ᠪᠠᠶ ᠴᠦᠨ ᠯᠸᠢ ᠱᠠᠨᠳᠦ᠋ᠩ ᠮᠤᠵᠢ᠂ ᠱᠠᠨᠰᠢ ᠮᠤᠵᠢ ᠳᠤ ᠬᠦᠷᠴᠦ ᠨᠠᠷᠢᠯᠢᠭ ᠣᠨᠣᠴᠠᠲᠠᠶ ᠪᠠᠷ ᠬᠤᠳᠠᠯᠳᠤᠭᠠᠴᠢᠨ ᠤᠷᠢᠵᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/7/22
      7 ᠰᠠᠷ᠎ᠠ ᠶᠢᠨ 17 ᠤ ᠡᠳᠦᠷ ᠠᠴᠠ 19 ᠤ ᠡᠳᠦᠷ ᠪᠣᠯᠲᠠᠯ᠎ᠠ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ᠪᠦᠯᠬᠦᠮ ᠳᠠᠭᠠᠭᠤᠯᠤᠨ ᠤᠷᠢᠳ ᠬᠤᠵᠢᠳ ᠱᠠᠨᠳᠦ᠋ᠩ ᠮᠤᠵᠢ ᠶᠢᠨ ᠴᠢᠩᠳᠣᠤ ᠬᠤᠲᠠ᠂ ᠵᠢᠨᠠᠨ ᠬᠤᠲᠠ ᠳᠤ ᠬᠦᠷᠴᠦ᠂ ᠱᠠᠨᠰᠢ ᠮᠤᠵᠢ ᠶᠢᠨ ᠰᠢ ᠠᠨ ᠬᠤᠲᠠ ᠳᠤ ᠨᠠᠷᠢᠯᠢᠭ ᠣᠨᠣᠴᠠᠲᠠᠶ ᠪᠠᠷ ᠬᠤᠳᠠᠯᠳᠤᠭᠠᠴᠢᠨ ᠤᠷᠢᠵᠤ ᠰᠢᠨᠵᠢᠯᠡᠨ ᠪᠠᠶᠢᠴᠠᠭᠠᠬᠤ ᠠᠵᠢᠯᠯᠠᠭ᠎ᠠ ᠥᠷᠨᠢᠭᠦᠯᠵᠦ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠵᠡᠷᠭᠡ ᠠᠵᠤ ᠦᠶ᠋ᠯᠡᠰ ᠤᠨ ᠲᠣᠭᠤᠷᠢᠨ ᠳᠤ ᠠᠵᠤ ᠠᠬᠤᠶᠢᠯᠠᠯ ᠲᠠᠢ ᠰᠣᠯᠢᠯᠴᠠᠨ ᠶᠠᠷᠢᠯᠴᠠᠵᠤ ᠵᠥᠪᠳᠡᠯᠴᠡᠪᠡ᠃      ᠪᠠᠢ ᠴᠦᠨ ᠯᠸᠢ ᠨᠠᠷ ᠤᠷᠢᠳ ᠬᠤᠵᠢᠳ ᠬᠠᠢ ᠵᠦᠸᠧ ᠬᠦᠳᠡᠯᠭᠡᠬᠦ ᠬᠦᠴᠦᠨ ︵ᠴᠢᠩᠳᠣᠤ︶ ᠤ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠱᠧᠩ ᠴᠢᠤᠸᠠᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠳᠤ ᠬᠦᠷᠴᠦ᠂ ᠠᠵᠤ ᠠᠬᠤᠶᠢᠯᠠᠯ ᠤᠨ ᠶᠡᠷᠦᠩᠬᠡᠢ ᠬᠡᠯᠲᠡᠰ ᠪᠣᠯᠤᠨ ᠦᠢᠯᠡᠳᠪᠦᠷᠢᠯᠡᠯ ᠤᠨ ᠰᠠᠭᠤᠷᠢᠨ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠺᠣᠮᠫᠠᠨᠢ ᠶᠢᠨ ᠡᠵᠡᠩᠨᠡᠯᠲᠡ᠂ ᠮᠡᠷᠭᠡᠵᠢᠯ ᠤᠨ ᠰᠤᠳᠤᠯᠤᠨ ᠨᠡᠭᠡᠭᠡᠯᠲᠡ᠂ ᠦᠢᠯᠡᠳᠬᠦᠨ ᠤ ᠦᠢᠯᠡᠳᠪᠦᠷᠢᠯᠡᠯ᠂ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠺᠣᠮᠫᠠᠨᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠵᠤ᠂ ᠬᠠᠮᠲᠤᠷᠠᠯᠴᠠᠭᠠᠨ ᠤ ᠤᠴᠢᠷ ᠶᠠᠪᠤᠳᠠᠯ ᠢ ᠵᠥᠪᠳᠡᠯᠴᠡᠪᠡ᠃      ᠪᠠᠢ ᠴᠦᠨ ᠯᠸᠢ ᠬᠠᠶᠢᠨᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠪᠠ᠃ ᠲᠡᠷᠡ ᠬᠡᠯᠡᠭᠰᠡᠨ ᠨᠢ᠂ ᠣᠳᠣᠬᠠᠨ ᠳᠤ ᠬᠠᠶᠢᠨᠠᠨ ᠲᠣᠭᠤᠷᠢᠭ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠵᠢᠴᠢ ᠲᠣᠨᠤᠭ ᠲᠥᠬᠦᠭᠡᠷᠦᠮᠵᠢ ᠦᠶ᠋ᠯᠡᠳᠬᠦ ᠠᠵᠤ ᠦᠢᠯᠡᠰ ᠤᠨ ᠰᠠᠭᠤᠷᠢ ᠰᠠᠶᠢᠨ ᠳᠠᠪᠠᠭᠤᠯᠢᠭ ᠲᠤ ᠲᠦᠰᠢᠭᠯᠡᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠳᠠᠪᠠᠭᠤᠯᠢᠭ ᠤᠨᠴᠠᠯᠢᠬᠳᠤ ᠠᠵᠤ ᠦᠢᠯᠡᠰ ᠤᠨ ᠰᠦᠷᠦᠭᠵᠢᠯ ᠢ ᠲᠦᠷᠭᠡᠳᠬᠡᠨ ᠪᠠᠶᠢᠭᠤᠯᠵᠤ᠂ ᠣᠷᠣᠨ ᠨᠤᠲᠤᠭ ᠠᠵᠤ ᠠᠬᠤᠶᠢᠯᠠᠯ ᠤᠨ ᠬᠠᠮᠲᠤᠷᠠᠯᠴᠠᠭᠠᠨ ᠤ ᠣᠷᠣᠨ ᠵᠠᠶ ᠥᠷᠭᠡᠨ ᠠᠭᠤᠳᠠᠮ᠂ ᠬᠥᠭᠵᠢᠯᠲᠡ ᠶᠢᠨ ᠢᠷᠡᠭᠡᠳᠦᠶ ᠭᠡᠭᠡᠨ ᠰᠠᠷᠠᠭᠤᠯ ᠪᠠᠶᠢᠨ᠎ᠠ᠃ ᠬᠠᠮᠢᠶ᠎ᠠ ᠪᠦᠬᠦᠢ ᠬᠠᠮᠲᠤᠷᠠᠯᠴᠠᠭᠠᠨ ᠤ ᠲᠥᠷᠥᠯ ᠵᠦᠢᠯ ᠨᠢ ᠬᠠᠶᠢᠨᠠᠨ ᠲᠣᠭᠤᠷᠢᠭ ᠤᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠴᠢᠭᠯᠡᠯ ᠲᠠᠢ ᠳᠡᠭᠡᠳᠦ ᠬᠡᠮᠵᠢᠶ᠎ᠡ ᠪᠠᠷ ᠲᠣᠬᠢᠷᠠᠯᠴᠠᠵᠤ᠂ ᠮᠠᠨ ᠤ ᠲᠣᠭᠤᠷᠢᠭ ᠤᠨ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠠᠵᠤ ᠠᠬᠤᠶᠢᠯᠠᠯ ᠤᠨ ᠬᠢᠨ ᠲᠡᠷᠢᠭᠦᠨ ᠤ ᠮᠡᠷᠭᠡᠵᠢᠯ᠂ ᠣᠶᠢᠯᠠᠭᠠᠭᠳᠠᠬᠤᠨ ᠤ ᠰᠢᠨ᠎ᠡ ᠶᠢ ᠡᠭᠦᠳᠬᠦ ᠵᠡᠷᠭᠡ ᠲᠠᠯ᠎ᠠ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠠᠮᠵᠢᠯᠴᠠᠨ ᠬᠠᠮᠲᠤᠷᠠᠯᠴᠠᠬᠤ ᠪᠠᠨ ᠭᠦᠨᠵᠡᠭᠡᠶᠢᠷᠡᠭᠦᠯᠵᠦ᠂ ᠬᠠᠶᠢᠨᠠᠨ ᠲᠣᠭᠤᠷᠢᠭ ᠲᠤ ᠢᠳᠡᠪᠬᠢᠲᠡᠢ ᠪᠠᠷ ᠪᠡᠯᠡ ᠣᠷᠣᠭᠤᠯᠤᠨ ᠦᠢᠯᠡᠰ ᠪᠤᠰᠬᠠᠵᠤ᠂ ᠨᠢᠭᠡ ᠪᠦᠯᠦᠭ ᠴᠢᠬᠤᠯᠠ ᠶᠡᠭᠡ ᠲᠦᠷᠦᠯ ᠵᠦᠢᠯ ᠢ ᠬᠠᠮᠲᠤᠪᠠᠷ ᠲᠥᠯᠥᠪᠵᠢᠭᠦᠯᠦᠨ ᠪᠠᠶᠢᠷᠢᠰᠢᠭᠤᠯᠵᠤ᠂ ᠬᠠᠶᠢᠨᠠᠨ ᠲᠣᠭᠤᠷᠢᠭ ᠤᠨ ᠬᠢᠨ ᠪᠦᠬᠦ ᠬᠦᠴᠦᠨ ᠢᠶᠠᠷ ᠢᠶᠠᠨ ᠳᠡᠮᠵᠢᠨ ᠬᠠᠮᠵᠢᠯᠴᠠᠵᠤ᠂ ᠡᠯ᠎ᠡ ᠵᠦᠢᠯ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠠᠵᠤ ᠠᠬᠤᠶᠢᠯᠠᠯ ᠤᠨ ᠬᠥᠭᠵᠢᠯᠲᠡ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠦᠨ ᠥᠭᠴᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃      ᠳᠠᠷᠠᠭᠠᠴᠢ ᠶᠢᠨ ᠠᠯᠬᠤᠮ ᠳᠤ᠂ ᠬᠠᠶᠢᠨᠠᠨ ᠲᠣᠭᠤᠷᠢᠭ ᠤᠨ ᠬᠢᠨ ︽ᠠᠷᠠᠯᠵᠢᠶᠠᠴᠢᠨ ᠤᠷᠢᠬᠤ ᠶᠢ ᠠᠳᠬᠤᠬᠤ ᠪᠣᠯ ᠳᠠᠷᠤᠢ ᠬᠥᠭᠵᠢᠯᠲᠡ ᠶᠢ ᠠᠳᠬᠤᠬᠤ᠂ ᠬᠥᠭᠵᠢᠯᠲᠡ ᠶᠢ ᠠᠳᠬᠤᠬᠤ ᠳᠤ ᠡᠷᠬᠡᠪᠰᠢ ᠠᠷᠠᠯᠵᠢᠶᠠᠴᠢᠨ ᠤᠷᠢᠬᠤ ᠶᠢ ᠠᠳᠬᠤᠬᠤ︾ ᠬᠠᠮᠲᠤ ᠶᠢᠨ ᠲᠠᠨᠢᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠨᠢᠨ ᠳᠡᠭᠡᠷ᠎ᠡ ᠨᠢ ᠠᠷᠠᠯᠵᠢᠶᠠᠴᠢᠨ ᠤᠷᠢᠬᠤ᠂ ᠲᠠᠪᠴᠠᠩ ᠢᠶᠠᠷ ᠠᠷᠠᠯᠵᠢᠶᠠᠴᠢᠨ ᠤᠷᠢᠬᠤ᠂ ᠠᠵᠤ ᠠᠬᠤᠶᠢᠯᠠᠯ ᠢᠶᠠᠷ ᠠᠷᠠᠯᠵᠢᠶᠠᠴᠢᠨ ᠤᠷᠢᠬᠤ᠂ ᠬᠡᠯᠬᠢᠶ᠎ᠡ ᠪᠠᠷ ᠠᠷᠠᠯᠵᠢᠶᠠᠴᠢᠨ ᠤᠷᠢᠬᠤ ᠶᠢ ᠶᠡᠬᠡᠪᠡᠷ ᠥᠷᠨᠢᠭᠦᠯᠵᠦ᠂ ᠬᠥᠭᠵᠢᠭᠰᠡᠨ ᠭᠠᠵᠠᠷ ᠣᠷᠣᠨ ᠤ ᠠᠵᠤ ᠦᠢᠯᠡᠰ ᠤᠨ ᠰᠢᠨ᠎ᠡ ᠪᠠᠶᠢᠷᠢᠰᠢᠭᠤᠯᠤᠯᠲᠠ ᠶᠢ ᠢᠳᠡᠪᠬᠢᠲᠡᠢ ᠵᠣᠯᠭᠠᠭᠤᠯᠵᠤ᠂ ᠠᠵᠤ ᠦᠢᠯᠡᠰ ᠤᠨ ᠱᠠᠲᠤᠯᠢᠭ ᠰᠢᠯᠵᠢᠯᠲᠡ ᠶᠢ ᠡᠮᠬᠢ ᠵᠢᠷᠤᠮ ᠲᠠᠢ ᠵᠣᠯᠭᠠᠭᠤᠯᠵᠤ᠂ ᠬᠡᠯᠬᠢᠶ᠎ᠡ ᠶᠢ ᠤᠯᠠᠮ ᠴᠢᠨᠠᠭᠰᠢᠳᠠ ᠴᠢᠩᠭᠠᠳᠬᠠᠵᠤ᠂ ᠬᠡᠯᠬᠢᠶ᠎ᠡ ᠶᠢ ᠨᠥᠬᠦᠪᠥᠷᠢᠯᠡᠵᠦ᠂ ᠬᠡᠯᠬᠢᠶ᠎ᠡ ᠶᠢ ᠤᠷᠲᠤᠳᠬᠠᠵᠤ᠂ ᠣᠷᠣᠨ ᠪᠦᠰᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号