ᠪᠠᠶᠠᠨᠲᠤᠬᠤᠢ ᠪᠠᠯᠭᠠᠰᠤ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠭᠠᠵᠢᠭᠤ ᠰᠤᠷᠲᠠᠯ ᠢ ᠴᠢᠩᠭ᠎ᠠ ᠬᠤᠷᠢᠭᠯᠠᠵᠤ᠂ ᠲᠣᠭᠲᠠᠭᠠᠯ ᠠᠴᠠ ᠵᠥᠷᠢᠴᠡᠨ ᠬᠦᠯᠢᠶᠡᠨ ᠠᠪᠴᠤ ᠵᠣᠴᠢᠯᠠᠬᠤ ᠠᠯᠪᠠᠨ ᠶᠠᠪᠤᠳᠠᠯ ᠤᠨ ᠠᠰᠠᠭᠤᠳᠠᠯ ᠢ ᠵᠠᠯᠠᠷᠠᠭᠤᠯᠤᠨ ᠵᠠᠰᠠᠬᠤ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/22
      ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠵᠢᠴᠢ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ᠵᠢᠷᠭᠠᠨ ᠴᠡᠩᠭᠡᠬᠦ ᠦᠵᠡᠯ ᠤᠨ ᠱᠠᠯᠢᠨ ᠪᠦᠷᠢᠯᠭᠡᠬᠦ ᠰᠤᠷᠲᠠᠯ ᠢ ᠡᠷᠡᠰ ᠵᠠᠯᠠᠷᠠᠭᠤᠯᠤᠨ ᠵᠠᠰᠠᠬᠤ ᠶᠢᠨ ᠲᠥᠯᠥᠭᠡ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠰᠠᠬᠢᠯᠭ᠎ᠠ ᠪᠠᠲᠤ ᠶᠢᠨ ᠤᠬᠠᠮᠰᠠᠷ ᠢ ᠨᠢ ᠴᠢᠩᠭᠠᠳᠬᠠᠵᠤ᠂ ᠰᠠᠬᠢᠯᠭ᠎ᠠ ᠪᠠᠲᠤ ᠶᠢᠨ ᠤᠬᠠᠮᠰᠠᠷ ᠢ ᠨᠢ ᠳᠡᠭᠡᠭᠰᠢᠯᠡᠭᠦᠯᠬᠦ ᠶᠢᠨ ᠲᠥᠯᠥᠭᠡ ᠶᠤᠮ᠃ 7 ᠰᠠᠷ᠎ᠠ ᠶᠢᠨ 19 ᠤ ᠡᠳᠦᠷ᠂ ᠪᠠᠶᠠᠨᠲᠣᠬᠤᠶ ᠪᠠᠯᠭᠠᠰᠤ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠭᠠᠵᠢᠭᠤ ᠰᠤᠷᠲᠠᠯ ᠢ ᠴᠢᠩᠭ᠎ᠠ ᠬᠤᠷᠢᠭᠯᠠᠨ ᠵᠣᠭᠰᠣᠭᠠᠵᠤ᠂ ᠲᠣᠭᠲᠠᠭᠠᠯ ᠠᠴᠠ ᠵᠥᠷᠢᠴᠡᠨ ᠠᠯᠪᠠᠨ ᠶᠠᠪᠤᠳᠠᠯ ᠢ ᠵᠣᠴᠢᠯᠠᠬᠤ ᠠᠰᠠᠭᠤᠳᠠᠯ ᠢ ᠵᠠᠯᠠᠷᠠᠭᠤᠯᠤᠨ ᠵᠠᠰᠠᠬᠤ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠭᠤᠯᠵᠤ᠂ ᠪᠠᠶᠠᠨᠲᠣᠬᠤᠶ ᠪᠠᠯᠭᠠᠰᠤᠨ ᠤ ᠪᠠᠶᠢᠭᠤᠯᠭ᠎ᠠ ᠶᠢᠨ ᠪᠥᠬᠦ ᠬᠥᠮᠦᠰ ᠣᠷᠣᠯᠴᠠᠪᠠ᠃      ᠬᠤᠷᠠᠯ ᠳᠡᠭᠡᠷ᠎ᠡ᠂ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠠᠯᠪᠠᠨ ᠭᠡᠷ ᠤᠨ ᠡᠷᠬᠢᠯᠡᠭᠴᠢ ᠮᠧᠩ ᠵᠢᠶᠦ᠋ᠨ ᠲᠣᠭᠲᠠᠭᠠᠯ ᠢ ᠵᠥᠷᠢᠴᠡᠨ ᠢᠳᠡᠵᠦ ᠤᠤᠭᠤᠬᠤ ᠠᠰᠠᠭᠤᠳᠠᠯ᠂ ᠲᠣᠭᠲᠠᠭᠠᠯ ᠢ ᠵᠥᠷᠢᠴᠡᠨ ᠠᠯᠪᠠᠨ ᠶᠠᠪᠤᠳᠠᠯ ᠢᠶᠠᠷ ᠵᠣᠴᠢᠯᠠᠬᠤ ᠠᠰᠠᠭᠤᠳᠠᠯ ᠵᠢᠴᠢ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠭᠡᠰᠢᠭᠦᠨ ᠪᠠ ᠠᠯᠪᠠᠨ ᠲᠤᠰᠢᠶᠠᠯᠲᠠᠳ ᠤᠨ ᠰᠣᠭᠲᠣᠭᠤ ᠪᠠᠷ ᠲᠡᠷᠭᠡ ᠵᠢᠯᠣᠭᠤᠳᠬᠤ ᠠᠰᠠᠭᠤᠳᠠᠯ ᠤᠨ ᠲᠤᠬᠠᠶ ᠵᠠᠷᠯᠠᠨ ᠮᠡᠳᠡᠭᠳᠡᠪᠡ᠃ ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠨᠠᠮ ᠤᠨ ᠭᠡᠰᠢᠭᠦᠨ ᠺᠠᠳ᠋ᠷᠴᠤᠳ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ᠂ ᠲᠣᠭᠲᠠᠭᠠᠯ ᠠᠴᠠ ᠵᠥᠷᠢᠴᠡᠨ ᠠᠯᠪᠠᠨ ᠶᠠᠪᠤᠳᠠᠯ ᠢᠶᠠᠷ ᠵᠣᠴᠢᠯᠠᠬᠤ ᠵᠢᠴᠢ ᠠᠷᠢᠬᠢ ᠤᠤᠭᠤᠵᠤ ᠰᠣᠭᠲᠣᠭᠤ ᠪᠠᠷ ᠲᠡᠷᠭᠡ ᠵᠢᠯᠣᠭᠤᠳᠤᠭᠰᠠᠨ ᠵᠡᠷᠭᠡ ᠠᠰᠠᠭᠤᠳᠠᠯ ᠠᠴᠠ ᠪᠣᠯᠤᠭᠰᠠᠨ ᠬᠤᠤᠷ ᠬᠥᠨᠥᠭᠡᠯ ᠢ ᠰᠡᠷᠭᠡᠭ ᠢᠶᠠᠷ ᠲᠠᠨᠢᠵᠤ᠂ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠨᠠᠮᠴᠢ ᠴᠢᠨᠠᠷ ᠤᠨ ᠳᠠᠪᠲᠠᠯᠲᠠ ᠶᠢ ᠴᠢᠩᠭᠠᠳᠬᠠᠨ᠂ ᠰᠠᠬᠢᠯᠭ᠎ᠠ ᠪᠠᠲᠤ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠨᠠᠶᠢᠵᠢ ᠶᠢᠨ ᠬᠦᠷᠢᠶ᠎ᠡ᠂ ᠠᠮᠢᠳᠤᠷᠠᠯ ᠤᠨ ᠬᠦᠷᠢᠶ᠎ᠡ ᠶᠢ ᠤᠬᠠᠮᠰᠠᠷ ᠠᠴᠠ ᠪᠠᠨ ᠴᠡᠪᠡᠷᠰᠢᠭᠦᠯᠵᠦ᠂ ︽ᠨᠠᠢᠮᠠᠨ ᠴᠠᠭ ᠤᠨ ᠭᠠᠳᠠᠨ᠎ᠠ︾ ᠶᠢᠨ ᠠᠮᠢᠳᠤᠷᠠᠯ ᠢ ᠵᠢᠷᠤᠮᠵᠢᠭᠤᠯᠵᠤ᠂ ᠰᠡᠳᠬᠢᠯ ᠳᠡᠭᠡᠨ ᠪᠢᠰᠢᠷᠡᠨ ᠵᠢᠷᠦᠬᠡᠰᠢᠶᠡᠬᠦ᠂ ᠦᠭᠡ ᠬᠡᠯᠡᠬᠦ ᠳᠤ ᠴᠡᠭᠡᠷ ᠲᠠᠢ᠂ ᠦᠢᠯᠡ ᠠᠵᠢᠯᠯᠠᠭ᠎ᠠ ᠳᠠᠭᠠᠨ ᠬᠤᠷᠢᠭ᠎ᠠ ᠲᠠᠢ ᠪᠠᠶᠢᠬᠤ ᠶᠢ ᠪᠡᠶᠡᠯᠡᠭᠦᠯᠵᠦ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ᠂ ᠲᠣᠭᠲᠠᠭᠠᠯ ᠠᠴᠠ ᠵᠥᠷᠢᠴᠡᠨ ᠠᠯᠪᠠᠨ ᠶᠠᠪᠤᠳᠠᠯ ᠢᠶᠠᠷ ᠵᠣᠴᠢᠯᠠᠬᠤ ᠵᠢᠴᠢ ᠠᠷᠢᠬᠢ ᠤᠤᠭᠤᠵᠤ ᠰᠣᠭᠲᠣᠭᠤ ᠪᠠᠷ ᠲᠡᠷᠭᠡ ᠵᠢᠯᠣᠭᠤᠳᠬᠤ ᠵᠡᠷᠭᠡ ᠮᠠᠭᠤ ᠰᠤᠷᠲᠠᠯ ᠢ ᠡᠷᠡᠰ ᠬᠤᠷᠢᠭᠯᠠᠬᠤ ᠬᠡᠷᠡᠭᠲᠡᠢ᠃      ᠲᠠᠷᠠᠭᠠᠴᠢ ᠶᠢᠨ ᠠᠯᠬᠤᠮ ᠳᠤ᠂ ᠪᠠᠶᠠᠨᠲᠣᠬᠤᠶ ᠪᠠᠯᠭᠠᠰᠤ ᠶᠠᠭ ᠥᠷᠨᠢᠭᠦᠯᠵᠦ ᠪᠠᠶᠢᠭ᠎ᠠ ᠨᠢᠭᠡ ᠴᠣᠭᠴᠠ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠠᠬᠢᠭᠤᠯᠬᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠲᠠᠢ ᠤᠶᠠᠯᠳᠤᠭᠤᠯᠤᠨ᠂ ᠰᠠᠬᠢᠯᠭ᠎ᠠ ᠪᠠᠲᠤ ᠶᠢᠨ ᠬᠥᠮᠦᠵᠢᠯ ᠢ ᠡᠳᠦᠷ ᠲᠤᠲᠤᠮ ᠤᠨ ᠠᠮᠢᠳᠤᠷᠠᠯ ᠳᠤ ᠠᠭᠤᠰᠤᠯᠴᠠᠭᠤᠯᠵᠤ᠂ ᠰᠡᠷᠡᠮᠵᠢᠯᠡᠭᠦᠯᠬᠦ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠪᠥᠬᠦ ᠲᠠᠯ᠎ᠠ ᠶᠢᠨ ᠬᠠᠮᠢᠶᠠᠷᠤᠯᠲᠠ ᠪᠠ ᠪᠠᠶᠢᠩᠭᠤ ᠶᠢᠨ ᠴᠢᠨᠠᠷᠲᠠᠶ ᠬᠢᠨᠠᠯᠲᠠ ᠶᠢ ᠴᠢᠩᠭᠠᠳᠬᠠᠵᠤ᠂ ᠰᠠᠬᠢᠯᠭ᠎ᠠ ᠪᠠᠲᠤ ᠶᠢ ᠵᠠᠪᠠᠯ ᠴᠢᠩᠭ᠎ᠠ ᠬᠡᠷᠡᠭᠵᠢᠭᠦᠯᠵᠦ᠂ ᠰᠠᠬᠢᠯᠭ᠎ᠠ ᠪᠠᠲᠤ ᠶᠢ ᠵᠦᠷᠢᠴᠡᠪᠡᠯ ᠵᠠᠪᠠᠯ ᠨᠡᠬᠡᠮᠵᠢᠯᠡᠵᠦ᠂ ᠲᠡᠮᠦᠷ ᠮᠡᠲᠦ ᠰᠠᠬᠢᠯᠭ᠎ᠠ ᠪᠠᠲᠤ ᠶᠢ ᠦᠨᠡᠨ ᠬᠦ ᠡᠳᠦᠷ ᠲᠤᠲᠤᠮ ᠤᠨ ᠳᠠᠳᠬᠠᠯ ᠪᠠ ᠤᠬᠠᠮᠰᠠᠷᠲᠤ ᠵᠢᠷᠤᠮᠯᠠᠯ ᠪᠣᠯᠭᠠᠨ ᠬᠤᠪᠢᠷᠠᠭᠤᠯᠵᠤ᠂ ᠪᠥᠬᠦ ᠪᠠᠯᠭᠠᠰᠤᠨ ᠳᠤ ᠠᠷᠢᠭᠤᠨ ᠴᠢᠬᠡᠴᠢ ᠶᠢ ᠡᠷᠬᠢᠮᠯᠡᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号