︽ᠬᠠᠶᠢᠨᠠᠨ ᠲᠣᠭᠤᠷᠢᠭ ᠤᠨ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠬᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/7/24
      ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠬᠠᠶᠢᠨᠠᠨ  ᠲᠣᠭᠤᠷᠢᠭ ᠤᠨ ᠠᠵᠤ ᠦᠢᠯᠡᠰ ᠤᠨ ᠬᠦᠷᠢᠶᠡᠯᠡᠩ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠄      ︽ᠬᠠᠶᠢᠨᠠᠨ ᠲᠣᠭᠤᠷᠢᠭ ᠤᠨ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢ ᠴᠢᠩᠭᠠᠳᠬᠠᠵᠤ ᠬᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠨᠢᠭᠡᠨᠲᠡ ᠲᠣᠭᠤᠷᠢᠭ ᠤᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃                                                2024 ᠣᠨ ᠤ 7 ᠰᠠᠷ᠎ᠠ ᠶᠢᠨ 9 ᠤ ᠡᠳᠦᠷ      ᠬᠠᠶᠢᠨᠠᠨ ᠲᠤᠭᠤᠷᠢᠭ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠭᠡᠷ ᠪᠠᠶᠢᠰᠢᠩ ᠤᠨ ᠪᠠᠷᠢᠯᠭ᠎ᠠ ᠪᠣᠯᠤᠨ ᠬᠤᠲᠠ ᠶᠢᠨ ᠶᠠᠪᠤᠳᠠᠯ ᠤᠨ ᠰᠠᠭᠤᠷᠢ ᠶᠢ ᠴᠢᠩᠭᠠᠳᠬᠠᠪᠠ      ᠪᠡᠯᠡᠳᠬᠡᠮᠵᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶      ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠦᠢᠯᠡ ᠠᠵᠢᠯᠯᠠᠭ᠎ᠠ ᠶᠢ ᠵᠢᠷᠤᠮᠵᠢᠭᠤᠯᠤᠨ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠬᠦ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠷᠢᠯᠭ᠎ᠠ ᠶᠢᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︾ ︵ᠥᠪᠥᠷ ᠪᠦᠲᠦᠭᠡᠨ ᠪᠠᠶᠢᠭᠤᠯᠤᠯᠲᠠ ᠬᠤᠲᠠ ﹇2020﹈ 75 ᠳ᠋ᠤᠭᠠᠷ ᠲᠣᠭᠠᠲᠤ︶ ︽ᠦᠬᠠᠶ ᠬᠤᠲᠠ ᠶᠢᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︵ᠦᠬᠠᠶ ᠵᠠᠰᠠᠭ ᠠᠯᠪᠠᠨ ᠲᠠᠷᠬᠠᠭᠠᠭᠰᠠᠨ ︹2020︺ 12 ᠳ᠋ᠤᠭᠠᠷ ᠲᠣᠭᠠᠲᠤ︶ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ ᠦᠨᠳᠦᠰᠦᠯᠡᠨ᠂ ᠮᠠᠨ ᠤ ᠲᠣᠭᠤᠷᠢᠭ` ᠤᠨ ᠪᠣᠳᠠᠲᠠᠶ ᠲᠠᠢ ᠪᠠᠨ ᠤᠶᠠᠯᠳᠤᠭᠤᠯᠵᠤ᠂ ᠳᠣᠤᠷᠠᠬᠢ ᠮᠡᠲᠦ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠪᠠ᠃      ᠨᠢᠭᠡ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠥᠭᠡᠷᠡᠴᠢᠯᠡᠯᠲᠡ ᠶᠢᠨ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠶ      ︵ᠨᠢᠭᠡ︶ ᠳᠠᠭᠠᠭᠠᠴᠢᠯᠠᠯᠲᠠ ᠬᠦᠯᠢᠶᠡᠭᠴᠢ ᠶᠢᠨ ᠬᠢᠷᠢ ᠭᠡᠮ ᠤᠨ ᠨᠥᠬᠦᠴᠡᠯ ᠲᠣᠭᠲᠠᠭᠠᠬᠤ ᠶᠢ ᠵᠢᠷᠤᠮᠵᠢᠭᠤᠯᠬᠤ ᠬᠡᠷᠡᠭᠲᠡᠶ᠃ ᠪᠠᠷᠢᠯᠭ᠎ᠠ ᠪᠠᠷᠢᠭᠤᠯᠬᠤ ᠨᠢᠭᠡᠴᠡ ᠨᠢ ᠨᠠᠶᠢᠳᠠᠯᠭ᠎ᠠ ᠶᠢ ᠬᠦᠯᠢᠶᠡᠭᠰᠡᠨ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠪᠠᠶᠢᠭᠤᠯᠤᠮᠵᠢ ᠯᠤᠭ᠎ᠠ ᠪᠢᠴᠢᠭᠯᠡᠭᠰᠡᠨ ᠨᠠᠶᠢᠳᠠᠯᠭ᠎ᠠ ᠶᠢᠨ ᠭᠡᠷ᠎ᠡ ᠲᠣᠭᠲᠠᠵᠤ᠂ ᠭᠡᠷ᠎ᠡ ᠳᠤ ᠪᠣᠯᠵᠣᠵᠤ ᠲᠣᠭᠲᠠᠭᠰᠠᠨ ᠰᠦᠢᠳᠬᠡᠯ ᠬᠤᠷᠢᠶᠠᠬᠤ ᠪᠠ ᠥᠭᠬᠦ ᠪᠠᠷᠢᠮᠵᠢᠶ᠎ᠠ ᠨᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃ ᠪᠦᠲᠦᠭᠡᠨ ᠪᠠᠶᠢᠭᠤᠯᠬᠤ ᠨᠢᠭᠡᠴᠡ ᠨᠦᠭᠦᠳ ᠳᠠᠭᠠᠭᠠᠴᠢᠯᠠᠯᠲᠠ ᠵᠠᠷᠯᠠᠬᠤ ᠲᠥᠷᠥᠯ ᠵᠦᠢᠯ ᠤᠨ ᠪᠣᠳᠠᠲᠠᠶ ᠣᠨᠴᠠᠯᠢᠭ ᠪᠣᠯᠤᠨ ᠪᠣᠳᠠᠲᠠᠶ ᠬᠡᠷᠡᠭᠴᠡᠭᠡ ᠶᠢ ᠬᠠᠩᠭᠠᠬᠤ ᠬᠡᠮᠵᠢᠶ᠎ᠡ ᠶᠣᠰᠣᠭᠠᠷ ᠪᠣᠯᠭᠤᠮᠵᠢᠲᠠᠶ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠳᠠᠬᠢ ᠬᠢᠷᠢ ᠬᠡᠮ᠂ ᠠᠵᠢᠯ ᠤᠨ ᠠᠮᠵᠢᠯᠲᠠ ᠪᠦᠲᠦᠮᠵᠢ ᠵᠡᠷᠭᠡ ᠳᠠᠭᠠᠭᠠᠴᠢᠯᠠᠯᠲᠠ ᠬᠦᠯᠢᠶᠡᠭᠴᠢ ᠶᠢᠨ ᠬᠢᠷᠢ ᠭᠡᠮ ᠤᠨ ᠨᠥᠬᠦᠴᠡᠯ ᠤᠨ ᠱᠠᠭᠠᠷᠳᠠᠯᠭ᠎ᠠ᠂ ᠳᠠᠭᠠᠭᠠᠴᠢᠯᠠᠯᠲᠠ ᠦᠨᠡᠯᠡᠬᠦ ᠪᠠᠷᠢᠮᠵᠢᠶ᠎ᠠ ᠪᠣᠯᠤᠨ ᠳᠠᠭᠠᠭᠠᠴᠢᠯᠠᠯᠲᠠ ᠲᠣᠭᠲᠠᠭᠠᠬᠤ ᠵᠠᠷᠴᠢᠮ ᠢ ᠲᠣᠬᠢᠷᠠᠭᠤᠯᠬᠤ ᠬᠡᠷᠡᠭᠲᠡᠶ᠃ ᠳᠠᠭᠠᠭᠠᠴᠢᠯᠠᠯᠲᠠ ᠬᠦᠯᠢᠶᠡᠭᠴᠢ ᠶᠢᠨ ᠳᠠᠭᠠᠭᠠᠴᠢᠯᠠᠯᠲᠠ ᠬᠦᠯᠢᠶᠡᠬᠦ ᠶᠢ ᠵᠦᠢ ᠵᠣᠬᠢᠰ ᠦᠭᠡᠢ ᠨᠥᠬᠦᠴᠡᠯ ᠢᠶᠠᠷ ᠬᠢᠵᠠᠭᠠᠷᠯᠠᠬᠤ ᠪᠤᠶᠤ ᠭᠠᠳᠠᠭᠤᠷᠴᠢᠯᠠᠬᠤ ᠶᠢ ᠴᠠᠭᠠᠵᠠᠯᠠᠨ᠎ᠠ᠃      ︵ᠬᠤᠶᠠᠷ︶᠂ ᠡᠯᠧᠺᠲᠷᠣᠨᠴᠢᠯᠠᠭᠰᠠᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠶᠢ ᠬᠡᠷᠡᠭᠵᠢᠭᠦᠯᠦᠨ᠎ᠡ᠃ ᠳᠠᠭᠠᠭᠠᠴᠢᠯᠠᠯᠲᠠ ᠵᠠᠷᠯᠠᠬᠤ ᠠᠯᠪᠠᠨ ᠵᠠᠷ᠂ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ᠂ ᠬᠤᠯᠪᠣᠭᠳᠠᠯ ᠪᠦᠬᠦᠢ ᠵᠢᠷᠤᠭ ᠪᠣᠯᠤᠨ ᠬᠠᠮᠤᠭ ᠥᠨᠳᠥᠷ ᠬᠢᠵᠠᠭᠠᠷ ᠦᠨ᠎ᠡ ᠶᠢᠨ ᠲᠥᠰᠦᠪ ︵ᠲᠦᠢᠮᠣ ᠲᠥᠰᠦᠪ︶ ᠤᠨ ᠨᠣᠮ ᠢ ᠵᠡᠷᠭᠡ ᠳᠤᠨᠢ ᠰᠦᠯᠵᠢᠶᠡᠨ ᠳᠡᠭᠡᠷ᠎ᠡ ᠨᠡᠶᠢᠲᠡᠯᠡᠬᠦ ᠬᠡᠷᠡᠭᠲᠡᠶ ︵ᠴᠠᠭᠠᠰᠤᠨ ᠪᠢᠴᠢᠭ ᠮᠠᠲ᠋ᠧᠷᠢᠶᠠᠯ ᠬᠤᠳᠠᠯᠳᠤᠬᠤ ᠦᠭᠡᠶ᠃︶ ︽ᠵᠠ︾ ᠭᠡᠳ ᠳᠠᠭᠠᠭᠠᠴᠢᠯᠠᠯᠲᠠ ᠬᠦᠯᠢᠶᠡᠭᠴᠢ ᠨᠢ ᠴᠥᠮ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠪᠠᠭᠤᠯᠭᠠᠬᠤ ᠵᠢᠴᠢ ᠬᠤᠯᠪᠣᠭᠳᠠᠯ ᠪᠦᠬᠦᠢ ᠮᠠᠲ᠋ᠧᠷᠢᠶᠠᠯ ᠢ ᠪᠠᠶᠢᠴᠠᠭᠠᠨ ᠦᠵᠡᠵᠦ ᠪᠣᠯᠬᠤ ᠪᠥᠭᠡᠳ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠲᠣᠭᠲᠠᠭᠠᠭᠰᠠᠨ ᠴᠠᠭ ᠬᠤᠭᠤᠴᠠᠭ᠎ᠠ ᠪᠣᠯᠤᠨ ᠭᠠᠵᠠᠷ ᠢᠶᠠᠷ ᠳᠠᠮᠵᠢᠭᠤᠯᠤᠨ ᠲᠤᠰᠢᠶᠠᠵᠤ ᠪᠣᠯᠤᠨ᠎ᠠ᠃ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠠᠵᠢᠯᠯᠠᠭᠠᠨ ᠤ ᠦᠢᠯᠡᠴᠢᠯᠡᠭᠡᠨ ᠤ ᠪᠠᠶᠢᠭᠤᠯᠤᠮᠵᠢ ᠲᠠᠢ ᠬᠠᠮᠲᠤᠷᠠᠨ ᠰᠦᠯᠵᠢᠶ᠎ᠡ ᠪᠠᠷ ᠠᠯᠤᠰ ᠠᠴᠠ ᠣᠨᠳᠣᠣ ᠭᠠᠵᠠᠷ ᠲᠤ ᠳᠠᠭᠠᠭᠠᠴᠢᠯᠠᠯᠲᠠ ᠦᠨᠡᠯᠡᠬᠦ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠵᠢᠯ ᠲᠥᠷᠥᠯ ᠤᠨ ᠬᠢᠨᠠᠯᠲᠠ ᠲᠠᠯᠪᠢᠯᠲᠠ ᠪᠠ ᠲᠠᠯᠠᠪᠠᠢ ᠶᠢᠨ ᠳᠣᠲᠣᠷᠠᠬᠢ ᠬᠠᠮᠢᠶᠠᠷᠤᠯᠲᠠ ᠶᠢ ᠬᠠᠷᠢᠯᠴᠠᠨ ᠤᠶᠠᠯᠳᠤᠭᠤᠯᠤᠭᠰᠠᠨ ᠬᠠᠮᠵᠢᠯᠴᠠᠨ ᠬᠢᠨᠠᠨ ᠬᠠᠮᠢᠶᠠᠷᠬᠤ ᠵᠠᠭᠪᠤᠷ ᠢ ᠬᠡᠷᠡᠭᠵᠢᠭᠦᠯᠬᠦ ᠬᠡᠷᠡᠭᠲᠡᠢ᠃      ︵ᠭᠤᠷᠪᠠ︶ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ︽ᠦᠨᠡᠯᠡᠨ ᠲᠣᠭᠲᠠᠭᠠᠬᠤ ᠶᠢ ᠰᠠᠯᠭᠠᠬᠤ︾᠂ ᠬᠠᠤᠯᠢ ᠶᠣᠰᠣᠭᠠᠷ ᠳᠠᠭᠠᠭᠠᠴᠢᠯᠠᠯᠲᠠ ᠵᠠᠷᠯᠠᠬᠤ ᠴᠢᠬᠤᠯᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠲᠥᠯᠥᠪᠯᠡᠭᠡ ᠶᠢ ᠤᠷᠢᠳᠴᠢᠯᠠᠨ ᠨᠡᠶᠢᠲᠡᠯᠡᠬᠦ ᠵᠡᠷᠭᠡ ᠳᠦᠷᠢᠮ ᠢ ᠬᠡᠷᠡᠭᠵᠢᠭᠦᠯᠬᠦ ᠬᠡᠷᠡᠭᠲᠡᠶ᠃ ᠳᠠᠭᠠᠭᠠᠴᠢᠯᠠᠯᠲᠠ ᠬᠦᠯᠢᠶᠡᠬᠦ ᠪᠠᠲᠤᠯᠠᠭ᠎ᠠ ᠶᠢᠨ ᠮᠥᠩᠭᠦ ᠲᠤᠰᠢᠶᠠᠬᠤ ᠪᠠ ᠡᠭᠡᠭᠦᠯᠦᠨ ᠪᠤᠴᠠᠭᠠᠬᠤ ᠶᠢ ᠵᠢᠷᠤᠮᠵᠢᠭᠤᠯᠤᠨ᠂ ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ᠤᠨ ᠬᠡᠯᠪᠡᠷᠢ ᠶᠢᠨ ᠱᠠᠭᠠᠷᠳᠠᠯᠭ᠎ᠠ ᠶᠢ ᠳᠥᠭᠦᠮᠴᠢᠯᠡᠵᠦ᠂ ᠳᠠᠭᠠᠭᠠᠴᠢᠯᠠᠯᠲᠠ ᠵᠠᠷᠯᠠᠬᠤ ᠡᠵᠡᠮᠳᠡᠬᠦ ᠦᠨ᠎ᠡ ᠶᠢ ᠵᠦᠢ ᠵᠣᠬᠢᠰᠲᠠᠶ ᠲᠣᠭᠲᠠᠭᠠᠵᠤ᠂ ᠳᠠᠭᠠᠭᠠᠴᠢᠯᠠᠯᠲᠠ ᠬᠢᠨᠠᠭᠰᠠᠨ ᠮᠡᠳᠡᠭᠦᠯᠦᠯᠲᠡ ᠶᠢ ᠬᠢᠨᠠᠨ ᠪᠠᠶᠢᠴᠠᠭᠠᠬᠤ ᠪᠠᠨ ᠴᠢᠩᠭᠠᠳᠬᠠᠵᠤ᠂ ᠳᠠᠭᠠᠭᠠᠴᠢᠯᠠᠯᠲᠠ ᠣᠯᠤᠭᠰᠠᠨ ᠵᠢᠱᠢᠭᠳᠡᠭᠰᠡᠳ ᠢ ᠨᠡᠶᠢᠲᠡ ᠳᠤ ᠵᠠᠷᠯᠠᠬᠤ ᠵᠢᠴᠢ ᠣᠨᠳᠣᠤ ᠰᠠᠨᠠᠯ ᠲᠠᠢ ᠵᠦᠢᠯᠡᠰ ᠢ ᠬᠢᠨᠠᠨ ᠬᠠᠷᠭᠤᠭᠤᠯᠬᠤ ᠪᠠ ᠬᠠᠷᠢᠭᠤᠯᠲᠠ ᠥᠭᠬᠦ ᠶᠢ ᠵᠢᠷᠤᠮᠵᠢᠭᠤᠯᠬᠤ ᠬᠡᠷᠡᠭᠲᠡᠶ᠃      ︵ᠲᠦᠷᠪᠡ︶ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠃ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠳ ᠮᠠᠨ ᠤ ᠣᠷᠣᠨ ᠤ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠠᠵᠢᠯ ᠢ ᠵᠢᠯᠣᠭᠤᠳᠬᠤ ᠪᠠ ᠵᠣᠬᠢᠴᠠᠭᠤᠯᠬᠤ ᠬᠡᠷᠡᠭᠲᠡᠶ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠵᠠᠰᠠᠭ ᠤᠨ ᠣᠷᠳᠣᠨ ᠬᠤᠳᠠᠯᠳᠤᠨ ᠠᠪᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠥᠰᠦᠪ ᠢ ᠬᠡᠷᠡᠭᠵᠢᠭᠦᠯᠵᠦ ᠪᠠᠶᠢᠭ᠎ᠠ ᠪᠠᠶᠢᠳᠠᠯ ᠪᠠ ᠵᠠᠰᠠᠭ ᠤᠨ ᠣᠷᠳᠣᠨ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠠᠤᠯᠢ ᠶᠣᠰᠣᠭᠠᠷ ᠬᠢᠨᠠᠯᠲᠠ ᠲᠠᠯᠪᠢᠬᠤ ᠬᠡᠷᠡᠭᠲᠡᠶ᠃ ᠬᠢᠨᠠᠨ ᠪᠠᠶᠢᠴᠠᠭᠠᠬᠤ ᠪᠠᠶᠢᠭᠤᠯᠤᠯᠭ᠎ᠠ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠯᠤᠭ᠎ᠠ ᠬᠤᠯᠪᠣᠭᠳᠠᠬᠤ ᠬᠢᠨᠠᠨ ᠪᠠᠶᠢᠴᠠᠭᠠᠬᠤ ᠡᠲᠡᠭᠡᠳ ᠲᠤ ᠬᠠᠤᠯᠢ ᠶᠣᠰᠣᠭᠠᠷ ᠬᠢᠨᠠᠨ ᠪᠠᠶᠢᠴᠠᠭᠠᠯᠲᠠ ᠬᠢᠬᠦ ᠬᠡᠷᠡᠭᠲᠡᠶ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠳᠤ ᠬᠢᠨᠠᠯᠲᠠ ᠲᠠᠯᠪᠢᠬᠤ ᠶᠢ ᠬᠡᠷᠡᠭᠵᠢᠭᠦᠯᠵᠦ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠳᠠᠬᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠶ᠋ᠳᠪᠦᠷᠢᠯᠡᠵᠦ᠂ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠵᠠᠭᠪᠤᠷ ᠢᠶᠠᠷ ᠳᠠᠮᠵᠢᠭᠤᠯᠤᠨ ᠬᠡᠷᠡᠭ ᠤᠨ ᠡᠮᠦᠨ᠎ᠡ ᠪᠠ ᠬᠡᠷᠡᠭ ᠤᠨ ᠡᠮᠦᠨ᠎ᠡ ᠬᠢᠨᠠᠨ ᠬᠠᠮᠢᠶᠠᠷᠬᠤ ᠶᠢ ᠥᠷᠨᠢᠭᠦᠯᠵᠦ᠂ ᠳᠠᠭᠠᠭᠠᠴᠢᠯᠠᠯᠲᠠ ᠵᠠᠷᠯᠠᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ      ᠬᠤᠶᠠᠷ᠂ ᠪᠠᠷᠢᠯᠭ᠎ᠠ ᠶᠢᠨ ᠵᠢᠷᠤᠭ ᠢ ᠬᠢᠨᠠᠨ ᠪᠠᠶᠢᠴᠠᠭᠠᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ      ︵ᠨᠢᠭᠡ︶ ᠪᠠᠷᠢᠯᠭ᠎ᠠ ᠶᠢᠨ ᠵᠢᠷᠤᠭ ᠢ ᠬᠠᠮᠲᠤᠷᠠᠨ ᠬᠢᠨᠠᠨ ᠪᠠᠶᠢᠴᠠᠭᠠᠬᠤ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠶ᠃ ᠮᠡᠷᠭᠡᠵᠢᠯ ᠤᠨ ᠬᠢᠨᠠᠨ ᠪᠠᠶᠢᠴᠠᠭᠠᠯᠲᠠ ᠬᠢᠭᠡᠳ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠢ ᠰᠠᠯᠭᠠᠬᠤ ᠶᠢ ᠬᠡᠷᠡᠭᠵᠢᠭᠦᠯᠵᠦ᠂ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ᠂ ᠭᠠᠯ ᠤᠨᠲᠠᠷᠠᠭᠠᠬᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠪᠠᠷᠢᠯᠭ᠎ᠠ ᠶᠢᠨ ᠵᠢᠷᠤᠭ ᠤᠨ ᠮᠡᠷᠭᠡᠵᠢᠯ ᠤᠨ ᠬᠢᠨᠠᠨ ᠪᠠᠶᠢᠴᠠᠭᠠᠯᠲᠠ ᠶᠢᠨ ᠣᠯᠠᠨ ᠰᠢᠭᠦᠯᠲᠡ ᠶᠢ ᠨᠢᠭᠡᠳᠬᠡᠨ᠎ᠡ᠃ ᠶᠡᠷᠦᠩᠬᠡᠶᠢᠯᠡᠨ ᠬᠢᠨᠠᠨ ᠪᠠᠶᠢᠴᠠᠭᠠᠬᠤ ᠴᠢᠳᠠᠪᠤᠷᠢ ᠲᠠᠢ ᠪᠠᠷᠢᠯᠭ᠎ᠠ ᠶᠢᠨ ᠵᠢᠷᠤᠭ ᠬᠢᠨᠠᠨ ᠪᠠᠶᠢᠴᠠᠭᠠᠬᠤ ᠪᠠᠶᠢᠭᠤᠯᠤᠮᠵᠢ ᠨᠢ ᠲᠥᠷᠥᠯ ᠵᠦᠢᠯ ᠤᠨ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠳᠤ ︽ᠨᠢᠭᠡ ᠥᠷᠲᠡᠭᠡᠨ ᠤ ᠮᠠᠶ᠋ᠢᠭ︾ ᠤᠨ ᠮᠡᠷᠭᠡᠵᠢᠯ ᠤᠨ ᠬᠢᠨᠠᠨ ᠪᠠᠶᠢᠴᠠᠭᠠᠯᠲᠠ ᠶᠢᠨ ᠦᠢᠯᠡᠴᠢᠯᠡᠭᠡ ᠬᠢᠪᠡ᠃      ︵ᠬᠤᠶᠠᠷ︶ ᠲᠥᠷᠥᠯ ᠬᠤᠪᠢᠶᠠᠨ ᠬᠢᠨᠠᠨ ᠪᠠᠶᠢᠴᠠᠭᠠᠬᠤ ᠶᠢ ᠬᠡᠷᠡᠭᠵᠢᠭᠦᠯᠵᠦ᠂ ᠬᠢᠨᠠᠨ ᠪᠠᠶᠢᠴᠠᠭᠠᠬᠤ ᠶᠠᠰᠤ ᠴᠢᠨᠠᠷ ᠪᠠ ᠬᠢᠨᠠᠨ ᠪᠠᠶᠢᠴᠠᠭᠠᠬᠤ ᠬᠦᠴᠦᠨ ᠴᠢᠳᠠᠪᠤᠷᠢ ᠶᠢ ᠪᠠᠲᠤᠯᠠᠨ᠎ᠠ᠃ ᠪᠠᠷᠢᠯᠭ᠎ᠠ ᠪᠠᠷᠢᠭᠤᠯᠬᠤ ᠨᠢᠭᠡᠴᠡ ᠨᠢ ᠪᠠᠷᠢᠯᠭ᠎ᠠ ᠪᠠᠷᠢᠬᠤ ᠵᠢᠷᠤᠭ ᠢ ᠬᠢᠨᠠᠨ ᠪᠠᠶᠢᠴᠠᠭᠠᠬᠤ ᠪᠠᠶᠢᠭᠤᠯᠤᠮᠵᠢ ᠶᠢ ᠡᠵᠡᠨ ᠮᠡᠳᠡᠨ ᠰᠣᠩᠭᠤᠵᠤ᠂ ᠶᠠᠮᠠᠷᠪᠠ ᠬᠡᠯᠪᠡᠷᠢ ᠶᠢᠨ ᠰᠠᠯᠠᠭ᠎ᠠ ᠮᠥᠴᠢᠷ᠂ ᠠᠵᠢᠯ ᠲᠥᠷᠥᠯ ᠪᠣᠯᠤᠨ ᠭᠠᠵᠠᠷ ᠣᠷᠣᠨ ᠤ ᠭᠠᠭᠴᠠᠭᠠᠷ ᠡᠵᠡᠮᠰᠢᠬᠦ ᠶᠢ ᠴᠠᠭᠠᠵᠠᠯᠠᠬᠤ ᠬᠡᠷᠡᠭᠲᠡᠶ᠃ ᠭᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ᠂ ᠠᠮᠤᠷ ᠲᠦᠪᠰᠢᠨ ᠤ ᠲᠦᠭᠰᠢᠭᠦᠷᠢ᠂ ᠪᠣᠳᠠᠲᠠᠶ ᠬᠡᠷᠡᠭᠴᠡᠭᠡ ᠵᠡᠷᠭᠡ ᠣᠯᠠᠨ ᠲᠠᠯ᠎ᠠ ᠶᠢᠨ ᠬᠦᠴᠦᠨ ᠵᠦᠢᠯ ᠢ ᠦᠨᠳᠦᠰᠦᠯᠡᠨ᠂ ᠪᠠᠷᠢᠯᠭ᠎ᠠ ᠶᠢ ᠣᠨᠴᠣᠭᠤᠶ ᠪᠠᠷᠢᠯᠭ᠎ᠠ᠂ ᠡᠩ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠪᠠ ᠳᠥᠭᠦᠮ ᠪᠥᠭᠡᠳ ᠲᠦᠭᠰᠢᠭᠦᠷᠢ ᠪᠠᠭᠠᠲᠠᠶ ᠢᠨᠵᠧᠨᠧᠷᠢᠩ ᠭᠡᠵᠦ ᠭᠤᠷᠪᠠᠨ ᠲᠥᠷᠥᠯ ᠬᠤᠪᠢᠶᠠᠨ᠎ᠠ᠃ ᠪᠠᠷᠢᠯᠭ᠎ᠠ ᠪᠠᠷᠢᠬᠤ ᠵᠢᠷᠤᠭ ᠢ ᠬᠢᠨᠠᠨ ᠪᠠᠶᠢᠴᠠᠭᠠᠬᠤ ᠪᠠᠶᠢᠭᠤᠯᠤᠮᠵᠢ ᠬᠠᠮᠲᠤᠷᠠᠨ ᠬᠢᠨᠠᠨ ᠪᠠᠶᠢᠴᠠᠭᠠᠬᠤ ᠮᠡᠷᠭᠡᠵᠢᠯ ᠤᠨ ᠭᠤᠣᠯᠳᠠᠯᠭ᠎ᠠ ᠵᠢᠴᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠪᠠᠷᠢᠮᠵᠢᠶ᠎ᠠ ᠶᠢᠨ ᠵᠢᠷᠤᠮᠵᠢᠯ ᠳᠤ ᠲᠣᠭᠲᠠᠭᠠᠭᠰᠠᠨ ᠬᠢᠨᠠᠨ ᠪᠠᠶᠢᠴᠠᠭᠠᠬᠤ ᠪᠠᠷᠢᠮᠵᠢᠶ᠎ᠠ ᠪᠣᠯᠤᠨ ᠬᠢᠨᠠᠨ ᠪᠠᠶᠢᠴᠠᠭᠠᠬᠤ ᠠᠭᠤᠯᠭ᠎ᠠ ᠶᠢᠨ ᠶᠣᠰᠣᠭᠠᠷ ᠬᠢᠨᠠᠨ ᠪᠠᠶᠢᠴᠠᠭᠠᠵᠤ᠂ ᠪᠠᠷᠢᠯᠭ᠎ᠠ ᠪᠠᠷᠢᠬᠤ ᠵᠢᠷᠤᠭ ᠤᠨ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠤᠨ ᠪᠦᠷᠢᠨ ᠪᠦᠲᠦᠨ ᠴᠢᠨᠠᠷ ᠢ ᠴᠠᠭ ᠲᠤᠬᠠᠶ ᠳᠤᠨᠢ ᠪᠠᠶᠢᠴᠠᠭᠠᠬᠤ ᠬᠡᠷᠡᠭᠲᠡᠶ᠃      ᠭᠤᠷᠪᠠ᠂ ᠬᠢᠨᠠᠨ ᠵᠥᠪᠰᠢᠶᠡᠷᠡᠬᠦ ᠵᠦᠢᠯᠡᠰ ᠢ ᠨᠡᠶᠢᠯᠡᠭᠦᠯᠵᠦ᠂ ᠬᠢᠨᠠᠨ ᠵᠥᠪᠰᠢᠶᠡᠷᠡᠬᠦ ᠴᠤᠪᠤᠷᠠᠯ ᠢ ᠰᠢᠯᠢᠳᠡᠭᠵᠢᠭᠦᠯᠬᠦ ᠬᠡᠷᠡᠭᠲᠡᠢ      ︵ᠨᠢᠭᠡ︶ ᠪᠠᠷᠢᠯᠭ᠎ᠠ ᠪᠠᠷᠢᠬᠤ ᠵᠥᠪᠰᠢᠶᠡᠷᠡᠯ ᠤᠨ ᠭᠠᠷᠳᠠᠮ ᠢ ᠨᠡᠶᠢᠯᠡᠭᠦᠯᠬᠦ ᠬᠡᠷᠡᠭᠲᠡᠶ᠃ ᠮᠠᠨ ᠤ ᠣᠷᠣᠨ ᠤ ᠵᠠᠰᠠᠭ ᠵᠠᠬᠢᠷᠭᠠᠨ ᠤ ᠣᠷᠣᠨ ᠤ ᠬᠡᠪᠴᠢᠶᠡᠨ ᠳᠣᠲᠣᠷ᠎ᠠ᠂ ᠪᠠᠷᠢᠯᠭ᠎ᠠ ᠪᠠᠷᠢᠬᠤ ᠵᠥᠪᠰᠢᠶᠡᠷᠡᠯ ᠢ ᠭᠦᠢᠴᠡᠳᠬᠡᠬᠦ ᠳᠤ ︽ᠬᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠠᠷᠢᠯᠭ᠎ᠠ ᠶᠢᠨ ᠪᠠᠷᠢᠯᠭ᠎ᠠ ᠪᠠᠷᠢᠬᠤ ᠵᠥᠪᠰᠢᠶᠡᠷᠡᠯ ᠤᠨ ᠬᠢᠵᠠᠭᠠᠷ ᠲᠤᠭ᠎ᠠ ᠶᠢ ᠳᠣᠭᠢᠷᠠᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ︾ ︵ᠥᠪᠥᠷ ᠪᠠᠶᠢᠭᠤᠯᠤᠯᠲᠠ︹2021︺ 186 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ ᠬᠡᠷᠡᠭᠵᠢᠭᠦᠯᠦᠨ᠎ᠡ᠃ ︽ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠭᠠᠷᠳᠠᠮ︾᠂ ︽ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠮᠤᠷ ᠲᠦᠪᠰᠢᠨ ᠳᠤ ᠬᠢᠨᠠᠯᠲᠠ ᠲᠠᠯᠪᠢᠬᠤ ᠭᠠᠷᠳᠠᠮ︾᠂ ︽ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠭᠠᠷᠳᠠᠮ ︵ᠠᠭᠠᠷ ᠤᠨ ᠰᠡᠷᠭᠡᠶᠢᠯᠡᠯᠲᠡ ᠶᠢᠨ ᠭᠠᠵᠠᠷ ᠳᠣᠤᠷᠠᠬᠢ ᠲᠠᠰᠤᠭ︶︾ ᠪᠠ ︽ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ︾ ᠶᠢ ᠨᠡᠶᠢᠯᠡᠭᠦᠯᠦᠭᠡᠳ ᠪᠠᠷᠢᠯᠭ᠎ᠠ ᠶᠢᠨ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠢ ᠬᠢᠨᠠᠨ ᠣᠯᠭᠤᠬᠤ ︵ᠬᠤᠪᠢᠷᠠᠭᠤᠯᠬᠤ︶ ᠪᠣᠯᠭᠠᠨ᠎ᠠ︶᠃      ︵ᠬᠤᠶᠠᠷ︶᠂ ᠪᠠᠷᠢᠯᠭ᠎ᠠ ᠳᠠᠭᠤᠰᠤᠭᠰᠠᠨ ᠴᠤ ᠬᠠᠮᠲᠤᠷᠠᠨ ᠰᠢᠯᠭᠠᠨ ᠬᠤᠷᠢᠶᠠᠨ᠎ᠠ᠃ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠪᠠᠷᠢᠯᠭ᠎ᠠ ᠳᠠᠭᠤᠰᠤᠭᠰᠠᠨ ᠢ ᠬᠠᠮᠲᠤᠷᠠᠨ ᠰᠢᠯᠭᠠᠨ ᠠᠪᠬᠤ ᠶᠢ ᠬᠡᠷᠡᠭᠵᠢᠭᠦᠯᠵᠦ᠂ ᠨᠢᠭᠡ ᠨᠢᠭᠡ ᠪᠠᠷ ᠭᠥᠯᠢᠶᠡᠨ ᠠᠪᠴᠤ ᠰᠢᠢᠳᠪᠦᠷᠢᠯᠡᠬᠦ᠂ ᠬᠤᠷᠠᠮᠠᠯ ᠦᠶ᠋ᠯᠡᠴᠢᠯᠡᠭᠡ ᠶᠢ ᠭᠦᠢᠴᠡᠳᠭᠡᠬᠦ ᠴᠤᠪᠤᠷᠠᠯ ᠶᠣᠰᠣᠭᠠᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠠᠴᠠ ᠬᠠᠷᠢᠭᠤᠴᠠᠵᠤ ᠪᠠᠶᠢᠭᠠᠳ ᠬᠢᠨᠠᠨ ᠬᠠᠮᠢᠶᠠᠷᠴᠤ ᠪᠠᠶᠢᠭ᠎ᠠ ᠪᠠᠷᠢᠯᠭ᠎ᠠ ᠶᠢᠨ ᠪᠠᠷᠢᠯᠭ᠎ᠠ ᠳᠠᠭᠤᠰᠤᠭᠰᠠᠨ ᠢ ᠬᠠᠮᠲᠤᠷᠠᠨ ᠰᠢᠯᠭᠠᠨ ᠠᠪᠬᠤ ᠠᠵᠢᠯ ᠢ ᠵᠣᠬᠢᠶᠠᠨ ᠪᠠᠶᠢᠭᠤᠯᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠬᠤᠭᠤᠴᠠᠭ᠎ᠠ ᠬᠢᠵᠠᠭᠠᠷᠯᠠᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠬᠢᠨᠠᠯᠲᠠ ᠲᠠᠯᠪᠢᠬᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠶᠠᠰᠤ ᠴᠢᠨᠠᠷ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠬᠢᠨᠠᠯᠲᠠ ᠲᠠᠯᠪᠢᠬᠤ᠂ ᠲᠥᠯᠥᠪᠵᠢᠭᠦᠯᠭᠡ ᠶᠢᠨ ᠨᠥᠬᠦᠴᠡᠯ ᠢ ᠬᠢᠨᠠᠨ ᠬᠠᠷᠭᠤᠭᠤᠯᠵᠤ ᠰᠢᠯᠭᠠᠨ ᠠᠪᠬᠤ᠂ ᠭᠠᠯ ᠤᠨᠲᠠᠷᠠᠭᠠᠬᠤ ᠶᠢ ᠰᠢᠯᠭᠠᠨ ᠠᠪᠬᠤ ᠪᠤᠶᠤ ᠳᠠᠩᠰᠠᠯᠠᠬᠤ᠂ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠠᠩᠰᠠ ᠡᠪᠬᠡᠮᠡᠯ ᠢ ᠰᠢᠯᠭᠠᠨ ᠠᠪᠬᠤ᠂ ᠤᠯᠤᠰ ᠤᠨ ᠠᠮᠤᠷ ᠲᠦᠪᠰᠢᠨ ᠤ ᠵᠦᠢᠯᠡᠰ ᠲᠤ ᠬᠤᠯᠪᠣᠭᠳᠠᠬᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠪᠠ ᠬᠢᠨᠠᠨ ᠪᠠᠶᠢᠴᠠᠭᠠᠬᠤ᠂ ᠴᠢᠮᠡᠭᠡ ᠬᠤᠯᠪᠣᠭᠠᠨ ᠤ ᠪᠡᠯᠡᠳᠬᠡᠮᠵᠢ ︵ᠤᠲᠠᠰᠤᠲᠤ ᠲᠧᠯᠸᠢᠰ ᠪᠠᠭᠲᠠᠨ᠎ᠠ︶ ᠢ ᠰᠢᠯᠭᠠᠨ ᠠᠪᠬᠤ ᠳᠤ ᠵᠠᠯᠭᠠᠨ ᠣᠷᠣᠭᠤᠯᠬᠤ᠂ ᠤᠰᠤ ᠵᠠᠯᠠᠬᠤ᠂ ᠤᠰᠤ ᠬᠠᠩᠭᠠᠬᠤ᠂ ᠴᠠᠬᠢᠯᠭᠠᠨ ᠬᠠᠩᠭᠠᠬᠤ᠂ ᠬᠡᠶ ᠬᠠᠩᠭᠠᠬᠤ᠂ ᠢᠯᠴᠢ ᠬᠠᠩᠭᠠᠬᠤ ᠶᠢ ᠵᠠᠯᠭᠠᠵᠤ ᠣᠷᠣᠭᠤᠯᠬᠤ ᠶᠢ ᠪᠠᠭᠲᠠᠭᠠᠭᠰᠠᠨ ᠡᠯ᠎ᠡ ᠲᠤᠰᠬᠠᠶ ᠰᠢᠯᠭᠠᠨ ᠠᠪᠬᠤ ︵ᠳᠠᠩᠰᠠᠯᠠᠬᠤ︶ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠰᠠᠨᠠᠯ ᠢ ᠦᠨᠳᠦᠰᠦᠯᠡᠨ ᠪᠠᠷᠢᠯᠭ᠎ᠠ ᠳᠠᠭᠤᠰᠤᠭᠰᠠᠨ ᠢ ᠬᠠᠮᠲᠤᠷᠠᠨ ᠰᠢᠯᠭᠠᠨ ᠠᠪᠬᠤ ᠰᠠᠨᠠᠯ ᠤᠨ ᠪᠢᠴᠢᠭ ᠭᠠᠷᠭᠠᠵᠤ ᠥᠭᠭᠦᠨ᠎ᠡ᠃ ᠡᠯ᠎ᠡ ᠵᠦᠢᠯ ᠤᠨ ᠰᠢᠯᠭᠠᠨ ᠠᠪᠬᠤ ︵ᠳᠠᠩᠰᠠᠯᠠᠭᠤᠯᠬᠤ︶ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠰᠢᠯᠭᠠᠭᠤᠯᠤᠭᠰᠠᠨ ᠪᠤᠶᠤ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ ᠦᠭᠡᠶ ᠪᠠᠷᠢᠯᠭ᠎ᠠ ᠶᠢ ᠪᠠᠷᠢᠯᠭ᠎ᠠ ᠪᠠᠷᠢᠬᠤ ᠨᠢᠭᠡᠴᠡ ᠪᠠᠷᠢᠯᠭ᠎ᠠ ᠳᠠᠭᠤᠰᠬᠠᠬᠤ ᠪᠠᠷ ᠲᠤᠰᠢᠶᠠᠵᠤ ᠰᠢᠯᠭᠠᠨ ᠠᠪᠤᠭᠤᠯᠬᠤ ᠪᠠ ᠲᠤᠰᠢᠶᠠᠨ ᠬᠡᠷᠡᠭᠯᠡᠭᠦᠯᠵᠦ ᠪᠣᠯᠬᠤ ᠦᠭᠡᠶ᠃ ᠬᠠᠮᠲᠤᠷᠠᠨ ᠰᠢᠯᠭᠠᠨ ᠬᠤᠷᠢᠶᠠᠵᠤ ᠳᠠᠭᠤᠰᠤᠭᠠᠳ ᠲᠤᠰᠢᠶᠠᠨ ᠬᠡᠷᠡᠭᠯᠡᠭᠦᠯᠦᠭᠰᠡᠨ ᠤ ᠳᠠᠷᠠᠭ᠎ᠠ᠂ ᠡᠯ᠎ᠡ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ ︵ᠤᠰᠤ ᠬᠠᠩᠭᠠᠬᠤ᠂ ᠤᠰᠤ ᠵᠠᠯᠠᠬᠤ᠂ ᠰᠢᠲᠠᠮᠠᠬᠠᠢ ᠬᠡᠢ᠂ ᠢᠯᠴᠢ ᠬᠠᠩᠭᠠᠬᠤ᠂ ᠴᠠᠬᠢᠯᠭᠠᠨ ᠬᠠᠩᠭᠠᠬᠤ᠂ ᠴᠢᠮᠡᠭᠡ ᠬᠤᠯᠪᠣᠭ᠎ᠠ ᠵᠡᠷᠭᠡ ᠪᠠᠭᠲᠠᠨ᠎ᠠ︶ ᠡᠵᠡᠩᠨᠡᠯᠲᠡ ᠶᠢᠨ ᠨᠢᠭᠡᠴᠡ ᠨᠢ ᠲᠡᠭᠡᠭᠡᠪᠦᠷᠢᠯᠡᠨ ᠡᠵᠡᠩᠨᠡᠵᠦ ᠬᠠᠮᠢᠶᠠᠷᠬᠤ ᠶᠢ ᠬᠠᠷᠢᠭᠤᠴᠠᠵᠤ᠂ ᠰᠡᠯᠪᠢᠨ ᠵᠠᠰᠠᠬᠤ ᠶᠢ ᠪᠠᠲᠤᠯᠠᠬᠤ ᠬᠤᠭᠤᠴᠠᠭᠠᠨ ᠤ ᠳᠣᠲᠣᠷ᠎ᠠ ᠪᠤᠶ ᠪᠣᠯᠤᠭᠰᠠᠨ ᠵᠠᠷᠤᠳᠠᠯ ᠢ ᠶᠠᠰᠤ ᠴᠢᠨᠠᠷ ᠤᠨ ᠪᠠᠲᠤᠯᠠᠭ᠎ᠠ ᠬᠠᠩᠭᠠᠭᠰᠠᠨ ᠠᠵᠤ ᠠᠬᠤᠶᠢᠯᠠᠯ ᠡᠭᠦᠷᠭᠡᠯᠡᠬᠦ ᠬᠡᠷᠡᠭᠲᠡᠶ᠃      ︵ᠭᠤᠷᠪᠠ︶ ᠨᠢᠭᠡ ᠴᠣᠭᠴᠠᠵᠢᠭᠰᠠᠨ ᠲᠠᠪᠴᠠᠩ ᠤᠨ ᠦᠶ᠋ᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠵᠦᠢᠯᠡᠰ ᠢ ᠤᠯᠠᠮ ᠨᠢᠭᠡ ᠠᠯᠬᠤᠮ ᠴᠣᠮᠬᠠᠳᠬᠠᠵᠤ᠂ ᠬᠢᠨᠠᠨ ᠵᠥᠪᠰᠢᠶᠡᠷᠡᠬᠦ ᠭᠤᠭᠴᠤᠭ᠎ᠠ ᠶᠢ ᠵᠢᠷᠤᠮᠵᠢᠭᠤᠯᠤᠨ᠂ ︽ᠨᠢᠭᠡ ᠢᠵᠢ ᠬᠦᠰᠦᠨᠦᠭ︾ ᠭᠤᠶᠤᠴᠢᠯᠠᠬᠤ ᠦᠢᠯᠡᠴᠢᠯᠡᠭᠡ ᠶᠢ ᠬᠡᠷᠡᠭᠵᠢᠭᠦᠯᠵᠦ᠂ ᠪᠥᠬᠦ ᠵᠦᠢᠯᠡᠰ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠵᠦ᠂ ︽ᠪᠡᠶ᠎ᠡ ᠶᠢᠨ ᠭᠠᠳᠠᠨᠠᠬᠢ ᠡᠷᠭᠢᠯᠲᠡ︾ ᠪᠠ ︽ᠳᠠᠯᠳᠠ ᠬᠢᠨᠠᠨ ᠵᠥᠪᠰᠢᠶᠡᠷᠡᠯ︾ ᠢ ᠠᠷᠢᠯᠭᠠᠨ᠂ ᠨᠢᠭᠡ ᠰᠦᠯᠵᠢᠶ᠎ᠡ ᠪᠠᠷ ᠭᠥᠯᠢᠶᠡᠨ ᠠᠪᠴᠤ ᠰᠢᠢᠳᠪᠦᠷᠢᠯᠡᠵᠦ᠂ ᠬᠠᠮᠵᠢᠯᠴᠠᠨ ᠭᠦᠢᠴᠡᠳᠬᠡᠵᠦ᠂ ᠶᠡᠷᠦᠩᠬᠡᠶᠢᠯᠡᠨ ᠬᠠᠮᠢᠶᠠᠷᠴᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠴᠢᠳᠠᠮᠵᠢ᠂ ᠭᠦᠢᠴᠡᠳᠭᠡᠬᠦ ᠴᠤᠪᠤᠷᠠᠯ ᠤᠨ ᠵᠢᠷᠤᠭ ᠪᠠ ᠠᠵᠢᠯ ᠶᠠᠪᠤᠳᠠᠯ ᠭᠦᠢᠴᠡᠳᠭᠡᠬᠦ ᠵᠦᠭᠯᠡᠭᠦᠷ ᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠴᠠᠭ ᠢ ᠪᠠᠭᠠᠰᠬᠠᠬᠤ᠂ ᠮᠠᠲ᠋ᠧᠷᠢᠶᠠᠯ ᠢ ᠪᠠᠭᠠᠰᠬᠠᠬᠤ᠂ ᠭᠤᠭᠴᠤᠭ᠎ᠠ ᠶᠢ ᠪᠠᠭᠠᠰᠬᠠᠬᠤ᠂ ᠭᠦᠶᠦᠯᠭᠡᠬᠦ ᠶᠢ ᠪᠠᠭᠠᠰᠬᠠᠵᠤ᠂ ᠵᠦᠢᠯᠡᠰ ᠢ ᠰᠦᠯᠵᠢᠶᠡᠨ ᠳᠡᠭᠡᠷ᠎ᠡ ᠭᠦᠢᠴᠡᠳᠭᠡᠬᠦ ᠭᠦᠨᠴᠡ ᠪᠠ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠡᠯᠧᠺᠳ᠋ᠷᠣᠨ ᠦᠨᠡᠮᠯᠡᠯ ᠢ ︽ᠣᠯᠭᠤᠪᠠᠰᠤ ᠵᠣᠬᠢᠬᠤ ᠶᠢ ᠨᠢ ᠪᠦᠬᠦᠨ ᠢ ᠣᠯᠭᠤᠬᠤ︾ ᠪᠠ ︽ᠬᠡᠷᠡᠭᠯᠡᠬᠦ ᠶᠢ ᠨᠢ ᠪᠦᠬᠦᠨ ᠢ ᠬᠡᠷᠡᠭᠯᠡᠬᠦ︾ ᠶᠢ ᠬᠡᠷᠡᠭᠵᠢᠭᠦᠯᠵᠦ᠂ ᠨᠢᠭᠡᠳᠦᠯᠲᠡᠶ ᠡᠯᠧᠺᠳ᠋ᠷᠣᠨ ᠦᠨᠡᠮᠯᠡᠯ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠷᠢᠶᠡᠨ ᠳᠠᠬᠢ ᠬᠡᠷᠡᠭᠯᠡᠯᠲᠡ ᠶᠢ ᠦᠨᠡᠨ ᠬᠦ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠬᠦᠴᠦᠨ ᠨᠡᠮᠡᠷᠢᠯᠡᠨ᠎ᠡ᠃      ᠳᠥᠷᠪᠡ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ      ︵ᠨᠢᠭᠡ︶ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠶᠢ ᠴᠢᠩᠭᠠᠳᠬᠠᠬᠤ ᠬᠡᠷᠡᠭᠲᠡᠶ᠃ ᠪᠠᠷᠢᠯᠭ᠎ᠠ ᠪᠠᠷᠢᠭᠤᠯᠬᠤ ᠨᠢᠭᠡᠴᠡ ᠨᠦᠭᠦᠳ ᠪᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠲᠠ ᠪᠠᠨ ᠴᠢᠩᠭᠠᠳᠬᠠᠵᠤ᠂ ᠪᠠᠷᠢᠯᠭ᠎ᠠ ᠶᠢᠨ ᠬᠢᠨᠠᠨ ᠬᠠᠮᠢᠶᠠᠷᠬᠤ ᠨᠢᠭᠡᠴᠡ᠂ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠨᠢᠭᠡᠴᠡ᠂ ᠪᠠᠷᠢᠯᠭ᠎ᠠ ᠪᠠᠷᠢᠬᠤ ᠨᠢᠭᠡᠴᠡ ᠯᠦᠭᠡ ᠭᠡᠷ᠎ᠡ ᠲᠣᠭᠲᠠᠭᠠᠬᠤ ᠳᠠᠭᠠᠨ ᠶᠠᠰᠤ ᠴᠢᠨᠠᠷ ᠤᠨ ᠱᠠᠭᠠᠷᠳᠠᠯᠭ᠎ᠠ ᠪᠣᠯᠤᠨ ᠭᠡᠷ᠎ᠡ ᠠᠴᠠ ᠵᠥᠷᠢᠴᠡᠭᠰᠡᠨ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠶ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠨᠢ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠪᠠ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠢ ᠦᠨᠳᠦᠰᠦᠯᠡᠨ᠂ ᠪᠠᠷᠢᠯᠭ᠎ᠠ ᠶᠢᠨ ᠪᠣᠳᠠᠲᠤ ᠴᠣᠭᠴᠠ ᠶᠢᠨ ᠶᠠᠰᠤ ᠴᠢᠨᠠᠷ ᠪᠠ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ᠂ ᠬᠠᠶᠢᠨ ᠪᠠᠶᠢᠴᠠᠭᠠᠬᠤ᠂ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠵᠢᠴᠢ ᠶᠠᠰᠤ ᠴᠢᠨᠠᠷ ᠢ ᠪᠠᠶᠢᠴᠠᠭᠠᠨ ᠬᠡᠮᠵᠢᠬᠦ ᠵᠡᠷᠭᠡ ᠨᠢᠭᠡᠴᠢ ᠶᠢᠨ ᠠᠵᠢᠯᠯᠠᠭ᠎ᠠ ᠶᠢᠨ ᠠᠵᠢᠯᠯᠠᠭ᠎ᠠ ᠳᠤ ᠬᠢᠨᠠᠯᠲᠠ ᠲᠠᠯᠪᠢᠬᠤ ᠶᠢ ᠬᠡᠷᠡᠭᠵᠢᠭᠦᠯᠦᠨ᠎ᠡ᠃      ︵ᠬᠤᠶᠠᠷ︶ ᠂ ᠪᠠᠷᠢᠯᠭ᠎ᠠ ᠪᠠᠷᠢᠬᠤ ᠠᠶᠤᠯ ᠦᠭᠡᠶ ᠶᠢᠨ ᠬᠢᠨᠠᠯᠲᠠ ᠲᠠᠯᠪᠢᠯᠲᠠ ᠶᠢ ᠴᠢᠩᠭᠠᠳᠬᠠᠬᠤ ᠬᠡᠷᠡᠭᠲᠡᠶ᠃ ᠪᠠᠷᠢᠯᠭ᠎ᠠ ᠪᠠᠷᠢᠭᠤᠯᠬᠤ ᠨᠢᠭᠡᠴᠡ ︵ᠲᠡᠭᠦᠨ ᠤ ᠨᠠᠶᠢᠳᠠᠭᠰᠠᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠢᠨᠠᠨ ᠬᠠᠮᠢᠶᠠᠷᠬᠤ ᠨᠢᠭᠡᠴᠢ︶︶ ᠲᠥᠷᠥᠯ ᠵᠦᠢᠯ ᠤᠨ ᠪᠠᠷᠢᠯᠭ᠎ᠠ ᠪᠠᠷᠢᠬᠤ ᠳᠤᠮᠳᠠ ᠡᠷᠬᠡᠪᠰᠢ ᠪᠠᠷᠢᠯᠭ᠎ᠠ ᠪᠠᠷᠢᠬᠤ ᠨᠢᠭᠡᠴᠡ ᠶᠢᠨ ᠠᠮᠤᠷ ᠲᠦᠪᠰᠢᠨ ᠳᠤ ᠬᠢᠨᠠᠯᠲᠠ ᠲᠠᠯᠪᠢᠬᠤ ᠠᠵᠢᠯ ᠢ ᠰᠠᠶᠢᠲᠤᠷ ᠬᠢᠵᠦ᠂ ᠠᠰᠠᠭᠤᠳᠠᠯ ᠢ ᠣᠯᠵᠤ ᠮᠡᠳᠡᠪᠡᠯ ᠴᠡᠭᠴᠡᠯᠡᠨ ᠰᠠᠶᠢᠵᠢᠷᠠᠭᠤᠯᠬᠤ ᠰᠠᠨᠠᠯ ᠢᠶᠠᠨ ᠳᠤᠷᠠᠳᠴᠤ᠂ ᠵᠠᠯᠠᠷᠠᠭᠤᠯᠬᠤ ᠦᠭᠡᠢ ᠪᠣᠯ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠲᠤ ᠪᠠᠶᠢᠳᠠᠯ ᠢᠶᠠᠨ ᠲᠤᠰᠬᠠᠵᠤ᠂ ᠪᠠᠶᠢᠴᠠᠭᠠᠨ ᠰᠢᠢᠳᠪᠦᠷᠢᠯᠡᠭᠦᠯᠬᠦ ᠪᠠᠷ ᠱᠠᠭᠠᠷᠳᠠᠵᠤ ᠪᠣᠯᠤᠨ᠎ᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠪᠠᠷᠢᠯᠭ᠎ᠠ ᠪᠠᠷᠢᠬᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠭᠤᠣᠯ ᠴᠣᠭᠴᠠ ᠶᠢᠨ ᠠᠶᠤᠯ ᠦᠭᠡᠢ ᠦᠢᠯᠡᠳᠪᠦᠷᠢᠯᠡᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ᠂ ᠬᠠᠤᠯᠢ ᠴᠠᠭᠠᠵᠠ ᠬᠠᠤᠯᠢ ᠲᠣᠭᠲᠠᠭᠠᠯ᠂ ᠳᠦᠷᠢᠮ ᠪᠠ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠶᠢᠨ ᠵᠢᠷᠤᠮᠵᠢᠯ ᠢ ᠬᠡᠷᠡᠭᠵᠢᠭᠦᠯᠦᠭᠰᠡᠨ ᠪᠠᠶᠢᠳᠠᠯ᠂ ᠪᠠᠷᠢᠯᠭ᠎ᠠ ᠪᠠᠷᠢᠬᠤ ᠠᠶᠤᠯ ᠦᠭᠡᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢ ᠥᠷᠨᠢᠭᠦᠯᠦᠭᠰᠡᠨ ᠪᠠᠶᠢᠳᠠᠯ᠂ ᠠᠶᠤᠯ ᠦᠭᠡᠢ ᠮᠡᠷᠭᠡᠵᠢᠯ ᠤᠨ ᠬᠥᠮᠦᠵᠢᠯ ᠪᠠ ᠪᠣᠯᠪᠠᠰᠤᠷᠠᠭᠤᠯᠤᠯ ᠢ ᠥᠷᠨᠢᠭᠦᠯᠦᠭᠰᠡᠨ ᠪᠠᠶᠢᠳᠠᠯ ᠵᠡᠷᠭᠡ ᠳᠤ ᠬᠢᠨᠠᠯᠲᠠ ᠲᠠᠯᠪᠢᠬᠤ ᠶᠢ ᠬᠡᠷᠡᠭᠵᠢᠭᠦᠯᠦᠨ᠎ᠡ᠃ ᠪᠠᠷᠢᠯᠭ᠎ᠠ ᠳᠠᠭᠤᠰᠤᠭᠰᠠᠨ ᠪᠠᠷᠢᠯᠭ᠎ᠠ ᠶᠢᠨ ᠪᠠᠷᠢᠯᠭ᠎ᠠ ᠪᠠᠷᠢᠬᠤ ᠠᠶᠤᠯ ᠦᠭᠡᠶ ᠶᠢᠨ ᠬᠠᠮᠢᠶᠠᠷᠤᠯᠲᠠ ᠶᠢ ᠰᠢᠯᠭᠠᠨ ᠠᠪᠴᠤ᠂ ᠪᠠᠷᠢᠯᠭ᠎ᠠ ᠪᠠᠷᠢᠬᠤ ᠶᠠᠪᠤᠴᠠ ᠳᠠᠬᠢ ᠠᠳᠡᠯ ᠢ ᠪᠠᠶᠢᠴᠠᠭᠠᠵᠤ ᠰᠢᠶ᠋ᠳᠪᠦᠷᠢᠯᠡᠨ᠂ ᠦᠬᠦᠭᠰᠡᠨ ᠪᠠ ᠬᠦᠨᠳᠦ ᠶᠡᠭᠡ ᠠᠳᠡᠯ ᠢ ᠲᠣᠭᠲᠠᠭᠠᠯ ᠶᠣᠰᠣᠭᠠᠷ ᠬᠥᠳᠡᠯᠮᠦᠷᠢ᠂ ᠳᠣᠲᠣᠭᠠᠳᠤ ᠶᠢ ᠬᠠᠮᠠᠭᠠᠯᠠᠬᠤ᠂ ᠬᠢᠨᠠᠨ ᠪᠠᠶᠢᠴᠠᠭᠠᠬᠤ᠂ ᠠᠵᠢᠯᠴᠢᠨ ᠤ ᠡᠪᠯᠡᠯ ᠵᠡᠷᠭᠡ ᠰᠠᠯᠠᠭ᠎ᠠ ᠮᠥᠴᠢᠷ ᠪᠣᠯᠤᠨ ᠵᠣᠬᠢᠶᠠᠨ ᠪᠠᠶᠢᠭᠤᠯᠤᠨ ᠪᠠᠶᠢᠴᠠᠭᠠᠵᠤ᠂ ᠰᠢᠶ᠋ᠳᠪᠦᠷᠢᠯᠡᠬᠦ ᠬᠡᠷᠡᠭᠲᠡᠶ᠃      ︵ᠭᠤᠷᠪᠠ︶ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠭᠬᠦ ᠶᠢ ᠪᠠᠲᠤᠯᠠᠵᠤ᠂ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠵᠦ ᠪᠠᠶᠢᠭ᠎ᠠ ᠠᠰᠠᠭᠤᠳᠠᠯ ᠢ ᠬᠠᠤᠯᠢ ᠶᠣᠰᠣᠭᠠᠷ ᠦᠨᠳᠦᠰᠦᠨ ᠠᠴᠠ ᠨᠢ ᠵᠠᠰᠠᠬᠤ ᠬᠡᠷᠡᠭᠲᠡᠶ᠃ ᠪᠠᠷᠢᠯᠭ᠎ᠠ ᠪᠠᠷᠢᠭᠤᠯᠬᠤ ᠨᠢᠭᠡᠴᠡ ᠨᠢ ᠪᠠᠷᠢᠯᠭ᠎ᠠ ᠪᠠᠷᠢᠬᠤ ᠳᠤ ᠬᠡᠷᠡᠭᠰᠡᠬᠦ ᠪᠡᠯᠡ ᠮᠥᠩᠭᠦ ᠶᠢᠨ ᠲᠣᠬᠢᠷᠠᠭᠤᠯᠤᠯᠲᠠ ᠶᠢ ᠬᠠᠩᠭᠠᠬᠤ ᠶᠢᠨ ᠬᠠᠮᠲᠤ ᠪᠠᠷᠢᠯᠭ᠎ᠠ ᠪᠠᠷᠢᠬᠤ ᠨᠢᠭᠡᠴᠡ ᠳᠤ ᠪᠠᠷᠢᠯᠭ᠎ᠠ ᠶᠢᠨ ᠵᠣᠭᠤᠰ ᠥᠭᠬᠦ ᠳᠠᠭᠠᠭᠠᠯᠲᠠ ᠬᠠᠩᠭᠠᠵᠤ᠂ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠪᠠᠷᠢᠯᠭ᠎ᠠ ᠶᠢᠨ ᠵᠣᠭᠤᠰ ᠢ ᠴᠠᠭ ᠲᠤᠬᠠᠶ ᠳᠤᠨᠢ ᠰᠠᠯᠭᠠᠨ ᠥᠭᠬᠦ ᠶᠢᠨ ᠬᠠᠮᠲᠤ ᠬᠥᠮᠦᠨ ᠤ ᠬᠦᠴᠦᠨ ᠤ ᠰᠦᠢᠳᠬᠡᠯ ᠢᠶᠠᠨ ᠲᠠᠷᠢᠶᠠᠴᠢᠨ ᠤ ᠬᠦᠴᠦ ᠶᠠᠪᠤᠭᠰᠠᠳ ᠤᠨ ᠴᠠᠯᠢᠩ ᠤᠨ ᠲᠤᠰᠬᠠᠶ ᠳᠠᠩᠰᠠᠨ ᠡᠷᠦᠬᠡ ᠳᠤ ᠴᠠᠭ ᠲᠤᠬᠠᠶ ᠳᠤᠨᠢ ᠭᠦᠢᠴᠡᠳ ᠲᠤᠭ᠎ᠠ ᠪᠠᠷ ᠰᠠᠯᠭᠠᠨ ᠥᠭᠴᠦ᠂ ᠪᠠᠷᠢᠯᠭ᠎ᠠ ᠪᠠᠷᠢᠬᠤ ᠶᠢᠨ ᠶᠡᠷᠦᠩᠬᠡᠶ ᠳᠠᠭᠠᠭᠠᠴᠢᠯᠠᠭᠰᠠᠨ ᠨᠢᠭᠡᠴᠡ ᠶᠢᠨ ᠲᠠᠷᠢᠶᠠᠴᠢᠨ ᠤ ᠬᠦᠴᠦ ᠶᠠᠪᠤᠭᠰᠠᠳ ᠤᠨ ᠴᠠᠯᠢᠩ ᠢ ᠴᠠᠭ ᠬᠤᠭᠤᠴᠠᠭ᠎ᠠ ᠶᠣᠰᠣᠭᠠᠷ ᠭᠦᠢᠴᠡᠳ ᠲᠤᠭ᠎ᠠ ᠪᠠᠷ ᠨᠢ ᠥᠭᠬᠦ ᠬᠡᠷᠡᠭᠲᠡᠶ᠃ ᠪᠠᠷᠢᠯᠭ᠎ᠠ ᠪᠠᠷᠢᠬᠤ ᠶᠢ ᠶᠡᠷᠦᠩᠬᠡᠶᠢᠯᠡᠨ ᠳᠠᠭᠠᠭᠠᠴᠢᠯᠠᠭᠰᠠᠨ ᠨᠢᠭᠡᠴᠡ ᠨᠦᠭᠦᠳ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠤᠨ ᠲᠤᠰᠬᠠᠶ ᠳᠠᠩᠰᠠ ᠭᠠᠷᠭᠠᠵᠤ᠂ ᠲᠤᠰ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠭᠬᠦ ᠳᠤ ᠲᠤᠰᠬᠠᠶ ᠬᠡᠷᠡᠭᠯᠡᠬᠦ ᠬᠡᠷᠡᠭᠲᠡᠶ᠃ ᠬᠥᠮᠦᠨ ᠬᠡᠷᠡᠭᠯᠡᠬᠦ ᠨᠢᠭᠡᠴᠡ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠵᠦ ᠪᠠᠶᠢᠪᠠᠯ ᠬᠠᠤᠯᠢ ᠶᠣᠰᠣᠭᠠᠷ ᠲᠥᠯᠥᠵᠦ ᠳᠠᠭᠤᠰᠬᠠᠬᠤ ᠬᠡᠷᠡᠭᠲᠡᠶ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠲᠠᠷᠢᠶᠠᠴᠢᠨ ᠤ ᠬᠦᠴᠦ ᠶᠠᠪᠤᠭᠰᠠᠳ ᠤᠨ ᠴᠠᠯᠢᠩ ᠢ ᠥᠭᠬᠦ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ᠂ ᠬᠠᠮᠢᠶᠠᠷᠤᠨ ᠵᠢᠯᠣᠭᠤᠳᠬᠤ ᠪᠠ ᠲᠠᠷᠢᠶᠠᠴᠢᠨ ᠤ ᠬᠦᠴᠦ ᠶᠠᠪᠤᠭᠰᠠᠳ ᠤᠨ ᠴᠠᠯᠢᠩ ᠢ ᠥᠭᠴᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠵᠤ᠂ ᠲᠠᠷᠢᠶᠠᠴᠢᠨ ᠤ ᠬᠦᠴᠦ ᠶᠠᠪᠤᠭᠰᠠᠳ ᠤᠨ ᠴᠠᠯᠢᠩ ᠢ ᠥᠷᠢᠲᠦᠵᠦ ᠪᠠᠶᠢᠭ᠎ᠠ ᠬᠤᠯᠪᠣᠭᠳᠠᠯ ᠪᠦᠬᠦᠢ ᠬᠡᠷᠡᠭ ᠢ ᠪᠠᠶᠢᠴᠠᠭᠠᠨ ᠰᠢᠶ᠋ᠳᠪᠦᠷᠢᠯᠡᠬᠦ ᠬᠡᠷᠡᠭᠲᠡᠶ᠃ ᠲᠠᠷᠢᠶᠠᠴᠢᠨ ᠬᠦᠴᠦ ᠶᠠᠪᠤᠭᠰᠠᠳ ᠤᠨ ᠬᠠᠮᠲᠤ ᠪᠠᠷ ᠴᠠᠯᠢᠩ ᠭᠤᠶᠤᠬᠤ ᠬᠡᠷᠡᠭ ᠭᠠᠷᠪᠠᠯ᠂ ᠪᠠᠷᠢᠯᠭ᠎ᠠ ᠪᠠᠷᠢᠭᠤᠯᠬᠤ ᠨᠢᠭᠡᠴᠡ ᠨᠢ ᠪᠠᠷᠢᠯᠭ᠎ᠠ ᠶᠢᠨ ᠶᠡᠷᠦᠩᠬᠡᠶ ᠳᠠᠭᠠᠭᠠᠴᠢᠯᠠᠭᠰᠠᠨ ᠨᠢᠭᠡᠴᠡ ᠲᠠᠢ ᠬᠠᠮᠲᠤᠷᠠᠨ ᠴᠠᠭ ᠲᠤᠬᠠᠶ ᠳᠤᠨᠢ ᠰᠢᠶ᠋ᠳᠪᠦᠷᠢᠯᠡᠬᠦ ᠶᠢᠨ ᠬᠠᠮᠲᠤ ᠲᠥᠷᠥᠯ ᠵᠦᠢᠯ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠪᠣᠯᠤᠨ ᠬᠠᠮᠢᠶ᠎ᠠ ᠪᠦᠬᠦᠢ ᠠᠵᠢᠯ ᠲᠥᠷᠥᠯ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠤᠯᠪᠣᠭᠳᠠᠯ ᠪᠦᠬᠦᠢ ᠪᠠᠶᠢᠳᠠᠯ ᠢ ᠮᠡᠳᠡᠭᠦᠯᠬᠦ ᠬᠡᠷᠡᠭᠲᠡᠶ᠃      ᠲᠠᠪᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠭᠤᠣᠯ ᠴᠣᠭᠴᠠ ᠶᠢᠨ ᠵᠠᠬ᠎ᠠ ᠳᠡᠯᠭᠡᠭᠦᠷ ᠤᠨ ᠦᠢᠯᠡ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠷᠠᠭᠤᠯᠬᠤ ᠬᠡᠷᠡᠭᠲᠡᠢ      ︵ᠨᠢᠭᠡ︶ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠬᠠᠨᠳᠤᠯᠭ᠎ᠠ ᠲᠠᠢ ᠪᠠ ᠴᠢᠭᠯᠡᠭᠦᠯᠬᠦ ᠦᠭᠡᠶ ᠪᠠᠶᠢᠬᠤ ᠶᠢ ᠬᠠᠷᠢᠯᠴᠠᠨ ᠤᠶᠠᠯᠳᠤᠭᠤᠯᠤᠭᠰᠠᠨ ᠲᠠᠰᠢᠷᠠᠮ ᠢᠶᠠᠷ ᠰᠤᠭᠤᠴᠢᠨ ᠪᠠᠶᠢᠴᠠᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠶᠢᠨ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠨᠡᠷ᠎ᠡ ᠶᠢᠨ ᠵᠢᠭᠰᠠᠭᠠᠯᠲᠠ ᠶᠢᠨ ᠮᠡᠳᠡᠭᠡ ᠵᠠᠩᠭᠢ ᠶᠢᠨ ᠦᠨᠡᠨ ᠪᠣᠳᠠᠲᠤ ᠴᠢᠨᠠᠷ᠂ ᠬᠠᠤᠯᠢ ᠶᠣᠰᠣᠴᠢ ᠴᠢᠨᠠᠷ᠂ ᠲᠣᠭᠲᠠᠭᠠᠯ ᠳᠤ ᠨᠡᠶᠢᠴᠡᠬᠦ ᠴᠢᠨᠠᠷ ᠵᠢᠴᠢ ᠨᠠᠶᠢᠳᠠᠨ ᠣᠷᠣᠯᠠᠨ ᠭᠦᠢᠴᠡᠳᠬᠡᠬᠦ ᠵᠥᠪᠳᠡᠯᠴᠡᠬᠡᠷ ᠲᠤ ᠭᠠᠷ ᠤᠨ ᠦᠰᠦᠭ ᠵᠢᠷᠤᠭᠰᠠᠨ ᠪᠠ ᠬᠡᠷᠡᠭᠵᠢᠭᠦᠯᠦᠭᠰᠡᠨ ᠪᠠᠶᠢᠳᠠᠯ᠂ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ᠂ ᠬᠤᠳᠠᠯᠳᠤᠨ ᠠᠪᠬᠤ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠭᠰᠠᠨ ᠬᠢᠷᠢ ᠬᠡᠮᠵᠢᠶ᠎ᠡ᠂ ᠬᠤᠳᠠᠯᠳᠤᠨ ᠠᠪᠬᠤ ᠠᠷᠭ᠎ᠠ ᠮᠠᠶ᠋ᠢᠭ ᠪᠠ ᠬᠤᠳᠠᠯᠳᠤᠨ ᠠᠪᠬᠤ ᠳᠡᠰ ᠳᠠᠷᠠᠭᠠᠯᠠᠯ ᠢ ᠬᠡᠷᠡᠭᠵᠢᠭᠦᠯᠦᠭᠰᠡᠨ ᠪᠠᠶᠢᠳᠠᠯ᠂ ᠯᠠᠪᠯᠠᠨ ᠠᠰᠠᠭᠤᠭᠰᠠᠨ ᠪᠠ ᠰᠡᠵᠢᠭᠯᠡᠨ ᠬᠠᠷᠢᠭᠤᠯᠲᠠ ᠥᠭᠭᠦᠭᠰᠡᠨ ᠪᠠᠶᠢᠳᠠᠯ᠂ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠬᠠᠮᠵᠢᠯᠴᠠᠨ ᠵᠠᠭᠠᠯᠳᠤᠯᠭ᠎ᠠ ᠶᠢ ᠰᠢᠶ᠋ᠳᠪᠦᠷᠢᠯᠡᠭᠰᠡᠨ ᠪᠠᠶᠢᠳᠠᠯ᠂ ᠳᠣᠲᠣᠭᠠᠳᠤ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ ᠤᠨ ᠪᠠᠶᠢᠭᠤᠯᠤᠯᠲᠠ ᠶᠢ ᠬᠡᠷᠡᠭᠵᠢᠭᠦᠯᠦᠭᠰᠡᠨ ᠪᠠᠶᠢᠳᠠᠯ ᠵᠢᠴᠢ ᠵᠠᠰᠠᠭ ᠤᠨ ᠣᠷᠳᠣᠨ ᠤ ᠬᠤᠳᠠᠯᠳᠤᠨ ᠠᠪᠬᠤ ᠪᠤᠰᠤᠳ ᠠᠵᠢᠯ ᠡᠷᠬᠢᠯᠡᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠬᠤ ᠶᠢᠨ ᠬᠠᠮᠲᠤ᠂ ᠨᠡᠶᠢᠭᠡᠮ ᠤᠨ ᠬᠢᠨᠠᠯᠲᠠ᠂ ᠬᠢᠨᠠᠨ ᠪᠣᠳᠣᠵᠤ ᠬᠢᠨᠠᠯᠲᠠ ᠲᠠᠯᠪᠢᠭᠰᠠᠨ ᠪᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠤᠨ ᠦᠨᠡᠯᠡᠯᠲᠡ ᠶᠢᠨ ᠪᠠᠶᠢᠳᠠᠯ ᠲᠠᠢ ᠨᠢᠭᠡᠳᠦᠯᠲᠡᠶ ᠲᠥᠯᠥᠪᠯᠡᠨ ᠤᠶᠠᠯᠳᠤᠭᠤᠯᠬᠤ ᠬᠡᠷᠡᠭᠲᠡᠶ᠃ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠬᠢᠨᠠᠯᠲᠠ ᠲᠠᠯᠪᠢᠨ ᠪᠠᠶᠢᠴᠠᠭᠠᠭᠰᠠᠨ ᠪᠠᠶᠢᠳᠠᠯ᠂ ᠣᠷᠣᠯᠠᠨ ᠭᠦᠢᠴᠡᠳᠬᠡᠬᠦ ᠲᠥᠷᠥᠯ ᠵᠦᠢᠯ ᠤᠨ ᠠᠵᠢᠯ ᠤᠨ ᠠᠮᠵᠢᠯᠲᠠ ᠪᠦᠲᠦᠮᠵᠢ ᠶᠢᠨ ᠮᠡᠳᠡᠭᠡ ᠵᠠᠩᠭᠢ᠂ ᠬᠤᠳᠠᠯᠳᠤᠨ ᠠᠪᠬᠤ ᠶᠠᠪᠤᠴᠠ ᠳᠠᠬᠢ ᠯᠠᠪᠯᠠᠨ ᠠᠰᠠᠭᠤᠬᠤ ᠪᠠ ᠰᠡᠵᠢᠭᠯᠡᠨ ᠬᠠᠷᠢᠭᠤᠯᠲᠠ ᠥᠭᠬᠦ᠂ ᠣᠷᠣᠯᠠᠨ ᠭᠦᠢᠴᠡᠳᠬᠡᠬᠦ ᠲᠥᠷᠥᠯ ᠵᠦᠢᠯ ᠤᠨ ᠵᠠᠭᠠᠯᠳᠣᠵᠦ ᠢᠯᠡᠴᠢᠯᠡᠨ ᠮᠡᠳᠡᠭᠦᠯᠦᠭᠰᠡᠨ ᠪᠠᠶᠢᠳᠠᠯ ᠵᠢᠴᠢ ᠡᠳ᠋ ᠤᠨ ᠵᠠᠰᠠᠭ ᠤᠨ ᠰᠠᠯᠠᠭ᠎ᠠ ᠮᠥᠴᠢᠷ ᠯᠦᠭᠡ ᠬᠠᠮᠵᠢᠯᠴᠠᠨ ᠵᠠᠭᠠᠯᠳᠣᠠᠠᠰᠠᠨ ᠪᠠᠶᠢᠳᠠᠯ ᠢ ᠬᠤᠳᠠᠯᠳᠤᠨ ᠠᠪᠤᠭᠴᠢ ᠳᠤ ᠬᠦᠷᠭᠡᠵᠦ᠂ ᠣᠷᠣᠯᠠᠨ ᠭᠦᠢᠴᠡᠳᠬᠡᠬᠦ ᠪᠠᠶᠢᠭᠤᠯᠤᠮᠵᠢ ᠶᠢ ᠰᠣᠩᠭᠤᠬᠤ ᠴᠢᠬᠤᠯᠠ ᠯᠠᠪᠯᠠᠯᠲᠠ ᠪᠣᠯᠭᠠᠬᠤ ᠬᠡᠷᠡᠭᠲᠡᠶ᠃      ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠲᠣᠭᠲᠠᠭᠰᠠᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠪᠠᠶᠢᠭᠤᠯᠤᠮᠵᠢ ᠳᠤ ᠬᠠᠤᠯᠢ ᠶᠣᠰᠣᠭᠠᠷ ᠬᠢᠨᠠᠯᠲᠠ ᠲᠠᠯᠪᠢᠵᠤ ᠬᠠᠮᠢᠶᠠᠷᠬᠤ ᠶᠢ ᠬᠡᠷᠡᠭᠵᠢᠭᠦᠯᠬᠦ ᠬᠡᠷᠡᠭᠲᠡᠶ᠃      ︵ᠬᠤᠶᠠᠷ︶᠂ ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠪᠠᠷᠢᠯᠭ᠎ᠠ ᠪᠠᠷᠢᠭᠤᠯᠤᠭᠰᠠᠨ ᠨᠢᠭᠡᠴᠡ ᠨᠢ ᠪᠠᠷᠢᠯᠭ᠎ᠠ ᠶᠢᠨ ᠪᠣᠳᠠᠲᠠᠶ ᠣᠷᠣᠭᠤᠯᠤᠯᠲᠠ ᠶᠢ ᠦᠨᠳᠦᠰᠦᠯᠡᠨ ᠳᠠᠭᠠᠭᠠᠴᠢᠯᠠᠯᠲᠠ ᠵᠠᠷᠯᠠᠬᠤ ᠶᠢ ᠡᠵᠡᠮᠳᠡᠬᠦ ᠦᠨ᠎ᠡ ᠶᠢ ᠵᠦᠢ ᠵᠣᠬᠢᠰᠲᠠᠶ ᠲᠣᠭᠲᠠᠭᠠᠵᠤ᠂ ᠳᠠᠭᠠᠭᠠᠴᠢᠯᠠᠯᠲᠠ ᠵᠠᠷᠯᠠᠬᠤ ᠶᠢ ᠡᠵᠡᠮᠳᠡᠬᠦ ᠦᠨ᠎ᠡ ᠶᠢ ᠳᠠᠷᠤᠵᠤ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠪᠠᠷᠢᠬᠤ ᠵᠢᠷᠤᠭ ᠲᠥᠰᠦᠪ᠂ ᠪᠠᠷᠢᠯᠭ᠎ᠠ ᠶᠢ ᠳ᠋ᠦᠩᠨᠡᠨ ᠪᠣᠳᠣᠬᠤ᠂ ᠪᠠᠷᠢᠯᠭ᠎ᠠ ᠳᠠᠭᠤᠰᠤᠭᠰᠠᠨ ᠲᠥᠰᠦᠪ ᠤᠨ ᠭᠦᠢᠴᠡᠳᠬᠡᠯ ᠢ ᠡᠳ᠋ ᠤᠨ ᠵᠠᠰᠠᠭ ᠤᠨ ᠰᠠᠯᠠᠭ᠎ᠠ ᠮᠥᠴᠢᠷ ᠢᠶᠠᠷ ᠬᠢᠨᠠᠨ ᠪᠠᠶᠢᠴᠠᠭᠠᠯᠭᠠᠬᠤ ᠶᠢᠨ ᠬᠠᠮᠲᠤ ᠬᠠᠤᠯᠢ ᠶᠣᠰᠣᠭᠠᠷ ᠬᠢᠨᠠᠨ ᠪᠣᠳᠣᠵᠤ ᠬᠢᠨᠠᠯᠲᠠ ᠲᠠᠯᠪᠢᠬᠤ ᠶᠢ ᠬᠦᠯᠢᠶᠡᠬᠦ ᠬᠡᠷᠡᠭᠲᠡᠶ᠃ ᠪᠠᠷᠢᠯᠭ᠎ᠠ ᠪᠠᠷᠢᠭᠤᠯᠬᠤ ᠨᠢᠭᠡᠴᠡ ᠨᠢ ᠪᠠᠷᠢᠯᠭ᠎ᠠ ᠶᠢᠨ ᠦᠨ᠎ᠡ ᠬᠠᠩᠰᠢ ᠶᠢᠨ ᠦᠷ᠎ᠡ ᠪᠦᠲᠦᠭᠡᠯ ᠤᠨ ᠴᠢᠨᠠᠷᠲᠠᠢ ᠪᠢᠴᠢᠭ ᠮᠠᠲ᠋ᠧᠷᠢᠶᠠᠯ ︵ᠨᠠᠶᠢᠷᠠᠭᠤᠯᠤᠨ ᠵᠣᠬᠢᠶᠠᠭᠰᠠᠨ ᠨᠢᠭᠡᠴᠢ ᠶᠢᠨ ᠠᠯᠪᠠᠨ ᠲᠠᠮᠠᠭ᠎ᠠ ᠪᠠ ᠠᠵᠢᠯ ᠡᠷᠬᠢᠯᠡᠬᠦ ᠬᠢᠷᠢ ᠭᠡᠮ ᠤᠨ ᠲᠤᠰᠬᠠᠢ ᠲᠠᠮᠠᠭ᠎ᠠ ᠳᠠᠷᠤᠬᠤ ᠬᠡᠷᠡᠭᠲᠡᠢ︶ ᠦᠯᠡᠳᠡᠭᠡᠨ ᠬᠠᠳᠠᠭᠠᠯᠠᠬᠤ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠨᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠶᠢ ᠪᠣᠳᠣᠬᠤ ᠠᠵᠢᠯᠯᠠᠭ᠎ᠠ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠬᠢᠨᠠᠨ ᠪᠣᠳᠣᠬᠤ᠂ ᠬᠢᠨᠠᠨ ᠪᠠᠶᠢᠴᠠᠭᠠᠬᠤ᠂ ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠳ᠋ᠦᠩᠨᠡᠨ ᠪᠣᠳᠣᠵᠤ ᠬᠢᠨᠠᠨ ᠲᠣᠭᠲᠠᠭᠠᠬᠤ ᠲᠥᠪ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠳᠤ ᠬᠢᠨᠠᠯᠲᠠ ᠲᠠᠯᠪᠢᠵᠤ ᠬᠠᠮᠢᠶᠠᠷᠬᠤ ᠬᠠᠮᠢᠶ᠎ᠠ ᠪᠦᠬᠦᠢ ᠠᠵᠢᠯ ᠢ ᠰᠠᠶᠢᠲᠤᠷ ᠬᠢᠵᠦ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠶᠢᠨ ᠯᠠᠪᠯᠠᠯᠭ᠎ᠠ ᠥᠭᠬᠦ ᠠᠵᠤ ᠠᠬᠤᠶᠢᠯᠠᠯ ᠤᠨ ᠠᠵᠢᠯ ᠡᠷᠬᠢᠯᠡᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠵᠤ ᠬᠠᠤᠯᠢ ᠬᠡᠷᠡᠭᠵᠢᠭᠦᠯᠵᠦ᠂ ᠣᠯᠵᠤ ᠮᠡᠳᠡᠭᠰᠡᠨ ᠠᠰᠠᠭᠤᠳᠠᠯ ᠢ ᠴᠠᠭ ᠲᠤᠬᠠᠶ ᠳᠤᠨᠢ ᠰᠢᠶ᠋ᠳᠪᠦᠷᠢᠯᠡᠬᠦ ᠬᠡᠷᠡᠭᠲᠡᠶ᠂ ᠬᠠᠮᠢᠶ᠎ᠠ ᠪᠦᠬᠦᠢ ᠠᠵᠤ ᠠᠬᠤᠶᠢᠯᠠᠯ ᠨᠢ ᠬᠠᠮᠵᠢᠯᠴᠠᠵᠤ᠂  ᠬᠤᠯᠪᠣᠭᠳᠠᠯ  ᠪᠦᠬᠦᠢ  ᠮᠠᠲ᠋ᠧᠷᠢᠶᠠᠯ  ᠢ  ᠦᠨᠡᠨ  ᠪᠣᠳᠠᠲᠠᠶ  ᠪᠠᠷ  ᠬᠠᠩᠭᠠᠬᠤ  ᠬᠡᠷᠡᠭᠲᠡᠶ᠃      ︵ᠭᠤᠷᠪᠠ︶ ᠪᠠᠷᠢᠯᠭ᠎ᠠ ᠶᠢᠨ ᠦᠨ᠎ᠡ ᠶᠢᠨ ᠵᠣᠭᠤᠰ ᠢ ᠳ᠋ᠦᠩᠨᠡᠨ ᠪᠣᠳᠣᠬᠤ ᠠᠷᠭ᠎ᠠ ᠶᠢ ᠲᠡᠭᠦᠯᠳᠡᠷᠵᠢᠭᠦᠯᠬᠦ ᠬᠡᠷᠡᠭᠲᠡᠶ᠃ ᠪᠦᠲᠦᠭᠡᠨ ᠪᠠᠶᠢᠭᠤᠯᠬᠤ ᠨᠢᠭᠡᠴᠢ ᠶᠢᠨ ᠪᠠᠶᠢᠭᠤᠯᠤᠭᠰᠠᠨ ᠦᠨ᠎ᠡ ᠶᠢ ᠬᠠᠮᠢᠶᠠᠷᠤᠨ ᠡᠵᠡᠮᠳᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠪᠠᠷᠢᠯᠭ᠎ᠠ ᠪᠠᠷᠢᠬᠤ ᠭᠡᠷ᠎ᠡ ᠶᠢ ᠭᠦᠢᠴᠡᠳᠬᠡᠬᠦ ᠬᠠᠮᠢᠶᠠᠷᠤᠯᠲᠠ ᠶᠢ ᠴᠢᠩᠳᠠᠯᠠᠵᠤ᠂ ᠪᠠᠷᠢᠯᠭ᠎ᠠ ᠪᠠᠷᠢᠬᠤ ᠶᠠᠪᠤᠴᠠ ᠶᠢᠨ ᠦᠨ᠎ᠡ ᠶᠢᠨ ᠵᠣᠭᠤᠰ ᠢ ᠳ᠋ᠦᠩᠨᠡᠨ ᠪᠣᠳᠣᠬᠤ ᠪᠠ ᠥᠭᠬᠦ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠪᠠᠷᠢᠯᠭ᠎ᠠ ᠶᠢᠨ ᠲᠥᠷᠥᠯ ᠵᠦᠢᠯ ᠨᠢ ᠪᠠᠷᠢᠯᠭ᠎ᠠ ᠶᠢᠨ ᠤᠷᠢᠳᠴᠢᠯᠠᠨ ᠥᠭᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠤᠷᠢᠳᠴᠢᠯᠠᠨ ᠥᠭᠬᠦ ᠵᠣᠭᠤᠰᠣᠨ ᠤ ᠬᠠᠷᠢᠴᠠᠯ ᠢ ᠭᠡᠷ᠎ᠡ ᠶᠢᠨ ᠶᠡᠷᠦᠩᠬᠡᠶ ᠦᠨ᠎ᠡ ᠶᠢᠨ 10% ᠠᠴᠠ ᠳᠣᠤᠷ᠎ᠠ ᠦᠭᠡᠶ ᠪᠠᠶᠢᠯᠭᠠᠵᠤ᠂ ᠪᠠᠷᠢᠯᠭ᠎ᠠ ᠪᠠᠷᠢᠭᠤᠯᠬᠤ ᠨᠢᠭᠡᠴᠡ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠪᠠᠷᠢᠯᠭ᠎ᠠ ᠶᠢᠨ ᠠᠬᠢᠴᠠ ᠶᠢᠨ ᠵᠣᠭᠤᠰ ᠢ ᠭᠦᠢᠴᠡᠳ ᠲᠤᠭ᠎ᠠ ᠪᠠᠷ ᠥᠭᠬᠦ ᠬᠡᠷᠡᠭᠲᠡᠶ᠃ ᠪᠠᠷᠢᠯᠭ᠎ᠠ ᠪᠠᠷᠢᠭᠤᠯᠤᠭᠰᠠᠨ ᠨᠢᠭᠡᠴᠡ ᠡᠯ᠎ᠡ ᠲᠥᠷᠥᠯ ᠤᠨ ᠪᠠᠷᠢᠯᠭ᠎ᠠ ᠳᠠᠭᠤᠰᠤᠭᠰᠠᠨ ᠳ᠋ᠦᠩᠨᠡᠨ ᠪᠣᠳᠣᠯᠲᠠ ᠶᠢ ᠬᠢᠨᠠᠨ ᠬᠠᠷᠭᠤᠭᠤᠯᠵᠤ ᠬᠠᠷᠢᠭᠤᠴᠠᠬᠤ ᠬᠡᠷᠡᠭᠲᠡᠢ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠳ᠋ᠦᠩᠨᠡᠨ ᠪᠣᠳᠣᠵᠤ ᠬᠢᠨᠠᠨ ᠲᠣᠭᠲᠠᠭᠠᠬᠤ ᠲᠥᠪ ᠠᠴᠠ ᠪᠠᠷᠢᠯᠭ᠎ᠠ ᠪᠠᠷᠢᠭᠤᠯᠤᠭᠰᠠᠨ ᠨᠢᠭᠡᠴᠡ ᠶᠢᠨ ᠪᠠᠷᠢᠯᠭ᠎ᠠ ᠳᠠᠭᠤᠰᠴᠤ ᠰᠢᠯᠭᠠᠨ ᠠᠪᠤᠭᠰᠠᠨ ᠤ ᠳᠠᠷᠠᠭᠠᠬᠢ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠳ᠋ᠦᠩᠨᠡᠨ ᠪᠣᠳᠣᠯᠲᠠ ᠳᠤ ᠬᠢᠨᠠᠨ ᠲᠣᠭᠲᠠᠭᠠᠬᠤ ᠠᠵᠢᠯ ᠥᠷᠨᠢᠭᠦᠯᠬᠦ ᠬᠡᠷᠡᠭᠲᠡᠶ᠃      ᠪᠠᠷᠢᠯᠭ᠎ᠠ ᠳᠠᠭᠤᠰᠴᠤ ᠳ᠋ᠦᠩᠨᠡᠨ ᠪᠣᠳᠣᠬᠤ ᠳᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠭᠡᠷ᠎ᠡ᠂ ᠨᠥᠬᠦᠪᠥᠷᠢ ᠵᠥᠪᠯᠡᠯᠴᠡᠭᠡᠷ᠂ ᠸᠢᠰᠠ ᠭᠡᠷᠡᠴᠢᠯᠡᠭᠡ ᠵᠡᠷᠭᠡ ᠪᠠᠷᠢᠯᠭ᠎ᠠ ᠪᠠᠷᠢᠭᠤᠯᠬᠤ ᠨᠢᠭᠡᠴᠡ᠂ ᠪᠠᠷᠢᠯᠭ᠎ᠠ ᠪᠠᠷᠢᠬᠤ ᠨᠢᠭᠡᠴᠡ ᠶᠢᠨ ᠮᠡᠳᠡᠷᠡᠭᠰᠡᠨ ᠬᠦᠴᠦᠨ ᠪᠦᠬᠦᠢ ᠪᠢᠴᠢᠭ ᠮᠠᠲ᠋ᠧᠷᠢᠶᠠᠯ ᠢ ᠦᠨᠳᠦᠰᠦᠯᠡᠨ᠂ ᠪᠠᠷᠢᠯᠭ᠎ᠠ ᠪᠠᠷᠢᠬᠤ ᠨᠢᠭᠡᠴᠡ ᠪᠤᠶᠤ ᠲᠡᠭᠦᠨ ᠤ ᠨᠠᠶᠢᠳᠠᠯᠭ᠎ᠠ ᠶᠢ ᠬᠦᠯᠢᠶᠡᠭᠰᠡᠨ ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠶᠢᠨ ᠯᠠᠪᠯᠠᠯᠭ᠎ᠠ ᠥᠭᠬᠦ ᠠᠵᠤ ᠠᠬᠤᠶᠢᠯᠠᠯ ᠠᠴᠠ ᠨᠠᠶᠢᠷᠠᠭᠤᠯᠤᠨ ᠵᠣᠬᠢᠶᠠᠵᠤ᠂ ᠪᠠᠷᠢᠯᠭ᠎ᠠ ᠪᠠᠷᠢᠭᠤᠯᠬᠤ ᠨᠢᠭᠡᠴᠡ ᠪᠤᠶᠤ ᠲᠡᠭᠦᠨ ᠤ ᠨᠠᠶᠢᠳᠠᠯᠭ᠎ᠠ ᠶᠢ ᠬᠦᠯᠢᠶᠡᠭᠰᠡᠨ ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠶᠢᠨ ᠯᠠᠪᠯᠠᠯᠭ᠎ᠠ ᠥᠭᠬᠦ ᠠᠵᠤ ᠠᠬᠤᠶᠢᠯᠠᠯ ᠢᠶᠠᠷ ᠬᠢᠨᠠᠨ ᠬᠢᠨᠠᠭᠤᠯᠤᠭᠰᠠᠨ ᠤ ᠳᠠᠷᠠᠭ᠎ᠠ ᠲᠣᠭᠲᠠᠭᠠᠬᠤ ᠬᠡᠷᠡᠭᠲᠡᠶ᠃      ︵ᠲᠦᠷᠪᠡ︶ ᠭᠡᠷ᠎ᠡ ᠶᠢᠨ ᠬᠠᠤᠯᠢ ᠶᠤᠰᠤᠴᠢ ᠴᠢᠨ᠋ᠠᠷ ᠢ ᠬᠢᠨ᠋ᠠᠨ ᠪᠠᠶᠢᠴᠠᠬᠠᠬᠤ ᠪᠠ ᠳᠠᠩᠰᠠᠯᠠᠬᠤ᠃ ᠡᠩ ᠤᠨ ᠵᠠᠰᠠᠭ ᠤᠨ ᠣᠷᠳᠣᠨ ᠤ ᠭᠡᠷ᠎ᠡ ᠪᠠ ᠴᠢᠬᠤᠯᠠ ᠶᠡᠭᠡ ᠵᠠᠰᠠᠭ ᠤᠨ ᠣᠷᠳᠣᠨ ᠤ ᠭᠡᠷ᠎ᠡ ᠶᠢ ᠪᠣᠯ ᠴᠥᠮ ᠭᠡᠷ᠎ᠡ ᠳᠠᠭᠠᠭᠠᠨ ᠭᠦᠢᠴᠡᠳᠬᠡᠬᠦ ᠨᠢᠭᠡᠴᠡ ᠶᠢᠨ ᠳᠣᠲᠣᠭᠠᠳᠤ ᠳᠠᠭᠠᠨ ᠭᠠᠷᠭᠠᠭᠰᠠᠨ ᠬᠠᠤᠯᠢ ᠳᠦᠷᠢᠮ ᠤᠨ ᠪᠠᠶᠢᠭᠤᠯᠤᠮᠵᠢ ᠪᠤᠶᠤ ᠤᠷᠢᠨ ᠬᠡᠷᠡᠭᠯᠡᠭᠰᠡᠨ ᠬᠠᠤᠯᠢ ᠴᠠᠭᠠᠵᠠ ᠶᠢᠨ ᠵᠥᠪᠯᠡᠭᠴᠢ ᠠᠴᠠ ᠬᠠᠤᠯᠢ ᠶᠣᠰᠣᠨ ᠤ ᠴᠢᠨᠠᠷᠲᠠᠶ ᠬᠢᠨᠠᠨ ᠪᠠᠶᠢᠴᠠᠭᠠᠬᠤ ᠶᠢ ᠬᠠᠷᠢᠭᠤᠴᠠᠨ᠎ᠠ᠃ ᠭᠡᠷ᠎ᠡ ᠶᠢ ᠳᠠᠭᠠᠭᠠᠨ ᠠᠪᠴᠤ ᠰᠢᠢᠳᠪᠦᠷᠢᠯᠡᠬᠦ ᠨᠢᠭᠡᠴᠢ ᠨᠢ ᠡᠩ ᠤᠨ ᠵᠠᠰᠠᠭ ᠤᠨ ᠣᠷᠳᠣᠨ ᠤ ᠭᠡᠷ᠎ᠡ ᠪᠣᠯᠣᠨ ᠴᠢᠬᠤᠯᠠ ᠶᠡᠭᠡ ᠵᠠᠰᠠᠭ ᠤᠨ ᠣᠷᠳᠣᠨ ᠤ ᠭᠡᠷ᠎ᠡ ᠶᠢᠨ ᠬᠠᠤᠯᠢ ᠶᠣᠰᠣᠴᠢ ᠴᠢᠨᠠᠷ ᠲᠤ ᠭᠤᠣᠯ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃      ᠭᠤᠤᠯᠳᠠᠯᠭ᠎ᠠ ᠲᠠᠢ ᠲᠥᠷᠥᠯ ᠵᠦᠢᠯ᠂ ᠴᠢᠬᠤᠯᠠ ᠶᠡᠭᠡ ᠢᠨᠵᠧᠨᠧᠷᠢᠩ᠂ ᠨᠡᠶᠢᠭᠡᠮ ᠤᠨ ᠨᠥᠯᠥᠭᠡ ᠪᠠᠷ ᠨᠡᠯᠢᠶᠡᠳ ᠶᠡᠭᠡ᠂ ᠣᠯᠠᠨ ᠨᠡᠶᠢᠲᠡ ᠶᠢᠨ ᠠᠰᠢᠭ ᠲᠤᠰᠠ ᠳᠤ ᠬᠤᠯᠪᠣᠭᠳᠠᠬᠤ᠂ ᠬᠤᠳᠠᠯᠳᠤᠨ ᠠᠪᠬᠤ ᠲᠥᠷᠥᠯ ᠵᠦᠢᠯ ᠤᠨ ᠵᠣᠭᠤᠰ ᠤᠨ ᠲᠤᠭ᠎ᠠ ᠨᠢ ᠨᠡᠯᠢᠶᠡᠳ ᠶᠡᠭᠡ ᠴᠢᠬᠤᠯᠠ ᠵᠠᠰᠠᠭ ᠤᠨ ᠣᠷᠳᠣᠨ ᠤ ᠭᠡᠷ᠎ᠡ ᠳᠤ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠠᠴᠠ ᠲᠤᠰᠬᠠᠶ ᠲᠤᠰᠢᠶᠠᠯᠲᠤ ᠬᠠᠤᠯᠢᠴᠢ ᠶᠢᠨ ᠪᠦᠯᠬᠦᠮ ᠢ ᠵᠣᠬᠢᠶᠠᠨ ᠪᠠᠶᠢᠭᠤᠯᠵᠤ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠬᠢᠨ᠎ᠠ᠃      ︵ᠲᠠᠪᠤ︶ ᠬᠠᠤᠯᠢ ᠠᠴᠠ ᠵᠥᠷᠢᠴᠡᠨ ᠬᠤᠪᠢᠶᠠᠨ ᠳᠠᠭᠠᠭᠠᠴᠢᠯᠠᠭᠤᠯᠬᠤ᠂ ᠰᠢᠯᠵᠢᠭᠦᠯᠦᠨ ᠳᠠᠭᠠᠭᠠᠴᠢᠯᠠᠭᠤᠯᠬᠤ᠂ ᠲᠦᠰᠢᠭᠯᠡᠬᠦ ᠵᠡᠷᠭᠡ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠢᠷᠢ ᠬᠡᠮ ᠥᠬᠡᠶ ᠪᠤᠶᠤ ᠬᠢᠷᠢ ᠬᠡᠮ ᠤᠨ ᠬᠡᠪᠴᠢᠶ᠎ᠡ ᠠᠴᠠ ᠳᠠᠪᠠᠭᠤᠯᠤᠨ ᠲᠤᠬᠠᠶᠢᠯᠠᠭᠰᠠᠨ ᠠᠵᠢᠯ ᠢ ᠳᠠᠭᠠᠭᠠᠨ ᠠᠪᠬᠤ᠂ ᠰᠢᠯᠵᠢᠭᠦᠯᠦᠨ ᠳᠠᠭᠠᠭᠠᠴᠢᠯᠠᠭᠤᠯᠬᠤ᠂ ᠬᠠᠤᠯᠢ ᠠᠴᠠ ᠵᠥᠷᠢᠴᠡᠨ ᠬᠤᠪᠢᠶᠠᠨ ᠳᠠᠭᠠᠭᠠᠴᠢᠯᠠᠭᠤᠯᠬᠤ᠂ ᠲᠦᠰᠢᠬᠦ᠂ ᠬᠢᠷᠢ ᠬᠡᠮ ᠵᠢᠭᠡᠯᠡᠭᠦᠯᠬᠦ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠮᠡᠳᠡᠭᠦᠯᠬᠦ ᠥᠬᠡᠶ ᠨᠢᠭᠤᠬᠤ᠂ ᠬᠤᠳᠠᠯ ᠢᠶᠠᠷ ᠮᠡᠳᠡᠭᠦᠯᠬᠦ᠂ ᠤᠳᠠᠭᠠᠰᠢᠷᠠᠭᠤᠯᠤᠨ ᠮᠡᠳᠡᠭᠦᠯᠬᠦ᠂ ᠠᠳᠡᠯ ᠭᠠᠷᠬᠤ ᠶᠢ ᠣᠷᠬᠢᠭᠳᠠᠭᠤᠯᠬᠤ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ ︽ᠳᠥᠷᠪᠡᠨ ᠪᠦᠬᠦᠨ︾ ᠤ ᠶᠣᠰᠣᠭᠠᠷ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠄ ᠠᠵᠤ ᠠᠬᠤᠶᠢᠯᠠᠯ ᠤᠨ ᠬᠢᠷᠢ ᠬᠡᠮ ᠢ ᠬᠠᠷᠭᠤᠭᠤᠯᠤᠨ ᠪᠠᠶᠢᠴᠠᠭᠠᠬᠤ ᠪᠠ ᠠᠶᠤᠯ ᠥᠬᠡᠶ ᠦᠢᠯᠡᠳᠪᠦᠷᠢᠯᠡᠯ ᠤᠨ ᠨᠥᠬᠦᠴᠡᠯ ᠢ ᠬᠠᠷᠭᠤᠭᠤᠯᠤᠨ ᠪᠠᠶᠢᠴᠠᠭᠠᠬᠤ ᠶᠢ ᠴᠥᠮ ᠡᠬᠢᠯᠡᠭᠦᠯᠬᠦ ᠬᠡᠷᠡᠭᠲᠡᠶ︔ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠶᠢᠨ ᠬᠤᠯᠪᠣᠭᠳᠠᠯ ᠪᠦᠬᠦᠢ ᠬᠥᠮᠦᠰ ᠤᠨ ᠬᠠᠷᠢᠭᠤᠴᠠᠯᠭ᠎ᠠ ᠶᠢ ᠴᠥᠮ ᠬᠠᠤᠯᠢ ᠶᠣᠰᠣᠭᠠᠷ ᠨᠡᠬᠡᠮᠵᠢᠯᠡᠬᠦ ᠬᠡᠷᠡᠭᠲᠡᠢ︔ ᠴᠥᠮ ᠢᠲᠡᠭᠡᠮᠵᠢ ᠶᠢᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠬᠦ ᠬᠡᠷᠡᠭᠲᠡᠶ︔ ᠴᠥᠮ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠵᠦ᠂ ᠪᠠᠷᠢᠯᠭ᠎ᠠ ᠶᠢᠨ ᠠᠵᠢᠯ ᠤᠨ ᠡᠯ᠎ᠡ ᠲᠠᠯ᠎ᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠬᠤ ᠬᠡᠷᠡᠭᠲᠡᠢ᠃ ᠡᠭᠦᠨ ᠤ ᠬᠠᠮᠲᠤ᠂ ᠨᠡᠶᠢᠭᠡᠮ ᠤᠨ ᠬᠢᠨᠠᠯᠲᠠ ᠲᠠᠯᠪᠢᠬᠤ ᠬᠦᠴᠦᠨ ᠢ ᠭᠦᠢᠴᠡᠳ ᠪᠠᠳᠠᠷᠠᠭᠤᠯᠵᠤ᠂ ᠨᠡᠶᠢᠭᠡᠮ ᠨᠡᠶᠢᠲᠡ ᠶᠢᠨ ︽12345︾ ᠬᠤᠲᠠ ᠶᠢᠨ ᠠᠷᠠᠳ ᠤᠨ ᠦᠢᠯᠡᠴᠢᠯᠡᠭᠡᠨ ᠤ ᠬᠠᠯᠠᠮᠰᠢᠯ ᠤᠲᠠᠰᠤ᠂ ᠵᠠᠬᠢᠳᠠᠯ ᠰᠤᠷᠪᠤᠯᠵᠢᠯᠠᠭ᠎ᠠ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠵᠤ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠰᠦᠪᠡᠭᠴᠢ ᠶᠢᠨ ᠠᠷᠭ᠎ᠠ ᠵᠠᠮ ᠢ ᠥᠷᠭᠡᠳᠬᠡᠨ᠎ᠡ᠃      ︵ᠵᠢᠷᠭᠤᠭ᠎ᠠ︶ ᠲᠥᠷᠥᠯ ᠵᠦᠢᠯ ᠤᠨ ᠬᠠᠮᠢᠶᠠᠷᠤᠯᠲᠠ ᠶᠢᠨ ᠠᠵᠢᠯᠲᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠬᠢᠵᠠᠭᠠᠷᠯᠠᠨ᠎ᠠ᠃ ᠪᠠᠷᠢᠯᠭ᠎ᠠ ᠪᠠᠷᠢᠭᠤᠯᠬᠤ ᠨᠢᠭᠡᠴᠡ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ ᠳᠠᠭᠠᠨ ᠳᠠᠭᠠᠭᠠᠴᠢᠯᠠᠯᠲᠠ ᠣᠯᠣᠭᠴᠢ ᠶᠢᠨ ᠬᠠᠩᠭᠠᠭᠰᠠᠨ ᠲᠥᠷᠥᠯ ᠵᠦᠢᠯ ᠤᠨ ᠬᠠᠷᠢᠭᠤᠴᠠᠯᠭᠠᠲᠠᠨ᠂ ᠮᠡᠷᠭᠡᠵᠢᠯ ᠤᠨ ᠬᠠᠷᠢᠭᠤᠴᠠᠯᠭᠠᠲᠠᠨ᠂ ᠶᠠᠰᠤ ᠴᠢᠨᠠᠷ ᠤᠨ ᠬᠠᠮᠢᠶᠠᠷᠤᠯᠲᠠ ᠶᠢᠨ ᠬᠠᠷᠢᠭᠤᠴᠠᠯᠭᠠᠲᠠᠨ᠂ ᠠᠶᠤᠯ ᠦᠭᠡᠶ ᠶᠢᠨ ᠬᠠᠮᠢᠶᠠᠷᠤᠯᠲᠠ ᠶᠢᠨ ᠬᠠᠷᠢᠭᠤᠴᠠᠯᠭᠠᠲᠠᠨ ᠪᠣᠯᠤᠨ ᠶᠡᠷᠦᠩᠬᠡᠶ ᠬᠢᠨᠠᠨ ᠬᠠᠮᠢᠶᠠᠷᠬᠤ ᠢᠨᠵᠧᠨᠧᠷ᠂ ᠲᠤᠰᠬᠠᠶ ᠬᠢᠨᠠᠨ ᠬᠠᠮᠢᠶᠠᠷᠬᠤ ᠢᠨᠵᠧᠨᠧᠷ ᠵᠡᠷᠭᠡ ᠬᠠᠮᠢᠶᠠᠷᠤᠯᠲᠠ ᠶᠢᠨ ᠠᠵᠢᠯᠲᠠᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠳᠤ ᠪᠣᠯᠵᠣᠨ ᠲᠣᠭᠲᠠᠭᠰᠠᠨ ᠵᠦᠢᠯ ᠭᠠᠷᠭᠠᠵᠤ᠂ ᠳᠤᠷ᠎ᠠ ᠲᠠᠪᠠ ᠪᠠᠷ ᠢᠶᠠᠨ ᠬᠥᠮᠦᠨ ᠰᠣᠯᠢᠬᠤ ᠪᠠ ᠬᠠᠯᠠᠭᠳᠠᠬᠤ ᠶᠢ ᠨᠢ ᠵᠥᠪᠰᠢᠶᠡᠷᠡᠭᠰᠡᠨ ᠦᠭᠡᠶ ᠪᠠᠷ ᠵᠣᠭᠤᠰ ᠢᠶᠠᠷ ᠲᠣᠷᠭᠠᠵᠤ ᠪᠣᠯᠬᠤ ᠦᠭᠡᠶ ᠵᠡᠷᠭᠡ ᠬᠠᠮᠢᠶ᠎ᠠ ᠪᠦᠬᠦᠢ ᠱᠠᠭᠠᠷᠳᠠᠯᠭ᠎ᠠ ᠶᠢ ᠲᠣᠳᠣᠷᠬᠠᠶᠢᠯᠠᠬᠤ ᠶᠢᠨ ᠬᠠᠮᠲᠤ᠂ ᠬᠠᠷᠢᠴᠠᠭᠤᠯᠤᠭᠰᠠᠨ ᠤ ᠳᠠᠷᠠᠭ᠎ᠠ ᠭᠡᠷ᠎ᠡ ᠪᠠᠨ ᠭᠦᠢᠴᠡᠳᠬᠡᠭᠰᠡᠨ ᠪᠠᠶᠢᠳᠠᠯ ᠳᠤ ᠬᠠᠮᠢᠶᠠᠷᠤᠯᠲᠠ ᠬᠢᠬᠦ ᠬᠡᠷᠡᠭᠲᠡᠶ᠃ ᠪᠠᠷᠢᠯᠭ᠎ᠠ ᠪᠠᠷᠢᠭᠤᠯᠬᠤ ᠨᠢᠭᠡᠴᠡ ᠨᠢ ᠳᠠᠭᠠᠭᠠᠴᠢᠯᠠᠭᠴᠢ ᠯᠤᠭ᠎ᠠ ᠭᠡᠷ᠎ᠡ ᠲᠣᠭᠲᠠᠬᠤ ᠦ᠊ ᠡᠶ᠎ᠡ ᠳᠤ᠄ ᠨᠢᠭᠡ ᠳᠤ ᠳᠠᠭᠠᠭᠠᠴᠢᠯᠠᠯᠲᠠ ᠣᠯᠤᠭᠴᠢ ᠨᠢ ᠬᠠᠮᠢᠶᠠᠷᠤᠯᠲᠠ ᠶᠢᠨ ᠠᠵᠢᠯᠲᠠᠨ ᠢᠶᠠᠨ ᠳᠤᠷ᠎ᠠ ᠪᠠᠷ ᠢᠶᠠᠨ ᠰᠣᠯᠢᠵᠤ ᠪᠣᠯᠬᠤ ᠦᠭᠡᠶ ᠭᠡᠵᠦ ᠪᠣᠯᠵᠣᠭᠰᠠᠨ ᠵᠢᠴᠢ ᠬᠥᠮᠦᠨ ᠰᠣᠯᠢᠬᠤ ᠪᠣᠳᠠᠲᠠᠶ ᠰᠢᠳᠬᠡᠨ ᠲᠣᠷᠭᠠᠬᠤ ᠵᠣᠭᠤᠰ ᠤᠨ ᠲᠤᠭ᠎ᠠ ᠵᠡᠷᠭᠡ ᠵᠦᠢᠯ ᠵᠤᠷᠪᠤᠰ ᠢ ᠲᠣᠳᠣᠷᠬᠠᠶᠢᠯᠠᠬᠤ ᠬᠡᠷᠡᠭᠲᠡᠶ᠃ ᠳᠠᠭᠠᠭᠠᠴᠢᠯᠠᠯᠲᠠ ᠬᠦᠯᠢᠶᠡᠬᠦ ᠳᠤ ᠬᠤᠪᠢ ᠨᠡᠮᠡᠬᠦ ᠬᠠᠮᠢᠶᠠᠷᠤᠯᠲᠠ ᠶᠢᠨ ᠠᠵᠢᠯᠲᠠᠨ ᠳᠤ ᠬᠤᠪᠢᠷᠠᠯᠲᠠ ᠭᠠᠷᠤᠭᠰᠠᠨ ᠪᠣᠯ᠂ ᠳᠠᠭᠠᠭᠠᠴᠢᠯᠠᠯᠲᠠ ᠬᠦᠯᠢᠶᠡᠭᠴᠢ ᠨᠢ ᠬᠤᠪᠢᠷᠠᠭᠰᠠᠨ ᠤ ᠳᠠᠷᠠᠭᠠᠬᠢ ᠬᠠᠮᠢᠶᠠᠷᠤᠯᠲᠠ ᠶᠢᠨ ᠠᠵᠢᠯᠲᠠᠨ ᠤ ᠬᠢᠷᠢ ᠬᠡᠮ᠂ ᠠᠵᠢᠯ ᠤᠨ ᠠᠮᠵᠢᠯᠲᠠ ᠪᠦᠲᠦᠮᠵᠢ᠂ ᠢᠲᠡᠭᠡᠯ ᠬᠦᠨᠳᠦ ᠵᠡᠷᠭᠡ ᠲᠠᠯ᠎ᠠ ᠪᠠᠷ ᠬᠤᠪᠢᠷᠠᠬᠤ ᠠᠴᠠ ᠡᠮᠦᠨᠡᠬᠢ ᠬᠠᠮᠢᠶᠠᠷᠤᠯᠲᠠ ᠶᠢᠨ ᠠᠵᠢᠯᠲᠠᠨ ᠯᠤᠭ᠎ᠠ ᠬᠠᠷᠢᠯᠴᠠᠨ ᠨᠢᠭᠡᠳᠦᠯᠲᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ︔ ᠰᠠᠨᠠᠯ ᠨᠢᠭᠡᠳᠬᠦ ᠦᠭᠡᠶ ᠪᠣᠯ᠂ ᠪᠠᠷᠢᠯᠭ᠎ᠠ ᠪᠠᠷᠢᠭᠤᠯᠬᠤ ᠨᠢᠭᠡᠴᠡ ᠨᠢ ᠬᠤᠪᠢᠷᠠᠵᠤ ᠪᠣᠯᠬᠤ ᠦᠭᠡᠶ︔ ᠬᠤᠶᠠᠷ ᠲᠤ ᠲᠥᠷᠥᠯ ᠵᠦᠢᠯ ᠤᠨ ᠳᠠᠭᠠᠭᠠᠮᠠᠯ ᠪᠣᠯᠤᠨ ᠶᠡᠷᠦᠩᠬᠡᠶ ᠬᠢᠨᠠᠨ ᠬᠠᠮᠢᠶᠠᠷᠬᠤ ᠢᠨᠵᠧᠨᠧᠷ ᠤᠨ ᠰᠠᠷ᠎ᠠ ᠪᠦᠷᠢ ᠶᠢᠨ ᠠᠵᠢᠯ ᠤᠨ ᠪᠠᠶᠢᠷᠢ ᠳᠤ ᠭᠠᠷᠬᠤ ᠨᠣᠷᠮ᠎ᠠ ᠨᠢ ᠲᠤᠰ ᠲᠤᠰ 80% ᠪᠠ 60% ᠠᠴᠠ ᠳᠣᠤᠷ᠎ᠠ ᠪᠠᠶᠢᠵᠤ ᠪᠣᠯᠬᠤ ᠦᠭᠡᠶ᠂ ᠭᠡᠷ᠎ᠡ ᠭᠦᠢᠴᠡᠳᠬᠡᠵᠦ ᠴᠢᠳᠠᠭᠰᠠᠨ ᠦᠭᠡᠶ ᠪᠣᠯ ᠪᠠᠷᠢᠯᠭ᠎ᠠ ᠪᠠᠷᠢᠭᠤᠯᠬᠤ ᠨᠢᠭᠡᠴᠡ ᠨᠢ ᠪᠣᠯᠵᠤᠭ᠎ᠠ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠰᠢᠶ᠋ᠳᠪᠦᠷᠢᠯᠡᠬᠦ ᠡᠷᠬᠡ ᠲᠠᠢ᠂ ᠬᠡᠷᠪᠡ ᠵᠣᠭᠤᠰ ᠲᠣᠷᠭᠠᠬᠤ᠂ ᠠᠵᠤ ᠠᠬᠤᠶᠢᠯᠠᠯ ᠤᠨ ᠮᠠᠭᠤ ᠦᠢᠯᠡ ᠠᠵᠢᠯᠯᠠᠭ᠎ᠠ ᠶᠢ ᠦᠨᠡᠮᠰᠢᠬᠦ ᠵᠡᠷᠭᠡ ᠪᠣᠯᠤᠨ᠎ᠠ᠃      ᠬᠡᠷᠪᠡ ᠳᠡᠭᠡᠷ᠎ᠡ ᠳᠤᠷᠠᠳᠤᠭᠰᠠᠨ ᠪᠣᠯᠵᠣᠨ ᠲᠣᠭᠲᠠᠭᠰᠠᠨ ᠠᠴᠠ ᠵᠥᠷᠢᠴᠡᠭᠰᠡᠨ ᠪᠠᠶᠢᠳᠠᠯ ᠭᠠᠷᠪᠠᠯ᠂ ᠪᠦᠲᠦᠭᠡᠨ ᠪᠠᠶᠢᠭᠤᠯᠬᠤ ᠨᠢᠭᠡᠴᠡ ᠨᠢ ᠭᠡᠷ᠎ᠡ ᠶᠣᠰᠣᠭᠠᠷ ᠰᠢᠢᠳᠪᠦᠷᠢᠯᠡᠬᠦ ᠶᠢᠨ ᠬᠠᠮᠲᠤ᠂ ᠬᠤᠯᠪᠣᠭᠳᠠᠯ ᠪᠦᠬᠦᠢ ᠪᠠᠶᠢᠳᠠᠯ ᠢᠶᠠᠨ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ ᠮᠡᠳᠡᠭᠦᠯᠦᠨ ᠬᠦᠷᠭᠡᠵᠦ ᠤᠯᠠᠮ ᠨᠢᠭᠡ ᠠᠯᠬᠤᠮ ᠪᠠᠶᠢᠴᠠᠭᠠᠯᠲᠠ ᠥᠷᠨᠢᠭᠦᠯᠬᠦ ᠬᠡᠷᠡᠭᠲᠡᠶ᠃      ᠵᠢᠷᠭᠤᠭ᠎ᠠ᠂ ᠬᠠᠮᠵᠢᠯᠴᠠᠨ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ      ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠬᠢᠨᠠᠨ ᠪᠤᠳᠤᠬᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠪ ︵ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠳ᠋ᠦᠩᠨᠡᠨ ᠪᠤᠳᠤᠵᠤ ᠬᠢᠨᠠᠨ ᠲᠣᠭᠲᠠᠭᠠᠬᠤ ᠲᠥᠪ︶᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠵᠢᠴᠢ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠨᠢᠭᠲᠠ ᠬᠠᠮᠵᠢᠯᠴᠠᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠥᠬᠦ ᠶᠠᠪᠤᠴᠠ ᠶᠢᠨ ᠬᠠᠮᠵᠢᠯᠴᠠᠨ ᠬᠢᠨᠠᠨ ᠬᠠᠮᠢᠶᠠᠷᠬᠤ ᠶᠢ ᠴᠢᠩᠭᠠᠳᠬᠠᠬᠤ ᠬᠡᠷᠡᠭᠲᠡᠶ᠃ ᠡᠯ᠎ᠡ ᠰᠠᠯᠠᠭ᠎ᠠ ᠮᠥᠴᠢᠷ ᠤᠳ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠦᠬᠦ ᠶᠠᠪᠤᠴᠠ ᠢᠯᠠᠩᠭᠤᠶ᠎ᠠ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠪᠠ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠤᠯᠬᠤ ᠵᠠᠩᠭᠢᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠪᠦᠲᠦᠭᠡᠨ ᠪᠠᠶᠢᠭᠤᠯᠤᠯᠲᠠ ᠶᠢᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠵᠠᠯᠠᠷᠠᠭᠤᠯᠬᠤ ᠪᠠ ᠪᠠᠶᠢᠴᠠᠭᠠᠨ ᠰᠢᠢᠳᠪᠦᠷᠢᠯᠡᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠦᠬᠦ ᠶᠠᠪᠤᠴᠠ ᠶᠢᠨ ᠲᠣᠭᠲᠠᠭᠠᠯ ᠳᠤ ᠨᠡᠶᠢᠴᠡᠬᠦ ᠪᠥᠭᠡᠳ ᠡᠮᠬᠢ ᠵᠢᠷᠤᠮ ᠲᠠᠢ ᠪᠠᠶᠢᠬᠤ ᠶᠢ ᠪᠠᠲᠤᠯᠠᠬᠤ ᠬᠡᠷᠡᠭᠲᠡᠶ᠃ ᠡᠭᠦᠨ ᠤ ᠬᠠᠮᠲᠤ ᠡᠯ᠎ᠡ ᠰᠠᠯᠠᠭ᠎ᠠ ᠮᠥᠴᠢᠷ ᠤᠳ ᠡᠯ᠎ᠡ ᠲᠠᠪᠴᠠᠩ ᠳᠤ ᠲᠦᠰᠢᠭᠯᠡᠨ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠵᠦ᠂ ᠪᠦᠷᠢᠨ ᠢᠯᠡ ᠲᠣᠳᠣ᠂ ᠬᠠᠷᠭᠤᠭᠤᠯᠤᠨ ᠪᠠᠶᠢᠴᠠᠭᠠᠵᠤ ᠪᠣᠯᠬᠤ ᠶᠢ ᠪᠡᠶᠡᠯᠡᠭᠦᠯᠵᠦ᠂ ᠬᠢᠨᠠᠯᠲᠠ ᠬᠠᠮᠢᠶᠠᠷᠤᠯᠲᠠ ᠶᠢᠨ ᠦᠷ᠎ᠡ ᠪᠦᠲᠦᠮᠵᠢ ᠪᠠ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠶ᠃      ᠳᠣᠯᠤᠭ᠎ᠠ᠂ ᠪᠤᠰᠤᠳ ᠵᠦᠢᠯ      ᠬᠤᠲᠠ ᠶᠢᠨ ᠲᠥᠯᠥᠪᠵᠢᠭᠦᠯᠭᠡ ᠪᠠ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠬᠠᠳᠬᠠᠵᠤ᠂ ᠬᠤᠲᠠ ᠶᠢᠨ ᠲᠣᠭᠤᠷᠢᠭ ᠤᠨ ᠲᠥᠯᠥᠪᠵᠢᠭᠦᠯᠭᠡ ᠪᠠ ᠪᠦᠲᠦᠭᠡᠨ ᠪᠠᠶᠢᠭᠤᠯᠤᠯᠲᠠ ᠶᠢᠨ ᠬᠠᠤᠯᠢ ᠲᠣᠭᠲᠠᠭᠠᠯ ᠪᠠ ᠪᠠᠷᠢᠮᠵᠢᠶ᠎ᠠ ᠳᠤ ᠨᠡᠶᠢᠴᠡᠬᠦ ᠶᠢ ᠦᠨᠡᠨ ᠬᠦ ᠪᠠᠲᠤᠯᠠᠵᠤ᠂ ᠲᠣᠭᠲᠠᠭᠠᠯ ᠠᠴᠠ ᠵᠥᠷᠢᠴᠡᠨ ᠲᠣᠭᠲᠠᠭᠠᠯ ᠠᠴᠠ ᠵᠥᠷᠢᠴᠡᠨ ᠪᠠᠶᠢᠭᠤᠯᠬᠤ ᠦᠭᠡᠶ ᠪᠠᠶᠢᠬᠤ ᠬᠡᠷᠡᠭᠲᠡᠶ᠃ ᠡᠯ᠎ᠡ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠬᠢ ᠪᠣᠯᠪᠠᠰᠤᠷᠠᠭᠤᠯᠤᠯ ᠪᠣᠯᠤᠨ ᠬᠢᠨᠠᠯᠲᠠ ᠲᠠᠯᠪᠢᠯᠲᠠ ᠪᠠᠨ ᠴᠢᠩᠭᠠᠳᠭᠠᠵᠤ᠂ ᠶᠡᠷᠦᠩᠬᠡᠶᠢᠯᠡᠭᠰᠡᠨ ᠬᠡᠪ ᠴᠢᠨᠠᠷ ᠪᠣᠯᠤᠨ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠡᠭᠦᠨ ᠤ ᠬᠠᠮᠲᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠠᠰᠢᠭᠯᠠᠨ᠂ ᠢᠨᠵᠧᠨᠧᠷᠢᠩ ᠤᠨ ᠬᠠᠮᠢᠶᠠᠷᠤᠯᠲᠠ ᠶᠢᠨ ᠰᠢᠨᠵᠢᠯᠡᠬᠦ ᠤᠬᠠᠭᠠᠨᠴᠢ ᠴᠢᠨᠠᠷ ᠪᠠ ᠤᠶᠤᠨᠴᠢᠯᠠᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠵᠢᠱᠢᠶᠡᠯᠡᠪᠡᠯ ᠣᠶᠤᠨᠴᠢ ᠬᠤᠲᠠ ᠶᠢᠨ ᠬᠠᠮᠢᠶᠠᠷᠤᠯᠲᠠ ᠶᠢᠨ ᠰᠢᠰᠲ᠋ᠧᠮ ᠢ ᠬᠡᠷᠡᠭᠯᠡᠬᠦ ᠵᠡᠷᠭᠡ᠃ ᠡᠭᠦᠨ ᠠᠴᠠ ᠭᠠᠳᠠᠨ᠎ᠠ᠂ ᠵᠠᠰᠠᠭ ᠤᠨ ᠣᠷᠳᠣᠨ ᠪᠣᠯᠤᠨ ᠬᠤᠲᠠ ᠶᠢᠨ ᠠᠷᠠᠳ ᠤᠨ ᠣᠷᠣᠯᠴᠠᠯᠭ᠎ᠠ ᠶᠢ ᠠᠬᠢᠭᠤᠯᠤᠨ᠂ ᠨᠡᠶᠢᠭᠡᠮ ᠤᠨ ᠬᠠᠮᠢᠶᠠᠷᠤᠯᠲᠠ ᠶᠢ ᠴᠢᠩᠭᠠᠳᠬᠠᠵᠤ᠂ ᠠᠷᠠᠳ ᠢᠷᠭᠡᠳ ᠤᠨ ᠬᠡᠪ ᠴᠢᠨᠠᠷ ᠪᠣᠯᠤᠨ ᠪᠣᠯᠪᠠᠰᠤᠨ ᠤ ᠠᠵᠢᠯᠯᠠᠭ᠎ᠠ ᠶᠢ ᠰᠠᠨᠠᠭᠠᠴᠢᠯᠠᠨ᠂ ᠡᠶ᠎ᠡ ᠵᠣᠬᠢᠴᠠᠯ ᠲᠠᠢ ᠨᠡᠶᠢᠭᠡᠮ ᠢ ᠬᠠᠮᠲᠤᠪᠠᠷ ᠪᠠᠶᠢᠭᠤᠯᠬᠤ ᠬᠡᠷᠡᠭᠲᠡᠶ᠃                                            ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                                                   2024 ᠣᠨ ᠤ 7 ᠰᠠᠷ᠎ᠠ ᠶᠢᠨ 9 ᠤ ᠡᠳᠦᠷ     
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号