ᠬᠠᠶᠢᠨᠠᠨ ᠲᠣᠭᠤᠷᠢᠭ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠦᠬᠦ ᠲᠠᠯ᠎ᠠ ᠪᠠᠷ ᠲᠤᠤᠱᠯᠠᠭᠤᠯᠤᠨ ᠪᠠᠲᠤ ᠪᠠᠬᠢ ᠪᠤᠢ ᠪᠣᠯᠭᠠᠵᠤ ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/24
      7 ᠰᠠᠷ᠎ᠠ ᠶᠢᠨ 23 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠢᠦᠶ ᡁᠢ ᠶᠦᠩ ᠬᠠᠶᠢᠨᠠᠨ ᠲᠣᠭᠤᠷᠢᠭ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠲᠤᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︽ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠲᠤᠬᠠᠶ ᠰᠠᠨᠠᠯ︾ ᠢ ᠤᠯᠠᠮᠵᠢᠯᠠᠵᠤ᠂ 2024 ᠣᠨ ᠤ ᠳᠡᠭᠡᠷ᠎ᠡ ᠬᠠᠭᠠᠰ ᠵᠢᠯ ᠳᠤ ᠮᠠᠨ ᠤ ᠲᠤᠭᠤᠷᠢᠭ ᠤᠨ ᠭᠤᠤᠯ ᠪᠣᠯᠬᠤ ᠠᠵᠤ ᠠᠬᠤᠶ ᠶᠢᠨ ᠭᠦᠢᠴᠡᠳᠬᠡᠯ ᠲᠤᠭ᠎ᠠ᠂ ᠲᠠᠪᠤᠨ ᠶᠡᠭᠡ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠵᠦ᠂ ᠲᠤᠭᠤᠷᠢᠭ ᠤᠨ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠡᠯ᠎ᠡ ᠳᠡᠳ᠋ ᠲᠣᠭᠤᠷᠢᠭ ᠤᠨ ᠳᠠᠷᠤᠭ᠎ᠠ ᠶᠢᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠱᠠᠲᠤᠨ ᠤ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠢ ᠴᠦᠨ ᠯᠸᠢ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠳ᠋ᠢᠩ ᠸᠧᠢ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠤᠤ ᠸᠧᠢ ᠾᠧᠦ ᠬᠤᠷᠠᠯ ᠳᠤ ᠣᠷᠣᠯᠴᠠᠪᠠ᠃      ᠢᠦᠢ ᡁᠢ ᠶᠦᠩ ᠬᠡᠯᠡᠭᠰᠡᠨ ᠨᠢ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠬᠦ ᠬᠡᠷᠡᠭᠲᠡᠢ᠃ ᠡᠯ᠎ᠡ ᠲᠣᠭᠤᠷᠢᠭ ᠤᠨ ᠱᠠᠲᠤᠨ ᠤ ᠤᠳᠤᠷᠢᠳᠤᠯᠭ᠎ᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾᠂ ᠦᠬᠠᠢ ᠬᠤᠳᠠ ᠶᠢᠨ ︽ᠠᠷᠪᠠᠨ ᠬᠤᠶᠠᠷ ᠭᠤᠣᠯᠳᠠᠯᠭ᠎ᠠ ᠲᠠᠢ ᠠᠵᠢᠯ︾ ᠪᠣᠯᠤᠨ ᠮᠠᠨ ᠤ ᠣᠷᠣᠨ ᠤ ᠠᠷᠪᠠᠨ ᠬᠤᠶᠠᠷ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠪᠦᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠵᠤ᠂ ᠬᠠᠷᠠᠯᠲᠠ ᠪᠠᠨ ᠲᠣᠭᠲᠠᠭᠠᠵᠤ᠂ ᠡᠭᠦᠷᠭᠡ ᠪᠠᠨ ᠲᠣᠭᠲᠠᠭᠠᠵᠤ᠂ ᠴᠠᠭ ᠬᠤᠭᠤᠴᠠᠭ᠎ᠠ ᠪᠠᠨ ᠲᠣᠭᠲᠠᠭᠠᠵᠤ᠂ ᠬᠠᠷᠢᠭᠤᠴᠠᠯᠭ᠎ᠠ ᠪᠠᠨ ᠲᠣᠭᠲᠠᠭᠠᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠵᠠᠪᠰᠠᠷ ᠦᠭᠡᠢ ᠬᠠᠷᠢᠭᠤᠴᠠᠯᠭ᠎ᠠ ᠶᠢᠨ ᠬᠡᠯᠬᠢᠶ᠎ᠡ ᠶᠢ ᠪᠦᠷᠢᠯᠳᠦᠭᠦᠯᠵᠦ᠂ ᠨᠠᠶᠢᠳᠠᠪᠤᠷᠢᠵᠢᠭᠤᠯᠤᠯᠲᠠ ᠶᠢ ᠠᠳᠬᠤᠭᠰᠠᠨ ᠪᠣᠳᠠᠲᠠᠢ ᠦᠷ᠎ᠡ ᠪᠦᠲᠦᠮᠵᠢ ᠪᠠᠷ ︽ᠬᠤᠶᠠᠷ ᠢ ᠬᠠᠮᠠᠭᠠᠯᠠᠬᠤ︾ ᠶᠢ ᠦᠨᠡᠨ ᠬᠦ ᠦᠢᠯᠡᠳᠦᠯᠭᠡᠵᠢᠭᠦᠯᠬᠦ ᠬᠡᠷᠡᠭᠲᠡᠢ᠃ ᠦᠨᠡᠨ ᠬᠦ ᠠᠳᠬᠤᠵᠤ ᠪᠣᠳᠠᠲᠠᠢ ᠠᠵᠢᠯᠯᠠᠬᠤ ᠶᠢ ᠪᠠᠷᠢᠮᠲᠠᠯᠠᠵᠤ᠂ ᠪᠡᠶ᠎ᠡ ᠪᠠᠷ ᠢᠶᠠᠨ ᠣᠷᠣᠯᠴᠠᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷ ᠵᠠᠩᠭᠢᠯᠠᠭ᠎ᠠ ᠶᠢᠨ ᠭᠠᠵᠠᠷ ᠢ ᠠᠳᠬᠤᠵᠤ᠂ ᠬᠦᠴᠢᠷ ᠲᠦᠪᠡᠭᠲᠡᠢ ᠭᠠᠵᠠᠷ ᠢ ᠰᠢᠯᠤᠭᠤᠳᠬᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠨᠡᠩ ᠤᠯᠠᠨ ᠴᠠᠭ ᠪᠠ ᠤᠶᠤᠨ ᠴᠢᠳᠠᠯ ᠢᠶᠠᠨ ᠭᠤᠣᠯᠳᠠᠯᠭ᠎ᠠ ᠲᠠᠢ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠳᠡᠭᠡᠷ᠎ᠡ ᠲᠠᠯᠪᠢᠵᠤ᠂ ︽ᠴᠠᠭ ᠢᠮᠠᠭᠲᠠ ᠰᠡᠳᠬᠢᠯ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠲᠣᠭᠲᠠᠭᠠᠭᠰᠠᠨ ᠤᠴᠢᠷ ᠶᠠᠪᠤᠳᠠᠯ᠂ ᠠᠵᠢᠯ ᠢᠶᠠᠨ ᠰᠠᠶᠢᠲᠤᠷ ᠲᠥᠯᠥᠪᠵᠢᠭᠦᠯᠵᠦ᠂ ᠪᠤᠰᠢᠭᠤ ᠱᠠᠯᠠᠮᠠᠭᠠᠢ ᠪᠠᠷ ᠤᠷᠤᠭᠰᠢᠯᠠᠬᠤ ᠶᠢᠨ ᠬᠠᠮᠲᠤ 2024 ᠣᠨ ᠤ ᠬᠤᠰᠢᠭᠤ ᠰᠢᠶᠠᠨ ᠤ ᠨᠠᠮ ᠤᠨ ᠬᠤᠷᠢᠶᠠᠨ ᠤ ᠱᠦᠵᠢ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠲᠠᠢ ᠬᠠᠷᠢᠴᠠᠭᠤᠯᠤᠨ ᠲᠤᠰᠬᠠᠢ ᠬᠠᠷᠠᠯᠲᠠ ᠶᠢ ᠬᠢᠨᠠᠨ ᠰᠢᠯᠭᠠᠬᠤ ᠭᠦᠢᠴᠡᠳᠬᠡᠯ ᠲᠤᠭ᠎ᠠ ᠪᠣᠯᠭᠠᠵᠤ᠂ ᠵᠤᠷᠪᠤᠰ ᠳᠠᠷᠠᠭᠠᠯᠠᠨ ᠰᠤᠳᠤᠯᠤᠨ ᠡᠮᠬᠢᠯᠡᠵᠦ᠂ ᠠᠰᠠᠭᠤᠳᠠᠯ ᠤᠨ ᠰᠢᠯᠲᠠᠭᠠᠨ ᠢ ᠲᠣᠳᠣᠷᠬᠠᠢ ᠵᠠᠳᠠᠯᠵᠤ᠂ ᠠᠷᠭ᠎ᠠ ᠶᠢ ᠣᠨᠣᠪᠴᠢᠲᠠᠢ ᠣᠯᠵᠤ᠂ ᠨᠠᠷᠢᠨ ᠲᠠᠩᠰᠠ ᠪᠦᠷᠢᠯᠳᠦᠭᠦᠯᠵᠦ᠂ ᠬᠠᠮᠤᠭ ᠤᠨ ᠥᠨᠳᠥᠷ ᠦᠷ᠎ᠡ ᠪᠦᠲᠦᠮᠵᠢ᠂ ᠬᠠᠮᠤᠭ ᠤᠨ ᠰᠢᠯᠢᠳᠡᠭ ᠶᠠᠰᠤ ᠴᠢᠨᠠᠷ ᠢᠶᠠᠷ ᠡᠯ᠎ᠡ ᠵᠦᠢᠯ ᠤᠨ ᠠᠵᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠢᠩᠭ᠎ᠠ ᠠᠩᠬᠠᠷᠬᠤ ᠬᠡᠷᠡᠭᠲᠡᠢ᠃ ᠤᠳᠤᠷᠢᠳᠬᠤ ᠺᠠᠳ᠋ᠷ ᠵᠥᠪᠯᠡᠨ ᠲᠣᠭᠲᠠᠭᠠᠬᠤ ᠤᠴᠢᠷ ᠶᠠᠪᠤᠳᠠᠯ ᠢ ᠴᠢᠩᠭ᠎ᠠ ᠠᠩᠬᠠᠷᠴᠤ᠂ ︽ᠨᠢᠭᠡᠳᠦᠭᠡᠷ ᠹᠷᠣᠨᠲ ᠤᠨ ᠠᠵᠢᠯ ᠤᠨ ᠠᠷᠭ᠎ᠠ︾ ᠶᠢ ᠪᠣᠳᠠᠲᠠᠢ ᠭᠠᠵᠠᠷ ᠲᠤᠨᠢ ᠬᠦᠷᠴᠦ ᠣᠳᠣᠬᠢ ᠪᠠᠶᠢᠳᠠᠯ ᠢ ᠦᠵᠡᠬᠦ᠂ ᠠᠬᠢᠴᠠ ᠶᠢ ᠦᠵᠡᠬᠦ᠂ ᠦᠷ᠎ᠡ ᠪᠦᠲᠦᠮᠵᠢ ᠶᠢ ᠮᠥᠷᠳᠡᠨ ᠠᠰᠠᠭᠤᠬᠤ ᠶᠢ ᠠᠩᠬᠠᠷᠴᠤ᠂ ᠴᠠᠭᠠᠰᠤᠨ ᠳᠡᠭᠡᠷ᠎ᠡ ᠪᠢᠴᠢᠬᠦ᠂ ᠬᠤᠷᠠᠯ ᠳᠡᠭᠡᠷ᠎ᠡ ᠲᠣᠭᠲᠠᠭᠠᠭᠰᠠᠨ ᠢ ᠦᠨᠡᠨ ᠪᠣᠳᠠᠲᠠᠢ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ︔ ᠨᠠᠮ ᠵᠠᠰᠠᠭ ᠤᠨ ᠬᠤᠶᠠᠷ ᠠᠯᠪᠠᠨ ᠬᠡᠷ ︽ᠡᠮᠦᠨ᠎ᠡ ᠬᠠᠷᠠᠭᠤᠯ ᠠᠷᠤ ᠬᠦᠷᠢᠶ᠎ᠡ︾ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠰᠢᠮᠳᠠᠭᠤᠯᠤᠨ ᠪᠠᠶᠢᠴᠠᠭᠠᠵᠤ ᠬᠢᠨᠠᠨ ᠰᠢᠯᠭᠠᠬᠤ ᠠᠵᠢᠯ ᠤᠨ ᠲᠣᠭᠲᠠᠴᠠ ᠶᠢ ᠪᠦᠷᠢᠨᠰᠢᠬᠦᠯᠬᠦ ᠬᠡᠷᠡᠭᠲᠡᠢ︔ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠳ ᠰᠢᠯᠢᠳᠡᠭ ᠢ ᠨᠢ ᠱᠠᠩᠨᠠᠵᠤ ᠮᠠᠭᠤ ᠶᠢ ᠨᠢ ᠲᠣᠷᠭᠠᠬᠤ ᠶᠢ ᠰᠠᠶᠢᠲᠤᠷ ᠠᠳᠬᠤᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠬᠥᠲᠥᠯᠦᠨ ᠵᠢᠯᠣᠭᠤᠳᠴᠤ ᠪᠠᠶᠢᠭᠠᠳ ᠢᠳᠡᠪᠬᠢᠲᠡᠶ ᠪᠠᠷ ᠠᠵᠢᠯ ᠬᠢᠵᠦ ᠦᠢᠯᠡᠰ ᠴᠣᠭᠴᠠᠯᠠᠭᠤᠯᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠶ︔ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠨᠤᠭᠤᠳ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠡᠯ᠎ᠡ ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠠᠬᠢᠭᠤᠯᠬᠤ ᠬᠡᠷᠡᠭᠲᠡᠶ᠃ ᠵᠠᠩᠭᠢᠯᠠᠭ᠎ᠠ ᠶᠢ ᠡᠵᠡᠮᠳᠡᠵᠦ᠂ ᠠᠷᠭ᠎ᠠ ᠪᠤᠳᠤᠯᠭ᠎ᠠ ᠶᠢ ᠤᠨᠢᠨ ᠳᠡᠭᠡᠷ᠎ᠡ ᠨᠢ ᠬᠡᠷᠡᠭᠵᠢᠭᠦᠯᠬᠦ ᠬᠡᠷᠡᠭᠲᠡᠢ᠃ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠲᠦᠷᠦᠯ ᠵᠦᠢᠯ ᠢ ᠲᠥᠯᠥᠪᠵᠢᠭᠦᠯᠬᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠵᠡᠷᠭᠡ ᠭᠤᠣᠯᠳᠠᠯᠭ᠎ᠠ ᠲᠠᠢ ᠠᠵᠢᠯ ᠢ ᠰᠠᠶᠢᠲᠤᠷ ᠠᠳᠬᠤᠵᠤ᠂ ᠬᠥᠭᠵᠢᠯᠲᠡ ᠪᠣᠯᠤᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠶᠢᠨ ᠬᠠᠮᠲᠤ ᠮᠠᠨ ᠤ ᠲᠤᠭᠤᠷᠢᠭ ᠤᠨ ᠥᠭᠡᠷᠡᠴᠢᠯᠡᠯᠲᠡ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠤᠯᠠᠮ ᠴᠢᠨᠠᠭᠰᠢᠳᠠ ᠴᠢᠩᠭᠠᠳᠬᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠠᠴᠠ ᠪᠠᠶᠢᠷᠢᠯᠠᠭᠤᠯᠤᠭᠰᠠᠨ ᠥᠭᠡᠷᠡᠴᠢᠯᠡᠯᠲᠡ ᠶᠢᠨ ᠡᠭᠦᠷᠭᠡ ᠶᠢᠨ ᠲᠣᠭᠤᠷᠢᠨ ᠳᠤ᠂ ᠮᠠᠨ ᠤ ᠲᠤᠭᠤᠷᠢᠭ ᠤᠨ ᠥᠭᠡᠷᠡᠴᠢᠯᠡᠯᠲᠡ ᠶᠢ ᠤᠯᠠᠮ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠣᠳᠠᠲᠠᠢ ᠠᠷᠭ᠎ᠠ ᠬᠡᠮᠵᠢᠶ᠎ᠡ ᠶᠢ ᠭᠦᠨᠵᠡᠭᠡᠢ ᠪᠣᠳᠠᠲᠠᠢ ᠰᠦᠪᠡᠭᠴᠢᠯᠡᠵᠦ᠂ ᠨᠠᠮ ᠤᠨ ᠲᠥᠪ ᠬᠤᠷᠢᠶ᠎ᠠ ᠠᠴᠠ ᠪᠠᠶᠢᠷᠢᠯᠠᠭᠤᠯᠤᠭᠰᠠᠨ ᠥᠭᠡᠷᠡᠴᠢᠯᠡᠯᠲᠡ ᠶᠢᠨ ᠡᠭᠦᠷᠭᠡ ᠪᠣᠯᠤᠨ ᠡᠨᠡ ᠵᠢᠯ ᠤᠨ ᠮᠠᠨ ᠤ ᠲᠤᠭᠤᠷᠢᠭ ᠤᠨ ᠥᠭᠡᠷᠡᠴᠢᠯᠡᠯᠲᠡ ᠶᠢᠨ ᠡᠭᠦᠷᠭᠡ ᠶᠢᠨ ᠨᠠᠷᠢᠨ ᠲᠠᠩᠰᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号