ᠢᠦᠢ ᡁᠢ ᠶᠦᠩ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠢ ᠡᠷᠬᠢᠯᠡᠨ ᠬᠤᠷᠠᠯᠳᠤᠭᠤᠯᠵᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2024/7/26
      7 ᠰᠠᠷ᠎ᠠ ᠶᠢᠨ 25 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠢᠦᠢ ᡁᠢ ᠶᠦᠩ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠢ ᠡᠷᠬᠢᠯᠡᠨ ᠬᠤᠷᠠᠯᠳᠤᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠭᠠᠳᠠᠨᠠᠬᠢ ᠬᠥᠮᠦᠰ ᠤᠨ ᠶᠠᠷᠢᠯᠴᠠᠬᠤ ᠬᠤᠷᠠᠯ ᠢ ᠡᠷᠬᠢᠯᠡᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠲᠤᠭᠤᠷᠢᠭ ᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠪᠣᠯ ᠨᠢᠭᠡ ᠤᠳᠠᠭ᠎ᠠ ᠶᠢᠨ ᠪᠡᠯᠭᠡ ᠲᠡᠮᠳᠡᠭ ᠤᠨ ᠴᠢᠨᠠᠷᠲᠠᠢ᠂ ᠬᠦᠳᠦᠯᠦᠨ ᠳᠠᠭᠠᠭᠤᠯᠬᠤ ᠴᠢᠨᠠᠷᠲᠠᠢ ᠦᠪᠡᠳᠡᠭᠰᠢ ᠶᠡᠭᠡ ᠬᠤᠷᠠᠯ ᠪᠣᠯᠤᠨ᠎ᠠ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠪᠠᠰᠠ ᠳᠤᠮᠳᠠᠳᠤ ᠤᠯᠤᠰ ᠤᠨ ᠥᠭᠡᠷᠡᠴᠢᠯᠡᠯᠲᠡ ᠨᠡᠬᠡᠬᠡᠯᠳᠡ ᠶᠢᠨ ᠴᠠᠭ ᠦᠶ᠎ᠡ ᠶᠢ ᠲᠣᠳᠣᠷᠬᠠᠶᠢᠯᠠᠬᠤ ᠶᠢᠨ ᠪᠡᠯᠭᠡ ᠲᠡᠮᠳᠡᠭ ᠪᠣᠯᠪᠠ᠃ ᠪᠥᠬᠦᠳᠡ ᠬᠤᠷᠠᠯ ᠠᠴᠠ ᠪᠠᠲᠤᠯᠠᠭᠰᠠᠨ ︽ᠲᠣᠭᠲᠠᠭᠠᠯ︾ ᠳᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠵᠢᠯᠣᠭᠤᠳᠬᠤ ᠦᠵᠡᠯ ᠰᠠᠨᠠᠭ᠎ᠠ᠂ ᠶᠡᠷᠦᠩᠬᠡᠶ ᠬᠠᠷᠠᠯᠲᠠ ᠪᠠ ᠴᠢᠬᠤᠯᠠ ᠶᠡᠭᠡ ᠵᠠᠷᠴᠢᠮ ᠢ ᠲᠣᠳᠣᠷᠬᠠᠶᠢᠯᠠᠵᠤ᠂ ᠢᠷᠡᠭᠡᠳᠦᠶ ᠶᠢᠨ 5 ᠵᠢᠯ ᠤᠨ ᠥᠭᠡᠷᠡᠴᠢᠯᠡᠯᠲᠡ ᠶᠢᠨ ᠡᠭᠦᠷᠭᠡ ᠶᠢ ᠭᠤᠤᠯᠳᠠᠯᠭ᠎ᠠ ᠲᠠᠢ ᠪᠠᠶᠢᠷᠢᠯᠠᠭᠤᠯᠤᠭᠰᠠᠨ ᠪᠠᠶᠢᠨ᠎ᠠ᠂ ᠡᠨᠡ ᠪᠣᠯ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠬᠤ ᠥᠷᠭᠡᠴᠡ ᠪᠠ ᠭᠦᠨᠴᠡ ᠲᠠᠢ ᠤᠷᠤᠭᠰᠢᠯᠠᠬᠤ ᠶᠡᠷᠦᠩᠬᠡᠶ ᠳᠠᠶᠢᠴᠢᠯᠠᠯᠲᠠ ᠶᠢᠨ ᠶᠡᠷᠦᠩᠬᠡᠶ ᠪᠠᠶᠢᠷᠢᠯᠠᠭᠤᠯᠤᠯᠲᠠ ᠪᠣᠯᠤᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠪᠥᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ ᠪᠠᠨ ᠪᠥᠬᠦᠳᠡ ᠬᠤᠷᠠᠯ ᠤᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶᠠᠨ ᠤ ᠰᠢᠶ᠋ᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠭᠤᠷᠪᠠᠳᠤᠭᠠᠷ ᠪᠥᠬᠦᠳᠡ ᠬᠤᠷᠠᠯ ᠠᠴᠠ ᠭᠠᠷᠭᠠᠭᠰᠠᠨ ᠴᠢᠬᠤᠯᠠ ᠶᠡᠭᠡ ᠰᠢᠶ᠋ᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠬᠠᠮᠢᠶ᠎ᠠ ᠪᠥᠬᠦᠶ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠤᠶᠠᠯᠳᠤᠭᠤᠯᠤᠨ ᠮᠠᠨ ᠤ ᠲᠤᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠴᠢᠨᠠᠷ ᠰᠠᠶᠢᠲᠠᠶ ᠠᠮᠢᠳᠤᠷᠠᠯ ᠢ ᠪᠡᠶᠡᠯᠡᠭᠦᠯᠬᠦ᠂ ᠥᠨᠳᠥᠷ ᠪᠦᠲᠦᠮᠵᠢᠲᠡᠶ ᠵᠠᠰᠠᠯᠲᠠ ᠶᠢ ᠪᠡᠶᠡᠯᠡᠭᠦᠯᠬᠦ ᠪᠣᠳᠠᠲᠠᠶ ᠠᠵᠢᠯᠯᠠᠭ᠎ᠠ ᠪᠠ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠶ᠃      ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠥᠷᠨᠢᠯᠲᠡ ᠶᠢ ᠦᠳᠲᠡᠷ ᠲᠦᠷᠭᠡᠨ ᠭᠠᠷᠭᠠᠬᠤ ᠬᠡᠷᠡᠭᠲᠡᠢ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠰᠠᠶᠢᠲᠤᠷ ᠤᠬᠠᠭᠤᠯᠵᠤ ᠰᠠᠶᠢᠲᠤᠷ ᠲᠤᠭᠤᠰᠢᠯᠠᠭᠤᠯᠬᠤ ᠪᠠᠷ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠤᠯᠠᠨ ᠲᠡᠰ ᠳᠠᠪᠬᠤᠷᠭ᠎ᠠ᠂ ᠤᠯᠠᠨ ᠬᠡᠯᠪᠡᠷᠢ᠂ ᠪᠦᠬᠦᠨ ᠢ ᠪᠦᠷᠬᠦᠬᠦᠯᠬᠦ ᠰᠤᠷᠤᠯᠴᠠᠯᠭ᠎ᠠ ᠬᠥᠮᠦᠵᠢᠯ ᠢ ᠨᠢᠭᠡᠳᠦᠯᠲᠡᠢ ᠲᠥᠯᠥᠪᠵᠢᠭᠦᠯᠦᠨ ᠥᠷᠨᠢᠭᠦᠯᠵᠦ᠂ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠠᠷᠢᠬᠢ ᠲᠣᠯᠣᠭᠠᠢ ᠰᠡᠳᠬᠢᠯ ᠳᠤ ᠬᠠᠳᠠᠩᠰᠢᠭᠤᠯᠵᠤ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠪᠠᠷᠢᠮᠵᠢᠶᠠᠯᠠᠨ ᠬᠠᠷᠭᠤᠭᠤᠯᠵᠤ᠂ ᠰᠢᠨ᠎ᠡ ᠨᠢᠭᠡ ᠡᠭᠡᠯᠵᠢ ᠶᠢᠨ ᠥᠭᠡᠷᠡᠴᠢᠯᠡᠯᠲᠡ ᠶᠢᠨ ᠴᠢᠭᠯᠡᠯ ᠤᠨ ᠭᠤᠣᠯᠳᠠᠯᠭ᠎ᠠ ᠶᠢ ᠭᠦᠨᠵᠡᠭᠡᠢ ᠪᠣᠳᠠᠲᠠᠢ ᠲᠥᠯᠥᠪᠵᠢᠭᠦᠯᠬᠦ ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ︽ᠲᠣᠭᠲᠠᠭᠠᠯ︾ ᠲᠠᠢ ᠬᠠᠷᠢᠴᠠᠭᠤᠯᠤᠨ ᠲᠣᠰ ᠰᠢᠰᠲ᠋ᠧᠮ ᠲᠣᠰ ᠬᠦᠷᠢᠶᠡᠨ ᠤ ᠥᠭᠡᠷᠡᠴᠢᠯᠡᠯᠲᠡ ᠶᠢᠨ ᠭᠤᠤᠯᠳᠠᠯᠭ᠎ᠠ ᠪᠠ ᠬᠠᠯᠠᠮᠰᠢᠯ ᠴᠡᠭ ᠢ ᠤᠯᠠᠮ ᠨᠢᠭᠡ ᠠᠯᠬᠤᠮ ᠡᠮᠬᠢᠯᠡᠵᠦ᠂ ᠭᠤᠤᠯᠳᠠᠭᠤ ᠮᠠᠨ ᠤ ᠲᠤᠭᠤᠷᠢᠭ ᠤᠨ ᠥᠭᠡᠷᠡᠴᠢᠯᠡᠯᠲᠡ ᠶᠢᠨ ᠡᠭᠦᠷᠭᠡ ᠶᠢᠨ ᠨᠠᠷᠢᠨ ᠲᠠᠩᠰᠠ ᠶᠢᠨ ᠲᠣᠭᠤᠷᠢᠨ ᠳᠤ ᠴᠠᠭ ᠤᠨ ᠬᠦᠰᠦᠨᠦᠭᠲᠦ ᠪᠠ ᠵᠠᠮ ᠱᠤᠭᠤᠮ ᠤᠨ ᠵᠢᠷᠤᠭ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠵᠦᠶ᠋ᠯ ᠳᠠᠷᠠᠭᠠᠯᠠᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠎ᠠ᠃ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠳᠣᠣᠷ᠎ᠠ ᠬᠠᠭᠠᠰ ᠵᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠠᠢ ᠤᠶᠠᠯᠳᠤᠭᠤᠯᠤᠨ᠂ ᠥᠭᠡᠷᠡᠴᠢᠯᠡᠯᠲᠡ ᠶᠢᠨ ᠰᠡᠳᠬᠢᠬᠦᠶ᠂ ᠰᠢᠨ᠎ᠡ ᠶᠢ ᠡᠭᠦᠳᠬᠦ ᠠᠷᠭ᠎ᠠ᠂ ᠪᠣᠭᠤᠮᠲᠠ ᠰᠢᠪᠲᠤᠯᠬᠤ ᠡᠷᠴᠢᠮ ᠢᠶᠠᠷ ᠥᠭᠡᠷᠡᠴᠢᠯᠡᠯᠲᠡ᠂ ᠬᠥᠭᠵᠢᠯᠲᠡ᠂ ᠲᠣᠭᠲᠠᠭᠤᠨ᠂ ᠠᠮᠤᠷ ᠲᠦᠪᠰᠢᠨ᠂ ᠣᠷᠴᠢᠨ ᠠᠬᠤᠶ ᠶᠢᠨ ᠬᠠᠮᠠᠭᠠᠯᠠᠯᠲᠠ ᠵᠡᠷᠭᠡ ᠭᠤᠤᠯᠳᠠᠯᠭ᠎ᠠ ᠲᠠᠢ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠪᠥᠬᠦ ᠵᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠥᠭᠡᠷᠡᠴᠢᠯᠡᠯᠲᠡ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠴᠥᠬᠦᠷᠡᠰᠢ ᠦᠭᠡᠢ ᠠᠬᠢᠭᠤᠯᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠰᠠᠶᠢᠲᠤᠷ ᠠᠳᠬᠤᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ︽ᠭᠤᠷᠪᠠᠨ ᠲᠤᠰᠬᠠᠢ ᠠᠵᠢᠯ︾ ᠢ ᠭᠦᠨᠵᠡᠭᠡᠶᠢᠷᠡᠭᠦᠯᠦᠨ ᠠᠬᠢᠭᠤᠯᠵᠤ᠂ ᠰᠢᠨ᠎ᠡ ᠨᠢᠭᠡ ᠡᠭᠡᠯᠵᠢ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠶᠢᠭᠤᠯᠤᠯᠲᠠ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃      ᠬᠤᠷᠠᠯ ᠠᠴᠠ ᠪᠠᠰᠠ ᠶᠡᠷᠦᠩᠬᠡᠶ ᠱᠦᠵᠢ ᠰᠢ ᠶᠢᠨ ᠫᠢᠩ ᠤᠨ ᠱᠠᠨᠰᠢ ᠶᠢᠨ ᠱᠠᠩ ᠯᠦᠸᠧ ᠬᠤᠲᠠ ᠶᠢᠨ ᠴᠠᠷᠠᠰᠤ ᠰᠢᠶᠠᠨ ᠤ ᠬᠢᠯᠢ ᠳᠣᠲᠣᠷᠠᠬᠢ ᠲᠦᠷᠭᠡᠨ ᠳᠠᠪᠬᠢᠬᠤ ᠵᠠᠰᠠᠮᠠᠯ ᠵᠠᠮ ᠤᠨ ᠬᠥᠭᠦᠷᠭᠡ ᠨᠤᠷᠠᠭᠰᠠᠨ ᠶᠠᠪᠤᠳᠠᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠢᠮᠠᠭᠲᠠ ᠳᠡᠭᠡᠳᠦ ᠬᠡᠮᠵᠢᠶᠡᠨ ᠤ ᠰᠡᠷᠡᠮᠵᠢ ᠲᠠᠢ ᠪᠠᠶᠢᠵᠤ᠂ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠵᠤ᠂ ᠭᠠᠵᠠᠷ ᠤᠨ ᠭᠠᠶ ᠭᠠᠮᠰᠢᠭ ᠤᠨ ᠳᠠᠯᠳᠠ ᠬᠡᠮ ᠤᠨ ᠴᠡᠭ᠂ ᠬᠤᠲᠠ ᠶᠢᠨ ᠤᠰᠤᠲᠤᠯ ᠠᠮᠠᠷᠬᠠᠨ ᠡᠭᠦᠰᠬᠦ ᠴᠡᠭ᠂ ᠭᠤᠤᠯ ᠮᠥᠷᠡᠨ ᠨᠠᠭᠤᠷ ᠴᠥᠭᠦᠷᠥᠮ ᠤᠨ ᠬᠠᠰᠢᠯᠭ᠎ᠠ ᠳᠠᠯᠠᠩ ᠵᠡᠷᠭᠡ ᠭᠤᠤᠯᠳᠠᠯᠭ᠎ᠠ ᠲᠠᠢ ᠬᠡᠰᠡᠭ ᠢ ᠲᠣᠭᠤᠷᠢᠨ ᠪᠠᠶᠢᠴᠠᠭᠠᠵᠤ ᠰᠡᠷᠭᠡᠶᠢᠯᠡᠨ ᠬᠠᠮᠠᠭᠠᠯᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠲᠥᠰᠦᠯ ᠪᠠ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠦᠴᠦᠨ ᠪᠠ ᠲᠣᠨᠤᠭ ᠲᠥᠬᠦᠭᠡᠷᠦᠮᠵᠢ ᠡᠳ᠋ ᠪᠣᠳᠠᠰ ᠢ ᠭᠦᠢᠴᠡᠳ ᠪᠡᠯᠡᠳᠬᠡᠵᠦ᠂ ᠪᠠᠴᠢᠮ ᠪᠠᠶᠢᠳᠠᠯ ᠢ ᠠᠷᠭᠠᠴᠠᠵᠤ ᠭᠠᠮᠰᠢᠭ ᠠᠴᠠ ᠠᠪᠤᠷᠬᠠᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢ ᠨᠢ ᠴᠢᠩᠭᠠᠳᠬᠠᠵᠤ᠂ ᠠᠶᠤᠯ ᠠᠴᠠ ᠵᠠᠶᠢᠯᠠᠬᠤ ᠤᠷ᠎ᠠ ᠴᠢᠳᠠᠪᠤᠷᠢ ᠶᠢ ᠨᠢ ᠳᠡᠭᠡᠭᠰᠢᠯᠡᠭᠦᠯᠵᠦ᠂ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠭᠠᠵᠤ ᠴᠢᠳᠠᠬᠤ︾ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠬᠤ ᠬᠡᠷᠡᠭᠲᠡᠶ᠃      ᠬᠤᠷᠠᠯ ᠠᠴᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠶ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ᠱᠠᠭᠠᠷᠳᠠᠯᠭ᠎ᠠ ᠵᠢᠴᠢ ᠪᠥᠬᠦ ᠬᠤᠲᠠ ᠶᠢᠨ ᠭᠤᠷᠪᠠᠨ ᠵᠦᠢᠯ ᠤᠨ ᠠᠵᠢᠯ ᠢ ᠨᠢᠭᠡ ᠴᠤᠭᠴᠠᠵᠢᠭᠤᠯᠤᠨ ᠠᠬᠢᠭᠤᠯᠬᠤ ᠪᠠ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠡᠭᠦᠷᠭᠡ ᠶᠢ ᠳᠣᠭᠢᠷᠠᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ ᠵᠥᠪᠯᠡᠵᠦ᠂ ᠬᠤᠯᠪᠣᠭᠳᠠᠯ ᠪᠥᠬᠦᠶ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠱᠠᠲᠤᠨ ᠤ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号