ᠷᠠᠰᠠᠩ ᠰᠦᠮ᠎ᠡ ᠪᠠᠯᠭᠠᠰᠤᠨ ᠤ ᠰᠠᠶᠢᠬᠠᠤᠰᠤ ᠲᠣᠰᠬᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/22
      ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠤᠯᠠᠮ ᠨᠢᠭᠡ ᠠᠯᠬᠤᠮ ᠠᠬᠢᠭᠤᠯᠵᠤ᠂ ᠨᠠᠮ ᠤᠨ ᠭᠡᠰᠢᠭᠦᠨ ᠤ ᠡᠩᠨᠡᠭᠡᠨ ᠤ ᠲᠡᠷᠢᠭᠦᠨ ᠤ ᠴᠢᠨᠠᠷ ᠪᠠ ᠴᠡᠪᠡᠷ ᠴᠢᠨᠠᠷ ᠢ ᠪᠠᠲᠤᠯᠠᠬᠤ ᠶᠢᠨ ᠲᠥᠯᠥᠭᠡ᠂ 7 ᠰᠠᠷ᠎ᠠ ᠶᠢᠨ 19 ᠤ ᠡᠳᠦᠷ᠂ ᠰᠠᠶᠢᠬᠠᠨᠤᠰᠤ ᠲᠣᠰᠬᠤᠨ ᠤ ᠨᠠᠮ ᠤᠨ ᠬᠤᠷᠢᠶ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃      ᠬᠤᠷᠠᠯ ᠳᠡᠭᠡᠷ᠎ᠡ᠂ ᠨᠠᠮ ᠤᠨ ᠬᠤᠷᠢᠶᠠᠨ ᠤ ᠱᠦᠵᠢ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠢᠷᠢ ᠲᠡᠩᠴᠡᠬᠦ ᠦᠭᠡᠢ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ ᠰᠢᠢᠳᠪᠦᠷᠢᠯᠡᠬᠦ ᠠᠷᠭ᠎ᠠ︾ ᠪᠣᠯᠤᠨ ︽ᠦᠬᠠᠢ ᠬᠤᠳᠠ ᠶᠢᠨ ᠬᠠᠶᠢᠨᠠᠨ ᠲᠣᠭᠤᠷᠢᠭ ᠤᠨ ᠲᠣᠰᠬᠤᠨ ︵ᠨᠡᠶᠢᠭᠡᠮ ᠲᠣᠭᠤᠷᠢᠭ︶ ᠤ ᠰᠠᠭᠤᠭᠠᠯᠢ ᠠᠷᠠᠳ ᠤᠨ ᠵᠥᠪᠯᠡᠯ ᠤᠨ ᠠᠵᠢᠯ ᠤᠨ ᠵᠦᠢᠯᠡᠰ ᠢ ᠵᠥᠪᠰᠢᠶᠡᠷᠡᠨ ᠣᠷᠣᠭᠤᠯᠬᠤ᠂ ᠪᠤᠴᠠᠭᠠᠨ ᠭᠠᠷᠭᠠᠬᠤ ᠲᠣᠭᠲᠠᠴᠠ︾ ᠶᠢ ᠤᠯᠠᠮᠵᠢᠯᠠᠨ ᠰᠤᠷᠤᠯᠴᠠᠵᠤ᠂ ᠴᠢᠬᠤᠯᠠ ᠠᠭᠤᠯᠭ᠎ᠠ ᠳᠤ ᠵᠠᠳᠠᠯᠤᠯᠲᠠ ᠬᠢᠵᠡᠢ᠃      ᠬᠤᠷᠠᠯ ᠠᠴᠠ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠢᠷᠢ ᠲᠡᠩᠴᠡᠬᠦ ᠦᠭᠡᠢ ᠨᠠᠮ ᠤᠨ ᠭᠡᠰᠢᠭᠦᠨ ᠤ ᠵᠣᠬᠢᠶᠠᠨ ᠪᠠᠶᠢᠭᠤᠯᠤᠯᠲᠠ ᠶᠢ ᠰᠢᠢᠳᠪᠦᠷᠢᠯᠡᠬᠦ ᠠᠷᠭ᠎ᠠ︾ ᠶᠢ ᠨᠡᠶᠢᠲᠡᠯᠡᠭᠰᠡᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠪᠦᠬᠦ ᠨᠠᠮ ᠤᠨ ᠭᠡᠰᠢᠭᠦᠳ ᠰᠠᠬᠢᠯᠭ᠎ᠠ ᠪᠠᠲᠤ ᠶᠢ ᠰᠤᠷᠤᠯᠴᠠᠵᠤ᠂ ᠰᠠᠬᠢᠯᠭ᠎ᠠ ᠪᠠᠲᠤ ᠶᠢ ᠣᠶᠢᠯᠠᠭᠠᠵᠤ᠂ ᠰᠠᠬᠢᠯᠭ᠎ᠠ ᠪᠠᠲᠤ ᠶᠢ ᠰᠠᠬᠢᠵᠤ᠂ ᠤᠯᠤᠰ ᠲᠦᠷᠦ ᠶᠢᠨ ᠲᠣᠭᠲᠠᠯ ᠬᠦᠴᠦᠨ᠂ ᠰᠠᠬᠢᠯᠭ᠎ᠠ ᠪᠠᠲᠤ ᠶᠢᠨ ᠲᠣᠭᠲᠠᠯ ᠬᠦᠴᠦᠨ᠂ ᠶᠣᠰᠣ ᠰᠤᠷᠲᠠᠬᠤᠨ ᠤ ᠲᠣᠭᠲᠠᠯ ᠬᠦᠴᠦᠨ᠂ ᠢᠯᠵᠢᠷᠡᠯ ᠢ ᠡᠰᠡᠷᠭᠦᠴᠡᠬᠦ ᠲᠣᠭᠲᠠᠯ ᠬᠦᠴᠦᠨ ᠢᠶᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠰᠠᠶᠢᠬᠠᠨᠤᠰᠤ ᠲᠣᠰᠬᠤᠨ ᠤ ᠳᠠᠷᠠᠭᠠᠴᠢ ᠶᠢᠨ ᠠᠯᠬᠤᠮ ᠤᠨ ᠬᠥᠭᠵᠢᠯᠲᠡ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠪᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠨ᠎ᠠ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠲᠣᠰᠬᠤᠨ ᠤ ᠺᠠᠳ᠋ᠷᠴᠤᠳ ᠲᠣᠰᠬᠤᠨ ᠤ ᠠᠷᠠᠳ ᠤᠨ ᠵᠥᠪᠯᠡᠯ ᠤᠨ ᠡᠭᠦᠷᠭᠡ ᠬᠠᠷᠢᠭᠤᠴᠠᠯᠭ᠎ᠠ ᠶᠢᠨ ᠠᠵᠢᠯ ᠢ ᠲᠣᠳᠣᠷᠬᠠᠶᠢᠯᠠᠵᠤ᠂ ᠦᠢᠯᠡᠴᠢᠯᠡᠭᠡ ᠪᠠᠷ ᠵᠣᠷᠢᠯᠲᠠ ᠪᠣᠯᠭᠠᠵᠤ᠂ ᠲᠣᠰᠬᠤᠨ ᠤ ᠠᠷᠠᠳ ᠤᠨ ᠵᠥᠪᠯᠡᠯ ᠤᠨ ᠲᠦᠷᠭᠡᠨ ᠳᠠᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ︽ᠬᠦᠴᠦᠨ ᠢᠶᠠᠨ ᠲᠥᠪᠯᠡᠷᠡᠭᠦᠯᠬᠦ︾ ᠪᠠᠷ ᠭᠤᠣᠯ ᠪᠣᠯᠭᠠᠵᠤ᠂ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠡᠬᠢ ᠪᠠᠶᠠᠯᠢᠭ ᠢᠶᠠᠨ ᠨᠡᠶᠢᠳᠬᠡᠵᠦ᠂ ᠤᠯᠠᠨ ᠲᠦᠮᠡᠨ ᠢ ᠨᠢᠭᠲᠠᠷᠠᠭᠤᠯᠬᠤ ᠴᠢᠳᠠᠪᠤᠷᠢ ᠪᠠᠨ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠪᠠᠲᠤ ᠪᠠᠬᠢ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号