ᠬᠠᠶᠢᠨᠠᠨ ᠲᠣᠭᠤᠷᠢᠭ  2024 ᠣᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠢᠯᠭᠠᠭᠤᠯᠬᠤ ᠂ ᠪᠠᠭ᠎ᠠ ᠰᠤᠷᠭᠠᠭᠤᠯᠢ ᠳᠤ ᠳᠡᠪᠰᠢᠬᠦ ᠶᠠᠰᠤ ᠴᠢᠨᠠᠷ ᠤᠨ ᠵᠠᠳᠠᠯᠤᠯᠲᠠ ᠶᠢᠨ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2024/7/24
     ᠪᠦᠬᠦ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠤᠨ ᠣᠯᠤᠭᠰᠠᠨ ᠠᠮᠵᠢᠯᠲᠠ ᠪᠦᠲᠦᠮᠵᠢ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠪᠦᠬᠦ ᠲᠠᠯ᠎ᠠ ᠪᠠᠷ ᠪᠤᠰᠤᠳᠴᠢ ᠪᠠᠷ ᠵᠠᠳᠠᠯᠬᠤ ᠶᠢᠨ ᠲᠤᠰᠠᠳᠠ᠂ ᠪᠦᠬᠦ ᠲᠣᠭᠤᠷᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ 7 ᠰᠠᠷ᠎ᠠ ᠶᠢᠨ 12 ᠤᠨ ᠡᠳᠦᠷ᠂ ᠬᠠᠶᠢᠨᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠪᠥᠬᠦ ᠲᠣᠭᠤᠷᠢᠭ ᠤᠨ 2024 ᠣᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ᠂ ᠪᠠᠭ᠎ᠠ ᠰᠤᠷᠭᠠᠭᠤᠯᠢ ᠳᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠶᠠᠰᠤ ᠴᠢᠨᠠᠷ ᠤᠨ ᠵᠠᠳᠠᠯᠤᠯᠲᠠ ᠶᠢᠨ ᠬᠤᠷᠠᠯ ᠬᠤᠷᠠᠯᠳᠤᠭᠤᠯᠪᠠ᠃ ᠬᠤᠷᠠᠯ ᠢ ᠰᠤᠷᠭᠠᠨ ᠬᠥᠮᠦᠵᠢᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠰᠢᠤᠢ ᠧᠨ ᠶᠦᠩ ᠡᠷᠭᠢᠯᠡᠵᠦ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ ᠰᠢᠤ ᠹᠠᠩ ᠬᠤᠷᠠᠯ ᠳᠤ ᠣᠷᠣᠯᠴᠠᠵᠤ᠂ ᠰᠤᠷᠭᠠᠨ ᠬᠥᠮᠦᠵᠢᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ ᠪᠦᠷᠢᠯᠳᠦᠬᠦᠨ᠂ ᠬᠢᠨᠠᠨ ᠵᠢᠯᠣᠭᠤᠳᠬᠤ ᠲᠥᠪ ᠤᠨ ᠡᠷᠬᠢᠯᠡᠭᠴᠢ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠲᠥᠪ ᠤᠨ ᠡᠷᠬᠢᠯᠡᠭᠴᠢ᠂ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠲᠥᠪ ᠤᠨ ᠡᠷᠬᠢᠯᠡᠭᠴᠢ 2024 ᠣᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ᠂ ᠪᠠᠭ᠎ᠠ ᠰᠤᠷᠭᠠᠭᠤᠯᠢ ᠠᠴᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠢᠷᠢ ᠪᠦᠲᠦᠮᠵᠢ ᠶᠢ ᠨᠠᠷᠢᠨ ᠵᠠᠳᠠᠯᠵᠤ᠂ ᠰᠤᠷᠭᠠᠭᠤᠯᠢ ᠶᠢᠨ ᠲᠠᠰ ᠳᠠᠪᠬᠤᠷᠭ᠎ᠠ᠂ ᠪᠠᠭᠰᠢ ᠶᠢᠨ ᠲᠠᠰ ᠳᠠᠪᠬᠤᠷᠭ᠎ᠠ᠂ ᠰᠣᠷᠣᠭᠴᠢ ᠶᠢᠨ ᠳᠠᠪᠬᠤᠷᠭ᠎ᠠ ᠠᠴᠠ ᠵᠢᠭᠠᠨ ᠰᠤᠷᠭᠠᠯᠲᠠ ᠶᠢᠨ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠵᠢᠴᠢ ᠰᠢᠯᠲᠠᠭᠠᠨ ᠢ ᠵᠠᠳᠠᠯᠪᠠ᠃ ᠡᠯ᠎ᠡ ᠰᠤᠷᠭᠠᠭᠤᠯᠢ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠳᠠᠬᠢ ᠲᠤᠷᠰᠢᠯᠭ᠎ᠠ ᠠᠷᠭ᠎ᠠ ᠬᠢᠳᠡᠯ ᠪᠠ ᠠᠰᠠᠭᠤᠳᠠᠯ ᠢ ᠵᠠᠳᠠᠯᠤᠨ ᠰᠢᠨᠵᠢᠯᠡᠵᠦ᠂ ᠬᠠᠷᠠᠯᠲᠠ ᠶᠢ ᠪᠣᠶ ᠪᠣᠯᠭᠠᠵᠤ᠂ ᠵᠥᠷᠢᠶ᠎ᠡ ᠶᠢ ᠲᠣᠳᠣᠷᠬᠠᠶᠢᠯᠠᠨ᠂ ᠠᠷᠭ᠎ᠠ ᠬᠡᠮᠵᠢᠶ᠎ᠡ ᠪᠠᠨ ᠲᠣᠳᠣᠷᠬᠠᠶᠢᠯᠠᠪᠠ᠃      ᠰᠤᠷᠭᠠᠨ ᠬᠥᠮᠦᠵᠢᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠰᠢᠤᠢ ᠧᠨ ᠶᠦᠩ ᠤᠯᠠᠨ ᠢ ᠵᠥᠷᠢᠶ᠎ᠡ ᠶᠢ ᠲᠠᠨᠢᠵᠤ᠂ ᠠᠰᠠᠭᠤᠳᠠᠯ ᠳᠤ ᠵᠥᠪ ᠢᠶᠠᠷ ᠬᠠᠨᠳᠤᠵᠤ᠂ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠬᠠᠷᠠᠯᠲᠠ ᠪᠠᠨ ᠴᠢᠩᠭᠠᠳᠬᠠᠵᠤ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ᠂ ᠰᠤᠷᠭᠠᠭᠤᠯᠢ ᠶᠢᠨ ᠰᠠᠬᠢᠯᠭ᠎ᠠ ᠪᠠᠲᠤ ᠶᠢᠨ ᠰᠤᠷᠭᠠᠭᠤᠯᠢ ᠶᠢᠨ ᠰᠤᠷᠲᠠᠯ᠂ ᠠᠩᠬᠢ ᠶᠢᠨ ᠰᠤᠷᠲᠠᠯ ᠰᠤᠷᠤᠯᠴᠠᠬᠤ ᠰᠤᠷᠲᠠᠯ ᠢ ᠴᠢᠩᠭ᠎ᠠ ᠠᠳᠬᠤᠵᠤ᠂ ᠳᠡᠭᠡᠷ᠎ᠡ ᠠᠴᠠ ᠳᠣᠷᠣᠭᠰᠢ ᠵᠢᠭᠠᠨ ᠰᠤᠷᠭᠠᠯᠲᠠ ᠶᠢᠨ ᠶᠠᠰᠤ ᠴᠢᠨᠠᠷ ᠢᠶᠠᠨ ᠴᠢᠩᠭᠠᠳᠬᠠᠵᠤ᠂ ᠳᠡᠭᠡᠭᠰᠢᠯᠡᠭᠦᠯᠬᠦ ᠲᠤᠯᠭᠠᠮ᠎ᠠ ᠰᠡᠳᠬᠢᠯᠭᠡ ᠪᠣᠯᠤᠨ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠪᠠ᠃ ᠬᠠᠮᠤᠭ ᠤᠨ ᠰᠡᠭᠦᠯ ᠳᠤ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠤᠭᠤᠷᠢᠭ ᠤᠨ ᠳᠡᠳ᠋ ᠳᠠᠷᠤᠭ᠎ᠠ ᠰᠢᠤ ᠹᠠᠩ ᠲᠣᠰ ᠤᠳᠠᠭᠠᠨ ᠤ ᠬᠤᠷᠠᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠤᠨ ᠲᠤᠬᠠᠶ ᠪᠠᠶᠢᠳᠠᠯ ᠢ ᠵᠠᠳᠠᠯᠵᠤ᠂ ᠪᠥᠬᠦ ᠲᠤᠭᠤᠷᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠴᠠᠶ᠄ ᠨᠢᠭᠡ ᠳᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠵᠦ᠂ ᠡᠯ᠎ᠡ ᠰᠤᠷᠭᠠᠭᠤᠯᠢ ᠲᠣᠰ ᠪᠡᠶ᠎ᠡ ᠶᠢᠨ ᠪᠠᠶᠢᠷᠢ ᠲᠣᠭᠲᠠᠭᠠᠯᠲᠠ ᠪᠠᠨ ᠲᠣᠳᠣᠷᠬᠠᠶᠢᠯᠠᠵᠤ᠂ ᠠᠮᠵᠢᠯᠲᠠ ᠪᠠᠨ ᠵᠠᠳᠠᠯᠤᠨ ᠬᠠᠷᠢᠴᠠᠭᠤᠯᠵᠤ᠂ ᠵᠥᠷᠢᠶ᠎ᠡ ᠪᠠᠨ ᠳ᠋ᠦᠩᠨᠡᠵᠦ᠂ ᠠᠰᠠᠭᠤᠳᠠᠯ ᠳᠤ ᠵᠥᠪ ᠢᠶᠠᠷ ᠬᠠᠨᠳᠤᠵᠤ᠂ ᠶᠠᠰᠤ ᠴᠢᠨᠠᠷ ᠤᠨ ᠤᠬᠠᠮᠰᠠᠷ ᠪᠠ ᠬᠠᠷᠢᠭᠤᠴᠠᠯᠭ᠎ᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠪᠣᠳᠠᠲᠠᠶ ᠠᠵᠢᠯᠯᠠᠬᠤ ᠪᠠᠷ ᠪᠣᠳᠠᠲᠤ ᠦᠷ᠎ᠡ ᠪᠦᠲᠦᠮᠵᠢ ᠶᠢ ᠠᠬᠢᠭᠤᠯᠬᠤ ᠬᠡᠷᠡᠭᠲᠡᠶ︔ ᠭᠤᠷᠪᠠ ᠳᠤ ᠰᠤᠷᠭᠠᠭᠤᠯᠢ ᠶᠢᠨ ᠤᠳᠤᠷᠢᠳᠬᠤ ᠪᠠᠭ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠰᠤᠷᠭᠠᠭᠤᠯᠢ ᠶᠢᠨ ᠬᠠᠮᠢᠶᠠᠷᠤᠯᠲᠠ ᠶᠢᠨ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠬᠡᠷᠡᠭᠲᠡᠶ︔ ᠲᠦᠷᠪᠡ ᠳᠤ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠪᠠᠭᠰᠢ ᠶᠢᠨ ᠠᠵᠢᠯ ᠤᠨ ᠪᠠᠶᠢᠷᠢ ᠪᠠᠨ ᠬᠠᠶᠢᠷᠠᠯᠠᠵᠤ ᠦᠢᠯᠡᠰ ᠢᠶᠠᠨ ᠳᠡᠭᠡᠳᠦᠯᠡᠬᠦ ᠤᠬᠠᠮᠰᠠᠷ ᠢ ᠴᠢᠩᠭᠠᠳᠬᠠᠵᠤ᠂ ᠪᠠᠭᠰᠢ ᠶᠢᠨ ᠲᠤᠰᠬᠠᠶ ᠮᠡᠷᠭᠡᠵᠢᠯ ᠤᠨ ᠴᠢᠳᠠᠪᠤᠷᠢ ᠬᠡᠪ ᠴᠢᠨᠠᠷ ᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠶ︔ ᠲᠠᠪᠤ ᠳᠤ᠂ ᠵᠢᠭᠠᠨ ᠰᠤᠳᠤᠯᠬᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠢᠭᠠᠨ ᠰᠤᠳᠤᠯᠬᠤ ᠠᠵᠢᠯᠲᠠᠨ ᠢ ᠬᠥᠮᠦᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠪᠠᠭᠰᠢ ᠶᠢᠨ ᠡᠳᠦᠷ ᠲᠤᠳᠤᠮ ᠤᠨ ᠵᠢᠭᠠᠨ ᠰᠤᠳᠤᠯᠬᠤ ᠴᠢᠳᠠᠪᠤᠷᠢ ᠶᠢᠨ ᠬᠢᠷᠢ ᠬᠡᠮᠵᠢᠶ᠎ᠡ ᠶᠢ ᠲᠦᠷᠭᠡᠪᠴᠢᠯᠡᠨ ᠳᠡᠭᠡᠭᠰᠢᠯᠡᠭᠦᠯᠬᠦ ᠬᠡᠷᠡᠭᠲᠡᠶ︔ ᠵᠢᠷᠭᠤᠭ᠎ᠠ ᠳᠤ᠂ ᠬᠠᠯᠠᠮᠵᠢᠯᠠᠨ ᠬᠠᠶᠢᠷᠠᠯᠠᠬᠤ ᠠᠵᠢᠯ ᠢ ᠰᠠᠶᠢᠲᠤᠷ ᠠᠳᠬᠤᠵᠤ᠂ ᠪᠠᠭᠰᠢ ᠶᠢᠨ ᠡᠳᠦᠷ ᠲᠤᠳᠤᠮ ᠤᠨ ᠠᠮᠢᠳᠤᠷᠠᠯ ᠢ ᠬᠠᠯᠠᠮᠵᠢᠯᠠᠨ ᠬᠠᠶᠢᠷᠠᠯᠠᠵᠤ᠂ ᠪᠣᠬᠢᠷᠲᠤᠯ ᠦᠭᠡᠢ ᠬᠢᠴᠢᠶᠡᠯ ᠤᠨ ᠲᠠᠩᠬᠢᠮ ᠢ ᠪᠠᠶᠢᠭᠤᠯᠵᠤ᠂ ᠰᠤᠷᠤᠭᠴᠢᠳ ᠤᠨ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠢ᠃      ᠲᠣᠰ ᠤᠳᠠᠭᠠᠨ ᠤ ᠬᠤᠷᠠᠯ ᠨᠢ ᠡᠯ᠎ᠡ ᠰᠤᠷᠭᠠᠭᠤᠯᠢ ᠶᠢᠨ ᠲᠠᠷᠠᠭᠠᠴᠢ ᠶᠢᠨ ᠠᠵᠢᠯ ᠳᠤ ᠴᠢᠭᠯᠡᠯ ᠢ ᠲᠣᠳᠣᠷᠬᠠᠶ ᠵᠢᠭᠠᠵᠤ ᠥᠭᠭᠦᠭᠰᠡᠨ ᠢᠶᠠᠷ ᠪᠠᠷᠠᠬᠤ ᠥᠬᠡᠶ᠂ ᠨᠠᠩ ᠴᠤ ᠡᠯ᠎ᠡ ᠰᠤᠷᠭᠠᠭᠤᠯᠢ ᠶᠢᠨ ᠶᠠᠰᠤ ᠴᠢᠨᠠᠷ ᠢ ᠳᠡᠭᠡᠭᠰᠢᠯᠡᠭᠦᠯᠬᠦ ᠳᠤ ᠡᠷᠬᠡᠪᠰᠢ ᠦᠵᠡᠯ ᠰᠠᠨᠠᠭ᠎ᠠ ᠪᠠᠨ ᠳᠡᠭᠡᠭᠰᠢᠯᠡᠭᠦᠯᠵᠦ᠂ ᠠᠵᠢᠯ ᠢᠶᠠᠨ ᠬᠥᠳᠡᠯᠭᠡᠵᠦ᠂ ᠰᠤᠷᠲᠠᠯ ᠢᠶᠠᠨ ᠪᠣᠳᠠᠲᠠᠶᠢᠵᠢᠭᠤᠯᠵᠤ᠂ ᠠᠮᠵᠢᠯᠲᠠ ᠪᠠᠨ ᠪᠠᠳᠠᠷᠠᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠠᠶᠢᠭᠠᠳ ᠬᠠᠶᠢᠨᠠᠨ ᠲᠣᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠴᠢᠩᠭᠠᠳᠬᠠᠬᠤ ᠬᠡᠷᠡᠭᠲᠡᠶ ᠭᠡᠵᠦ ᠲᠣᠳᠣᠷᠬᠠᠶ ᠵᠢᠭᠠᠵᠤ ᠭᠠᠷᠭᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号