ᠢᠦᠢ ᡁᠢ ᠶᠦᠩ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/22
      7 ᠰᠠᠷ᠎ᠠ ᠶᠢᠨ 19 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠢᠦᠢ ᡁᠢ ᠶᠦᠩ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ᠂ ᠬᠠᠷᠢᠭᠤ ᠵᠠᠬᠢᠳᠠᠯ᠂ ᠪᠠᠶᠠᠷ ᠤᠨ ᠵᠠᠬᠢᠳᠠᠯ ᠪᠣᠯᠤᠨ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠲᠤᠭᠤᠷᠢᠭ ᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠬᠤᠨᠠᠨ ᠤ ᠶᠤᠸᠠᠢ ᠶᠠᠩ ᠬᠤᠳᠠ ᠶᠢᠨ ᠬᠤᠸᠠ ᠷᠦᠩ ᠰᠢᠶᠠᠨ ᠤ ᠲᠤᠸᠠᠨ ᠵᠧᠦ ᠵᠤᠸᠠᠨ ᠳ᠋ᠦᠩ ᠲᠢᠩ ᠬᠤ᠋ ᠨᠠᠭᠤᠷ ᠤᠨ ᠨᠢᠭᠡᠳᠦᠭᠡᠷ ᠹᠷᠣᠨᠲ ᠤᠨ ᠬᠠᠰᠢᠯᠭ᠎ᠠ ᠳᠠᠯᠠᠩ ᠤᠨ ᠭᠠᠮᠰᠢᠭ ᠡᠭᠦᠰᠬᠦ ᠠᠮᠠᠰᠠᠷ ᠲᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠣᠷᠣᠭᠠᠨ ᠤ ᠪᠠᠶᠢᠳᠠᠯ᠂ ᠤᠰᠤᠨ ᠤ ᠪᠠᠶᠢᠳᠠᠯ᠂ ᠦᠶᠡᠷ ᠤᠨ ᠪᠠᠶᠢᠳᠠᠯ ᠪᠣᠯᠤᠨ ᠭᠠᠵᠠᠷ ᠤᠨ ᠭᠠᠮᠰᠢᠭ ᠤᠨ ᠪᠠᠶᠢᠳᠠᠯ ᠢ ᠨᠢᠭᠲᠠ ᠠᠩᠬᠠᠷᠴᠤ᠂ ᠭᠠᠮᠰᠢᠭ ᠠᠴᠠ ᠡᠮᠦᠨᠡᠬᠢ ᠰᠡᠷᠡᠮᠵᠢ ᠶᠢᠨ ᠳᠣᠬᠢᠶ᠎ᠠ ᠶᠢ ᠠᠷᠭᠠᠴᠠᠬᠤ ᠪᠠ ᠪᠠᠴᠢᠮ ᠪᠠᠶᠢᠳᠠᠯ ᠢ ᠠᠷᠭᠠᠴᠠᠬᠤ ᠶᠢ ᠴᠤᠤᠷᠢᠶᠠᠲᠤᠨ ᠳᠠᠭᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠵᠧᠵᠢᠶᠠᠩ ᠮᠤᠵᠢ ᠶᠢᠨ ᠯᠢ ᠱᠦᠢ ᠬᠤᠳᠠ ᠶᠢᠨ ᠵᠢᠩ ᠨᠢᠩ ᠱᠢ ᠦᠨᠳᠦᠰᠦᠲᠡᠨ ᠤ ᠥᠪᠡᠷᠲᠡᠭᠡᠨ ᠵᠠᠰᠠᠬᠤ ᠰᠢᠶᠠᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠳᠤ ᠢᠯᠡᠭᠡᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠨᠡᠩ ᠪᠣᠳᠠᠲᠤ ᠲᠦᠷᠦᠭᠳᠡᠯ ᠲᠠᠢ ᠪᠦᠲᠦᠮᠵᠢᠲᠡᠢ ᠪᠠᠲᠤ ᠴᠣᠭᠴᠠᠯᠠᠵᠤ᠂ ︽ᠤᠮᠠᠷᠠᠲᠤ ᠶᠢᠨ ᠬᠠᠶᠢᠨᠠᠨ ᠤ ᠠᠨᠠᠷ ᠤᠨ ᠤᠯᠠᠭᠠᠨ︾ ᠲᠦᠷᠦᠯ ᠲᠡᠮᠳᠡᠭ ᠢ ᠦᠷᠭᠦᠯᠵᠢᠯᠡᠨ ᠭᠡᠷᠡᠯᠳᠦᠬᠦᠯᠵᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠣᠷᠣᠨ ᠢ ᠪᠦᠬᠦ ᠬᠦᠴᠦᠨ ᠢᠶᠠᠷ ᠢᠶᠠᠨ ᠴᠢᠷᠮᠠᠶᠢᠨ ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠶᠡᠷᠦᠩᠬᠡᠢ ᠱᠦᠵᠢ ᠰᠢ ᠶᠢᠨ ᠫᠢᠩ ᠤᠨ ᠱᠧᠨᠵᠧᠨ ᠠᠴᠠ ᠵᠦᠩ ᠱᠠᠨ ᠬᠦᠷᠬᠦ ᠭᠤᠣᠯ ᠮᠦᠷᠡᠨ ᠰᠤᠨᠳᠠᠯᠠᠭᠰᠠᠨ ᠵᠠᠮ ᠢ ᠪᠠᠶᠢᠭᠤᠯᠤᠨ ᠠᠰᠢᠭᠯᠠᠯᠲᠠ ᠳᠤ ᠣᠷᠣᠭᠤᠯᠤᠭᠰᠠᠨ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠢᠳᠡᠪᠬᠢᠲᠡᠢ ᠬᠠᠮᠵᠢᠯᠴᠠᠵᠤ᠂ ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ᠤᠨ ᠲᠦᠷᠦᠯ ᠵᠦᠢᠯ ᠤᠨ ᠦᠬᠠᠢ ᠶᠢᠨ ᠡᠮᠦᠨ᠎ᠡ ᠦᠷᠳᠡᠭᠡ ᠶᠢᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠮᠠᠨ ᠤ ᠲᠣᠭᠤᠷᠢᠭ ᠤᠨ ᠶᠡᠷᠦᠩᠬᠡᠶᠢᠯᠡᠭᠰᠡᠨ ᠦᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠯᠤᠰ ᠤᠨ ᠪᠣᠬᠢᠷᠲᠤᠯ ᠦᠭᠡᠢ ᠬᠥᠭᠵᠢᠯᠲᠡ ᠶᠢᠨ ᠶᠠᠷᠢᠶᠠᠨ ᠤ ᠲᠠᠪᠴᠠᠩ ᠳᠤ ᠢᠯᠡᠭᠡᠭᠰᠡᠨ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠦᠵᠡᠰᠬᠦᠯᠡᠩᠲᠦ ᠰᠠᠶᠢᠬᠠᠨ ᠬᠠᠶᠢᠨᠠᠨ ᠲᠣᠭᠤᠷᠢᠭ ᠤᠨ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ ᠠᠬᠢᠭᠤᠯᠵᠤ᠂ ᠪᠦᠬᠦ ᠣᠷᠣᠨ ᠤ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠨᠳᠦᠰᠦᠨ ᠠᠴᠠ ᠨᠢ ᠰᠠᠶᠢᠵᠢᠷᠠᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ︽ᠦᠨᠡᠨ︾ ᠰᠡᠳᠬᠦᠯ ᠳᠤ ᠨᠡᠶᠢᠲᠡᠯᠡᠭᠰᠡᠨ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ︽ᠲᠠᠪᠤᠨ ᠴᠢᠬᠤᠯᠠ ᠶᠡᠭᠡ ᠵᠠᠷᠴᠢᠮ︾ ᠢ ᠪᠠᠲᠤ ᠡᠵᠡᠮᠳᠡᠵᠦ᠂ ᠬᠢᠬᠦ ᠡᠷᠴᠢ ᠵᠣᠷᠢᠭ ᠪᠣᠯᠤᠨ ᠭᠠᠪᠰᠢᠭᠠᠶᠢᠯᠠᠬᠤ ᠰᠤᠷᠲᠠᠯ ᠢᠶᠠᠨ ᠢᠮᠠᠭᠲᠠ ᠪᠠᠷᠢᠮᠲᠠᠯᠠᠵᠤ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠬᠠᠷᠠᠯᠲᠠ ᠡᠭᠦᠷᠭᠡ ᠪᠠᠨ ᠲᠣᠭᠲᠠᠭᠠᠵᠤ᠂ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠦᠨᠡᠨᠬᠦ ᠠᠬᠢᠭᠤᠯᠬᠤ ᠬᠡᠷᠡᠭᠲᠡᠢ᠃      ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ᠂ ᠦᠬᠠᠢ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠬᠤᠳᠠ ᠶᠢᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ 2 ᠳ᠋ᠤᠭᠠᠷ ᠤᠳᠠᠭ᠎ᠠ ᠶᠢᠨ ᠬᠤᠷᠠᠯ ᠤᠨ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂  ᠬᠤᠯᠪᠣᠭᠳᠠᠯ ᠪᠦᠬᠦᠢ ᠬᠢᠨᠠᠨ ᠰᠢᠯᠭᠠᠭᠰᠠᠨ ᠪᠠᠶᠢᠳᠠᠯ ᠢ ᠮᠡᠳᠡᠭᠳᠡᠵᠦ᠂ ᠬᠤᠯᠪᠣᠭᠳᠠᠯ ᠪᠦᠬᠦᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠠᠵᠢᠯ ᠢ ᠰᠠᠶᠢᠲᠤᠷ ᠠᠳᠬᠤᠬᠤ ᠶᠢ ᠣᠳᠣᠬᠠᠨ ᠤ ᠴᠢᠬᠤᠯᠠ ᠤᠯᠤᠰ ᠲᠦᠷᠦ ᠶᠢᠨ ᠡᠭᠦᠷᠭᠡ᠂ ᠬᠤᠷᠢᠭ᠎ᠠ ᠱᠤᠭᠤᠮ ᠤᠨ ᠡᠭᠦᠷᠭᠡ ᠪᠣᠯᠭᠠᠵᠤ᠂ ᠴᠡᠭᠴᠡᠯᠡᠨ ᠰᠠᠶᠢᠵᠢᠷᠠᠭᠤᠯᠬᠤ ᠠᠬᠢᠴᠠ᠂ ᠠᠵᠢᠯ ᠤᠨ ᠴᠢᠨᠠᠷ ᠴᠢᠨᠰᠠᠭ᠎ᠠ ᠦᠷ᠎ᠡ ᠠᠰᠢᠭ ᠢ ᠴᠢᠨᠠᠭᠰᠢᠳᠠ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠤᠷᠳᠤ ᠬᠤᠭᠤᠴᠠᠭ᠎ᠠ ᠪᠠᠷ ᠪᠦᠲᠦᠮᠵᠢᠲᠡᠢ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠡᠳ᠋ ᠤᠨ ᠵᠠᠰᠠᠭ ᠢ ᠵᠣᠯᠭᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠥᠷᠢ ᠶᠢᠨ ᠪᠡᠯᠡ ᠮᠥᠩᠭᠦ ᠶᠢᠨ ᠲᠦᠷᠦᠯ ᠵᠦᠢᠯ ᠤᠨ ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠪᠠᠲᠤᠯᠠᠨ ᠪᠡᠶᠡᠯᠡᠭᠦᠯᠬᠦ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠢᠯ ᠤᠨ ᠬᠤᠭᠤᠴᠠᠭ᠎ᠠ ᠶᠢ ᠵᠦᠶ ᠵᠣᠬᠢᠰᠲᠠᠶ ᠲᠥᠯᠥᠪᠵᠢᠭᠦᠯᠵᠦ᠂ ᠬᠤᠭᠤᠯᠠᠶ ᠭᠤᠤᠷᠰᠤ ᠳᠡᠪᠢᠰᠬᠦ᠂ ᠲᠠᠯᠠᠪᠤᠷ ᠭᠠᠵᠠᠷ ᠢ ᠡᠮᠬᠢᠯᠡᠬᠦ᠂ ᠲᠠᠷᠢᠶᠠᠨ ᠭᠠᠵᠠᠷ ᠤᠨ ᠵᠠᠮ ᠵᠢᠴᠢ ᠲᠠᠷᠢᠶᠠᠨ ᠭᠠᠵᠠᠷ ᠤᠨ ᠬᠠᠯᠬᠠᠪᠴᠢ ᠣᠶ ᠳᠠᠷᠢᠬᠤ ᠵᠡᠷᠭᠡ ᠲᠠᠷᠢᠶᠠᠨ ᠭᠠᠵᠠᠷ ᠤᠨ ᠳᠣᠲᠣᠷᠠᠬᠢ ᠢᠨᠵᠧᠨᠧᠷᠢᠩ ᠢ ᠤᠷᠢᠳᠴᠢᠯᠠᠨ ᠲᠥᠯᠥᠪᠵᠢᠭᠦᠯᠵᠦ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠢᠳᠡᠪᠬᠢᠲᠡᠶ ᠤᠬᠠᠭᠤᠯᠵᠤ᠂ ᠪᠥᠲᠥᠭᠡᠨ ᠪᠠᠶᠢᠭᠤᠯᠤᠯᠲᠠ ᠶᠢᠨ ᠡᠭᠦᠷᠭᠡ ᠪᠠᠨ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠠᠷ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ︵ᠬᠤᠲᠠ᠂ ᠲᠣᠭᠤᠷᠢᠭ︶ ᠤ ᠨᠠᠮ ᠤᠨ ᠬᠤᠷᠢᠶ᠎ᠠ ᠶᠢᠨ ᠱᠦᠵᠢ ᠶᠢᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠠ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠤᠶᠠᠳᠤᠭᠠᠷ ᠡᠭᠡᠯᠵᠢ ᠶᠢᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠵᠢᠴᠢ ᠬᠠᠶᠢᠨᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠪᠠ ᠠᠮᠢ ᠠᠬᠤᠶ ᠶᠢᠨ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ ᠵᠥᠪᠯᠡᠵᠦ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠤᠯᠤᠰ ᠲᠥᠷᠥ ᠶᠢᠨ ᠡᠭᠦᠷᠭᠡᠯᠡᠯ ᠢᠶᠠᠨ ᠴᠢᠩᠭᠠᠳᠬᠠᠵᠤ᠂ ᠤᠯᠤᠰ ᠲᠥᠷᠥ ᠶᠢᠨ ᠬᠠᠷᠢᠭᠤᠴᠠᠯᠭ᠎ᠠ ᠪᠠᠨ ᠭᠦᠢᠴᠡᠳᠭᠡᠵᠦ᠂ ᠳᠠᠷᠤᠯᠲᠠ ᠪᠠ ᠬᠦᠴᠦ ᠨᠡᠮᠡᠵᠦ᠂ ᠬᠠᠲᠠᠭᠤᠵᠢᠯᠲᠠᠶ ᠠᠵᠢᠯᠯᠠᠵᠤ ᠪᠣᠳᠠᠲᠠᠶ ᠠᠵᠢᠯᠯᠠᠵᠤ᠂ ᠬᠠᠷᠠᠯᠲᠠ ᠡᠭᠦᠷᠭᠡ ᠶᠢ ᠲᠣᠭᠲᠠᠭᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠠᠷᠢᠭᠤ ᠲᠤᠰᠬᠠᠭᠰᠠᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠠᠷᠬᠠᠭ ᠬᠡᠮ ᠢ ᠴᠢᠩᠭ᠎ᠠ ᠠᠳᠬᠤᠨ ᠪᠣᠭᠤᠮᠲᠠ ᠰᠢᠪᠲᠤᠯᠬᠤ ᠶᠢ ᠠᠳᠬᠤᠵᠤ᠂ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠪᠥᠬᠦ ᠲᠠᠯ᠎ᠠ ᠪᠠᠷ ᠲᠦᠢᠯᠪᠤᠷᠢᠲᠠᠶ ᠰᠠᠶᠢᠵᠢᠷᠠᠭᠤᠯᠬᠤ ᠶᠢ ᠦᠨᠡᠨ ᠬᠦ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号