ᠪᠠᠶ ᠴᠦᠨ ᠯᠸᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/7/23
      7 ᠰᠠᠷ᠎ᠠ ᠶᠢᠨ 22 ᠤᠨ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ᠪᠠᠶᠠᠨᠲᠣᠬᠤᠶ ᠪᠠᠯᠭᠠᠰᠤᠨ ᠳᠤ ᠬᠦᠷᠴᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ᠃      ᠪᠠᠶᠠᠨᠲᠤᠬᠤᠢ ᠪᠠᠯᠭᠠᠰᠤᠨ ᠤ ᠳ᠋ᠦ᠋ ᠺᠸᠦ ᠲᠣᠰᠬᠤᠨ᠂ ᠳ᠋ᠦᠩ ᠰᠢᠩ ᠲᠣᠰᠬᠤᠨ᠂ ᠸᠠᠨ ᠮᠦ ᠲᠠᠨ ᠲᠣᠰᠬᠤᠨ᠂ ᠭᠠᠭᠴᠠᠮᠣᠳᠣ ᠲᠣᠰᠬᠤᠨ᠂ ᠰᠧ ᠰᠢᠨ ᠲᠣᠰᠬᠤᠨ᠂ ᠶᠠᠩ ᠯᠦ ᠵᠢᠩ ᠲᠣᠰᠬᠤᠨ ᠵᠡᠷᠭᠡ ᠭᠠᠵᠠᠷ ᠲᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠪᠠᠢ ᠴᠦᠨ ᠯᠸᠢ ᠬᠦᠷᠦᠭᠰᠡᠨ ᠭᠠᠵᠠᠷ ᠪᠣᠯᠭᠠᠨ ᠳᠤ ᠴᠥᠮ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠨᠠᠷᠢᠨ ᠪᠠᠶᠢᠴᠠᠭᠠᠨ ᠦᠵᠡᠵᠦ᠂ ᠬᠤᠯᠪᠣᠭᠳᠠᠯ ᠪᠦᠬᠦᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠬᠤᠯᠪᠣᠭᠳᠠᠯ ᠪᠦᠬᠦᠢ ᠬᠥᠮᠦᠰ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠦᠷᠦᠯ ᠵᠦᠢᠯ ᠢ ᠠᠬᠢᠭᠤᠯᠬᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠪᠣᠳᠠᠲᠠᠢ ᠰᠠᠨᠠᠯ ᠳᠤᠷᠠᠳᠴᠠᠢ᠃ ᠲᠡᠷᠡ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠪᠣᠯ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢ ᠠᠬᠢᠭᠤᠯᠬᠤ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠂ ᠥᠷᠭᠡᠨ ᠣᠯᠠᠨ ᠲᠠᠷᠢᠶᠠᠯᠠᠬᠤ ᠣᠷᠣᠨ ᠤ ᠰᠠᠭᠤᠭᠠᠯᠢ ᠠᠷᠠᠳ ᠲᠤ ᠠᠰᠢᠭ ᠬᠦᠷᠲᠡᠭᠡᠬᠦ ᠠᠷᠠᠳ ᠤᠨ ᠠᠮᠢᠳᠤᠷᠠᠯ ᠤᠨ ᠲᠥᠷᠥᠯ ᠵᠦᠢᠯ ᠮᠥᠨ᠃ ᠬᠠᠮᠢᠶ᠎ᠠ ᠪᠥᠬᠦᠶ ᠰᠠᠯᠠᠭ᠎ᠠ ᠮᠥᠴᠢᠷ᠂ ᠨᠢᠭᠡᠴᠡ ᠨᠦᠭᠦᠳ ᠬᠠᠮᠵᠢᠯᠴᠠᠨ ᠬᠠᠮᠲᠤᠷᠠᠯᠴᠠᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠨ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠲᠥᠯᠥᠪᠵᠢᠭᠦᠯᠦᠨ ᠵᠢᠷᠤᠵᠤ ᠲᠥᠯᠥᠪᠯᠡᠬᠦ᠂ ᠰᠢᠨᠵᠢᠯᠡᠬᠦ ᠤᠬᠠᠭᠠᠨᠴᠢ ᠪᠠᠷ ᠪᠠᠷᠢᠯᠭ᠎ᠠ ᠪᠠᠷᠢᠬᠤ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠬᠦᠴᠢᠷ ᠲᠦᠪᠡᠭᠲᠡᠶ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ᠃ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠂ ᠶᠠᠰᠤ ᠴᠢᠨᠠᠷ ᠤᠨ ᠪᠣᠭᠤᠮᠲᠠ᠂ ᠠᠮᠤᠷ ᠲᠦᠪᠰᠢᠨ ᠢᠶᠠᠷ ᠪᠠᠷᠢᠯᠭ᠎ᠠ ᠪᠠᠷᠢᠬᠤ ᠪᠣᠭᠤᠮᠲᠠ ᠶᠢ ᠴᠢᠩᠭ᠎ᠠ ᠠᠳᠬᠤᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号