ᠭᠤᠣᠯᠳᠠᠯᠭ᠎ᠠ ᠪᠣᠯᠭᠠᠵᠤ᠂ ᠰᠡᠳᠬᠢᠴᠡ ᠠᠷᠭ᠎ᠠ ᠶᠢᠨ ᠰᠢᠨ᠎ᠡ ᠶᠢ ᠡᠭᠦᠳᠴᠦ᠂ ᠢᠯᠡᠭᠦᠬᠡᠨ ᠪᠣᠳᠣᠯᠬᠢᠯᠠᠵᠤ᠂ ᠢᠯᠡᠭᠦᠬᠡᠨ ᠲᠥᠯᠥᠪᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠰᠢᠨ᠎ᠡ ᠳᠡᠭᠲᠡᠷ ᠲᠤ ᠭᠠᠷᠭᠠᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号