ᠢᠦᠶ ᡁᠢ ᠶᠦᠩ ᠨᠠᠮ ᠤᠨ ᠰᠤᠷᠭᠠᠭᠤᠯᠢ ᠶᠢᠨ ᠠᠵᠢᠯ ᠢ ᠪᠠᠶᠢᠴᠠᠭᠠᠨ ᠰᠤᠳᠤᠯᠤᠭᠰᠠᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/25
      7 ᠰᠠᠷ᠎ᠠ ᠶᠢᠨ 24 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ᠂ ᠲᠤᠭᠤᠷᠢᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠵᠠᠬᠢᠷᠤᠯ᠂ ᠲᠤᠭᠤᠷᠢᠭ ᠤᠨ ᠵᠠᠰᠠᠭ ᠵᠠᠬᠢᠷᠭᠠᠨ ᠤ ᠰᠤᠷᠭᠠᠭᠤᠯᠢ ᠶᠢᠨ ᠵᠠᠬᠢᠷᠤᠯ ᠢᠦᠶ ᡁᠢ ᠶᠦᠩ ᠨᠠᠮ ᠤᠨ ᠰᠤᠷᠭᠠᠭᠤᠯᠢ ᠶᠢᠨ ᠠᠵᠢᠯ ᠢ ᠪᠠᠶᠢᠴᠠᠭᠠᠨ ᠰᠤᠳᠤᠯᠤᠭᠰᠠᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃ ᠲᠣᠭᠤᠷᠢᠭ ᠤᠨ ᠤᠳᠤᠷᠢᠳᠤᠯᠭ᠎ᠠ ᠵᠠᠩ ᠽᠧ ᠢᠦᠢ ᠣᠷᠣᠯᠴᠠᠪᠠ᠃
6.png
      ᠶᠠᠷᠢᠯᠴᠠᠬᠤ ᠬᠤᠷᠠᠯ ᠳᠡᠭᠡᠷ᠎ᠡ᠂ ᠢᠦᠢ ᡁᠢ ᠶᠦᠩ ᠨᠠᠮ ᠤᠨ ᠰᠤᠷᠭᠠᠭᠤᠯᠢ ᠶᠢᠨ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠤᠯᠪᠣᠭᠳᠠᠯ ᠪᠦᠬᠦᠢ ᠪᠠᠶᠢᠳᠠᠯ ᠤᠨ ᠲᠤᠬᠠᠢ ᠤᠯᠠᠨ ᠲᠠᠢ ᠰᠠᠨᠠᠯ ᠢᠶᠠᠨ ᠰᠣᠯᠢᠯᠴᠠᠪᠠ᠃ ᠲᠡᠷᠡ᠂ ᠨᠠᠮ ᠤᠨ ᠰᠤᠷᠭᠠᠭᠤᠯᠢ ᠪᠣᠯ ᠨᠠᠮᠴᠢ ᠴᠢᠨᠠᠷ ᠤᠨ ᠪᠣᠯᠪᠠᠰᠤᠷᠠᠯ ᠤᠨ ︽ᠲᠣᠮᠣ ᠵᠤᠤᠬ᠎ᠠ︾ ᠮᠥᠨ᠂ ᠮᠠᠨ ᠤ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠶ ᠰᠤᠳᠤᠯᠵᠤ᠂ ᠨᠠᠮ ᠤᠨ ᠰᠤᠷᠭᠠᠭᠤᠯᠢ ᠶᠢᠨ ᠠᠵᠢᠯ ᠢ ᠲᠠᠰᠤᠷᠠᠯᠲᠠ ᠥᠬᠡᠶ ᠴᠢᠩᠭᠠᠳᠬᠠᠨ ᠰᠠᠶᠢᠵᠢᠷᠠᠭᠤᠯᠬᠤ ᠬᠡᠷᠡᠭᠲᠡᠶ᠃ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠨᠠᠮ ᠤᠨ ᠰᠤᠷᠭᠠᠭᠤᠯᠢ ᠶᠢᠨ ᠪᠠᠶᠢᠭᠤᠯᠤᠮᠵᠢ ᠲᠣᠭᠲᠠᠴᠠ ᠶᠢ ᠰᠢᠯᠤᠭᠤᠳᠬᠠᠬᠤ ᠬᠡᠷᠡᠭᠲᠡᠢ᠃ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠭᠠᠭᠤᠯᠢ ᠶᠢᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠤᠷᠭᠠᠭᠤᠯᠢ ᠶᠢᠨ ᠠᠵᠢᠯ ᠳᠠᠬᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠨ᠂ ᠰᠤᠷᠭᠠᠭᠤᠯᠢ ᠡᠷᠭᠢᠯᠡᠬᠦ ᠵᠥᠪ ᠴᠢᠭᠯᠡᠯ ᠢ ᠪᠠᠲᠤ ᠡᠵᠡᠮᠳᠡᠵᠦ᠂ ᠨᠠᠮ ᠤᠨ ᠰᠤᠷᠭᠠᠭᠤᠯᠢ ᠶᠢ ᠦᠨᠡᠨ ᠬᠦ ᠰᠠᠶᠢᠲᠤᠷ ᠪᠠᠶᠢᠭᠤᠯᠤᠨ ᠰᠠᠶᠢᠲᠤᠷ ᠡᠷᠭᠢᠯᠡᠵᠦ᠂ ᠰᠠᠶᠢᠲᠤᠷ ᠬᠠᠮᠢᠶᠠᠷᠴᠤ ᠰᠠᠶᠢᠲᠤᠷ ᠬᠡᠷᠡᠭᠯᠡᠬᠦ ᠬᠡᠷᠡᠭᠲᠡᠶ︔ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠡᠯ᠎ᠡ ᠵᠦᠢᠯ ᠤᠨ ᠳᠣᠲᠣᠭᠠᠳᠤ ᠶᠢᠨ ᠬᠠᠮᠢᠶᠠᠷᠤᠯᠲᠠ ᠶᠢᠨ ᠲᠦᠷᠢᠮ ᠢ ᠲᠦᠷᠭᠡᠨ ᠪᠠᠶᠢᠭᠤᠯᠤᠨ ᠨᠠᠷᠢᠯᠢᠬᠵᠢᠭᠤᠯᠵᠤ᠂ ᠲᠦᠷᠢᠮ ᠢᠶᠠᠷ ᠰᠤᠷᠭᠠᠭᠤᠯᠢ ᠶᠢ ᠬᠠᠮᠢᠶᠠᠷᠬᠤ᠂ ᠬᠥᠮᠦᠨ ᠢ ᠬᠠᠮᠢᠶᠠᠷᠬᠤ᠂ ᠤᠴᠢᠷ ᠶᠠᠪᠤᠳᠠᠯ ᠢ ᠬᠠᠮᠢᠶᠠᠷᠬᠤ ᠶᠢ ᠪᠠᠷᠢᠮᠲᠠᠯᠠᠬᠤ ᠬᠡᠷᠡᠭᠲᠡᠶ︔ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠠᠵᠢᠯᠳᠠᠨ ᠤ ᠬᠦᠴᠦᠨ ᠢ ᠨᠢᠭᠡᠳᠦᠯᠲᠡᠢ ᠲᠥᠯᠥᠪᠵᠢᠭᠦᠯᠵᠦ᠂ ᠪᠠᠭᠰᠢ ᠶᠢᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢᠨ ᠬᠠᠮᠲᠤ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠳᠦᠯᠭᠡ᠂ ᠪᠣᠳᠠᠲᠤ ᠪᠠᠶᠢᠯᠳᠤᠭᠠᠨ ᠤ ᠳᠤᠮᠳᠠ ᠶᠡᠷᠦᠩᠬᠡᠶᠢᠯᠡᠭᠰᠡᠨ ᠴᠢᠳᠠᠪᠤᠷᠢ ᠪᠠᠨ ᠳᠡᠭᠡᠭᠰᠢᠯᠡᠭᠦᠯᠵᠦ᠂ ᠵᠢᠭᠠᠨ ᠰᠤᠷᠭᠠᠯᠲᠠ ᠶᠢᠨ ᠠᠭᠤᠯᠭ᠎ᠠ ᠪᠠᠨ ᠪᠠᠶᠠᠯᠢᠭᠵᠢᠭᠤᠯᠵᠤ᠂ ᠵᠢᠭᠠᠨ ᠰᠤᠷᠭᠠᠯᠲᠠ ᠶᠢᠨ ᠠᠷᠭ᠎ᠠ ᠬᠡᠯᠪᠡᠷᠢ ᠪᠠᠨ ᠰᠢᠨᠡᠴᠢᠯᠡᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ ᠲᠦᠪᠰᠢᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠠᠮ ᠤᠨ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠬᠤᠯᠪᠣᠭᠳᠠᠯ ᠪᠥᠬᠦᠶ ᠱᠠᠭᠠᠷᠳᠠᠯᠭ᠎ᠠ ᠲᠠᠢ ᠤᠶᠠᠯᠳᠤᠭᠤᠯᠤᠨ᠂ ︽ᠪᠥᠬᠦ ᠲᠣᠭᠤᠷᠢᠭ ᠤᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠰᠢᠨ᠎ᠡ ᠶᠢ ᠡᠭᠦᠳᠦᠨ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠰᠦᠯ︾ ᠲᠠᠢ ᠬᠠᠷᠭᠤᠭᠤᠯᠵᠤ᠂ ᠦᠨᠳᠦᠰᠦᠨ ᠱᠠᠲᠤᠨ ᠤ ᠨᠠᠮ ᠤᠨ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠪᠠᠭᠤᠷᠠᠶ᠂ ᠵᠢᠭᠠᠨ ᠰᠤᠷᠭᠠᠯᠲᠠ ᠶᠢᠨ ᠶᠠᠰᠤ ᠴᠢᠨᠠᠷ ᠥᠨᠳᠥᠷ ᠪᠢᠰᠢ᠂ ᠪᠣᠯᠪᠠᠰᠤᠷᠠᠭᠤᠯᠤᠯ ᠤᠨ ᠰᠢᠰᠲ᠋ᠧᠮᠲᠦ ᠴᠢᠨᠠᠷᠲᠠᠶ ᠨᠠᠷᠢᠯᠢᠭ ᠣᠨᠣᠴᠠᠲᠠᠶ ᠴᠢᠨᠠᠷ ᠢᠶᠠᠷ ᠬᠦᠷᠦᠯᠴᠡᠬᠦ ᠥᠬᠡᠶ᠂ ᠨᠠᠮ ᠤᠨ ᠰᠤᠷᠭᠠᠭᠤᠯᠢ ᠶᠢᠨ ᠰᠤᠷᠭᠠᠭᠤᠯᠢ ᠶᠢ ᠵᠠᠰᠠᠵᠤ ᠰᠤᠷᠭᠠᠨ ᠬᠥᠮᠦᠵᠢᠯ ᠢ ᠵᠠᠰᠠᠬᠤ ᠰᠤᠷᠤᠯᠴᠠᠯᠭ᠎ᠠ ᠴᠢᠩᠭ᠎ᠠ ᠪᠢᠰᠢ᠂ ᠠᠳᠬᠤᠬᠤ ᠥᠬᠡᠶ ᠪᠣᠯ ᠠᠳᠬᠤᠵᠤ ᠴᠢᠳᠠᠬᠤ ᠥᠬᠡᠶ ᠵᠡᠷᠭᠡ ᠠᠰᠠᠭᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠰᠢᠶ᠋ᠳᠪᠦᠷᠢᠯᠡᠵᠦ᠂ ᠳᠤᠲᠠᠭᠤᠳᠠᠯ ᠪᠠᠭᠤᠷᠠᠶ ᠲᠠᠯ᠎ᠠ ᠪᠠᠨ ᠲᠦᠷᠭᠡᠨ ᠨᠥᠬᠦᠪᠥᠷᠢᠯᠡᠵᠦ᠂ ᠰᠤᠷᠭᠠᠭᠤᠯᠢ ᠡᠷᠭᠢᠯᠡᠵᠦ ᠰᠤᠷᠭᠠᠭᠤᠯᠢ ᠶᠢ ᠵᠠᠰᠠᠬᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢ ᠠᠬᠢᠭᠤᠯᠵᠤ᠂ ᠨᠠᠮ ᠤᠨ ᠰᠤᠷᠭᠠᠭᠤᠯᠢ ᠶᠢᠨ ᠠᠵᠢᠯ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号