ᠢᠦᠶ ᡁᠢ ᠶᠦᠩ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠠᠵᠢᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/7/26
      7 ᠰᠠᠷ᠎ᠠ ᠶᠢᠨ 25 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠢᠦᠢ ᡁᠢ ᠶᠦᠩ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠬᠠᠶᠢᠨᠠᠨ ᠲᠣᠭᠤᠷᠢᠭ ᠤᠨ ᠠᠮᠢ ᠠᠬᠤᠢ ᠶᠢᠨ ᠰᠠᠭᠤᠷᠢ ᠲᠥᠬᠦᠭᠡᠷᠦᠮᠵᠢ ᠶᠢᠨ ᠪᠠᠶᠢᠳᠠᠯ᠂ ︽ᠤᠨᠢᠨ ᠳᠡᠭᠡᠷ᠎ᠡ ᠨᠢ ᠳᠦᠷᠰᠦ ᠵᠢᠷᠤᠬᠤ︾ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃ ᠲᠣᠭᠤᠷᠢᠭ ᠤᠨ ᠤᠳᠤᠷᠢᠳᠤᠯᠭ᠎ᠠ ᠮᠠ ᠺᠠᠢ ᠣᠷᠣᠯᠴᠠᠪᠠ᠃      ᠬᠠᠶᠢᠨᠠᠨ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠪᠤᠯᠠᠬᠤ ᠲᠠᠯᠠᠪᠠᠢ᠂ ᠵᠦᠸᠧ ᠴᠤᠸᠠᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠵᠢᠴᠢ ᠪᠠᠷᠢᠯᠭ᠎ᠠ ᠶᠢᠨ ᠬᠤᠭ ᠨᠣᠪᠰᠢ ᠪᠤᠯᠠᠬᠤ ᠲᠠᠯᠠᠪᠠᠢ ᠳᠤ᠂ ᠢᠦᠢ ᡁᠢ ᠶᠦᠩ ᠪᠤᠯᠠᠬᠤ ᠲᠠᠯᠠᠪᠠᠢ ᠶᠢᠨ ᠠᠵᠢᠯᠯᠠᠭᠠᠨ ᠤ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠣᠨᠣᠴᠢᠲᠠᠢ ᠬᠠᠮᠢᠶᠠᠷᠤᠯᠲᠠ᠂ ᠰᠢᠨᠵᠢᠯᠡᠬᠦ ᠤᠬᠠᠭᠠᠨᠴᠢᠯᠠᠭᠰᠠᠨ ᠡᠵᠡᠩᠨᠡᠯᠲᠡ ᠶᠢ ᠪᠡᠶᠡᠯᠡᠭᠦᠯᠵᠦ᠂ ᠬᠤᠯᠪᠣᠭᠳᠠᠯ ᠪᠦᠬᠦᠢ ᠪᠠᠷᠢᠮᠵᠢᠶ᠎ᠠ ᠪᠠ ᠵᠢᠷᠤᠮᠵᠢᠯ ᠢ ᠴᠢᠩᠭ᠎ᠠ ᠵᠢᠷᠤᠮᠯᠠᠨ ᠠᠵᠢᠯᠯᠠᠵᠤ᠂ ᠬᠤᠭ ᠨᠣᠪᠰᠢ ᠶᠢ ᠢᠯᠭᠠᠬᠤ᠂ ᠳᠠᠮᠵᠢᠭᠤᠯᠤᠨ ᠲᠡᠭᠡᠭᠡᠪᠦᠷᠢᠯᠡᠬᠦ ᠠᠵᠢᠯ ᠢ ᠰᠠᠶᠢᠲᠤᠷ ᠬᠢᠵᠦ᠂ ᠬᠤᠭ ᠨᠣᠪᠰᠢ ᠶᠢ ᠰᠢᠢᠳᠪᠦᠷᠢᠯᠡᠬᠦ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠬᠤᠭ ᠨᠣᠪᠰᠢ ᠶᠢ ᠬᠤᠣᠷ ᠦᠭᠡᠶᠢᠵᠢᠬᠦᠯᠦᠨ ᠰᠢᠢᠳᠪᠦᠷᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠬᠤᠭ ᠨᠣᠪᠰᠢ ᠪᠤᠯᠠᠬᠤ ᠭᠠᠵᠠᠷ ᠲᠤ ᠣᠷᠣᠰᠢᠵᠤ ᠪᠠᠶᠢᠭ᠎ᠠ ᠳᠤᠲᠠᠭᠤᠳᠠᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠳᠤᠲᠠᠭᠤᠳᠠᠯ ᠢ ᠨᠥᠬᠦᠪᠥᠷᠢᠯᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠳᠠᠯᠳᠠ ᠬᠡᠮ ᠢ ᠠᠷᠢᠯᠭᠠᠬᠤ ᠪᠠᠷ ᠬᠦᠴᠦᠯᠡᠨ ᠴᠢᠷᠮᠠᠶᠢᠵᠤ᠂ ᠬᠤᠭ ᠨᠣᠪᠰᠢ ᠪᠤᠯᠠᠬᠤ ᠲᠠᠯᠠᠪᠠᠶ ᠶᠢᠨ ᠣᠷᠴᠢᠨ ᠲᠣᠭᠤᠷᠢᠨ ᠤ ᠵᠠᠰᠠᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠷᠬᠢᠨ ᠲᠣᠭᠤᠷᠢᠨ ᠤ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠪᠠᠭᠠᠰᠬᠠᠬᠤ ᠬᠡᠷᠡᠭᠲᠡᠶ᠃ ᠦᠬᠠᠢ ᠶᠢᠨ ᠨᠦᠸᠧ ᠺᠧ ᠣᠷᠴᠢᠨ ᠲᠣᠭᠤᠷᠢᠨ ᠤ ᠬᠢᠵᠠᠭᠠᠷᠲᠤ ᠺᠣᠮᠫᠠᠨᠢ ᠳᠤ᠂ ᠢᠦᠢ ᡁᠢ ᠶᠦᠩ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠭᠰᠡᠨ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠬᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠴᠤᠭᠯᠠᠭᠤᠯᠬᠤ᠂ ᠬᠠᠳᠠᠭᠠᠯᠠᠬᠤ ᠪᠠ ᠰᠢᠢᠳᠪᠦᠷᠢᠯᠡᠬᠦ ᠪᠦᠬᠦ ᠶᠠᠪᠤᠴᠠ ᠶᠢᠨ ᠬᠠᠮᠢᠶᠠᠷᠤᠯᠲᠠ ᠪᠠᠨ ᠵᠢᠷᠤᠮᠵᠢᠭᠤᠯᠵᠤ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠠᠮᠤᠷ ᠲᠦᠪᠰᠢᠨ ᠪᠦᠲᠦᠮᠵᠢᠲᠡᠢ ᠰᠢᠢᠳᠪᠦᠷᠢᠯᠡᠬᠦ ᠶᠢ ᠪᠠᠲᠤᠯᠠᠵᠤ᠂ ᠠᠷᠠᠳ ᠤᠯᠠᠨ ᠤ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠪᠠᠲᠤᠯᠠᠬᠤ ᠬᠡᠷᠡᠭᠲᠡᠢ᠃ ᠪᠠᠷᠠᠭᠤᠨ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠺᠣᠮᠫᠠᠨᠢ᠂ ᠬᠠᠶᠢᠨᠠᠨ ᠲᠣᠭᠤᠷᠢᠭ ᠤᠨ ᠠᠵᠤ ᠦᠢᠯᠡᠰ ᠤᠨ ᠬᠦᠷᠢᠶᠡᠯᠡᠩ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠤᠯᠤᠰ ᠤᠨ ᠡᠨᠧᠷᠭᠢ ᠶᠢᠨ ᠪᠦᠯᠦᠭᠯᠡᠯ ᠤᠨ ᠨᠡᠭᠦᠷᠡᠰᠦ ᠬᠡᠦᠷᠰᠢᠭᠦᠯᠬᠦ ᠰᠢ ᠯᠠᠶ ᠹᠧᠩ ᠬᠤᠪᠢᠶᠠᠷᠢ ᠺᠣᠮᠫᠠᠨᠢ ᠵᠡᠷᠭᠡ ᠭᠠᠵᠠᠷ ᠲᠤ᠂ ᠢᠦᠶ ᡁᠢ ᠶᠦᠩ ᠠᠮᠢ ᠠᠬᠤᠶ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠴᠠᠭ ᠢᠮᠠᠭᠲᠠ ᠰᠠᠨᠠᠭ᠎ᠠ ᠠᠮᠤᠷ ᠪᠤᠰᠤ ᠬᠠᠷᠢᠭᠤᠴᠠᠯᠭᠠᠲᠤ ᠰᠡᠳᠬᠢᠯᠭᠡ ᠪᠠᠷ ᠠᠮᠢ ᠠᠬᠤᠶ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶ ᠪᠥᠭᠡᠳ ᠨᠠᠷᠢᠯᠢᠭ ᠠᠳᠬᠤᠵᠤ᠂ ᠮᠠᠨ ᠤ ᠲᠤᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠦᠨᠡᠨ ᠬᠦ ᠠᠬᠢᠭᠤᠯᠬᠤ ᠬᠡᠷᠡᠭᠲᠡᠶ᠃ ᠦᠬᠠᠢ ᠶᠢᠨ ᠬᠢᠮᠢ ᠶᠢᠨ ᠠᠵᠤ ᠦᠢᠯᠡᠳᠪᠦᠷᠢ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠢᠦᠢ ᡁᠢ ᠶᠦᠩ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠤᠯᠪᠣᠭᠠᠯᠠᠵᠤ᠂ ᠤᠯᠠᠨ ᠲᠠᠯ᠎ᠠ ᠠᠴᠠ ᠬᠦᠴᠦ ᠪᠠᠨ ᠬᠠᠮᠲᠤᠳᠬᠠᠵᠤ᠂ ᠬᠠᠮᠲᠤᠪᠠᠷ ᠠᠬᠢᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠬᠤᠷᠳᠤᠴᠠ ᠶᠢ ᠲᠦᠷᠭᠡᠳᠬᠡᠵᠦ᠂ ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠢ ᠳᠡᠭᠡᠭᠰᠢᠯᠡᠭᠦᠯᠵᠦ᠂ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠷᠢᠨ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠬᠡᠯᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号