ᠪᠠᠢ ᠴᠦᠨ ᠯᠸᠢ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 11 ᠳ᠋ᠤᠭᠡᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠤᠨ ᠰᠤᠷᠤᠯᠴᠠᠯᠭ᠎ᠠ ᠶᠢᠨ ᠬᠤᠷᠠᠯ ᠵᠢᠴᠢ 2024 ᠣᠨ ᠤ 11 ᠳ᠋ᠤᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/26
      7 ᠰᠠᠷ᠎ᠠ ᠶᠢᠨ 25 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠢ ᠴᠦᠨ ᠯᠸᠢ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 11 ᠳ᠋ᠤᠭᠡᠷ ᠤᠳᠠᠭ᠎ᠠ ᠶᠢᠨ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠵᠢᠴᠢ 2024 ᠣᠨ ᠤ 11 ᠳ᠋ᠤᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠥᠪ ᠤᠨ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ᠂ ︽ᠥᠭᠡᠷᠡᠴᠢᠯᠡᠯᠲᠡ ᠶᠢ ᠤᠯᠠᠮ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠲᠣᠭᠲᠠᠭᠠᠯ︾ ︽ᠶᠡᠷᠦᠩᠬᠡᠢ ᠱᠦᠵᠢ ᠰᠢ ᠶᠢᠨ ᠫᠢᠩ ᠤᠨ ︿ᠥᠭᠡᠷᠡᠴᠢᠯᠡᠯᠲᠡ ᠶᠢ ᠤᠯᠠᠮ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠲᠣᠭᠲᠠᠭᠠᠯ﹀ ᠤᠨ ᠲᠤᠬᠠᠢ ᠲᠣᠳᠣᠷᠬᠠᠶᠢᠯᠠᠯᠲᠠ︾ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ︽ᠦᠨᠡᠨ︾ ᠰᠡᠳᠬᠦᠯ ᠳᠤ ᠨᠡᠶᠢᠲᠡᠯᠡᠭᠰᠡᠨ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠡᠯ᠎ᠡ ᠱᠠᠲᠤ᠂ ᠡᠯ᠎ᠡ ᠰᠠᠯᠠᠭ᠎ᠠ ᠮᠥᠴᠢᠷ ᠤᠨ ᠬᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠠᠷᠠᠯᠲᠠ ᠡᠭᠦᠷᠭᠡ ᠪᠣᠯᠤᠨ ᠴᠢᠬᠤᠯᠠ ᠶᠡᠭᠡ ᠵᠠᠷᠴᠢᠮ ᠢ ᠭᠦᠨᠵᠡᠭᠡᠢ ᠡᠵᠡᠮᠳᠡᠵᠦ᠂ ᠮᠠᠨ ᠤ ᠲᠣᠭᠤᠷᠢᠭ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ᠥᠭᠡᠷᠡᠴᠢᠯᠡᠯᠲᠡ ᠶᠢ ᠲᠥᠯᠥᠪᠵᠢᠭᠦᠯᠦᠨ ᠨᠠᠶᠢᠳᠠᠪᠤᠷᠢᠵᠢᠭᠤᠯᠬᠤ ᠴᠢᠳᠠᠪᠤᠷᠢ ᠪᠠᠨ ᠳᠡᠭᠡᠭᠰᠢᠯᠡᠭᠦᠯᠵᠦ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠳᠤ ᠲᠠᠰᠤᠷᠠᠯᠲᠠ ᠦᠭᠡᠢ ᠰᠢᠨ᠎ᠡ ᠰᠢᠪᠲᠤᠯᠤᠯᠲᠠ ᠭᠠᠷᠭᠠᠬᠤ ᠶᠢ ᠠᠬᠢᠭᠤᠯᠬᠤ ᠬᠡᠷᠡᠭᠲᠡᠢ᠃ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ︽ᠤᠯᠤᠰ ᠲᠥᠷᠥ ᠶᠢᠨ ᠭᠤᠷᠪᠠᠨ ᠬᠦᠴᠦᠨ︾ ᠢ ᠦᠷᠭᠦᠯᠵᠢᠯᠡᠨ ᠳᠠᠪᠲᠠᠨ ᠪᠣᠯᠪᠠᠰᠤᠷᠠᠭᠤᠯᠵᠤ᠂ ᠶᠠᠭ ᠥᠷᠨᠢᠭᠦᠯᠵᠦ ᠪᠠᠶᠢᠭ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠤᠨ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢᠨ ᠤᠬᠠᠮᠰᠠᠷ᠂ ᠶᠣᠰᠣ ᠲᠦᠷᠢᠮ ᠤᠨ ᠤᠬᠠᠮᠰᠠᠷ ᠢᠶᠠᠨ ᠴᠢᠩᠭᠠᠳᠬᠠᠬᠤ ᠶᠢ ᠬᠥᠲᠥᠯᠦᠨ ᠵᠢᠯᠣᠭᠤᠳᠴᠤ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠥᠷᠥ ᠶᠢᠨ ᠠᠮᠢ ᠠᠬᠤᠶ ᠶᠢ ᠬᠠᠳᠠᠭᠠᠯᠠᠬᠤ ᠬᠡᠷᠡᠭᠲᠡᠶ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠤᠢᠢᠯᠠᠭᠠᠨ ᠡᠵᠡᠮᠰᠢᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ᠂ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠪᠥᠬᠦᠳᠡ ᠬᠤᠷᠠᠯ ᠤᠨ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ︽ᠲᠤᠯᠤᠭᠠᠨ ᠠᠩᠬᠠᠷᠤᠯ︾ ᠲᠠᠢ ᠨᠢᠭᠲᠠ ᠤᠶᠠᠯᠳᠤᠭᠤᠯᠤᠨ᠂ ︽ᠵᠢᠷᠭᠤᠭ᠎ᠠ ᠶᠢ ᠪᠠᠷᠢᠮᠲᠠᠯᠠᠬᠤ︾ ᠶᠢ ᠪᠡᠶᠡᠯᠡᠭᠦᠯᠵᠦ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠶᠢᠭᠤᠯᠤᠯ ᠲᠣᠭᠲᠠᠴᠠ ᠶᠢ ᠬᠦᠴᠦᠯᠡᠨ ᠲᠡᠭᠦᠯᠳᠡᠷᠵᠢᠭᠦᠯᠵᠦ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠨᠠᠩ ᠣᠯᠠᠨ ᠪᠣᠳᠠᠲᠠᠶ ᠠᠷᠭ᠎ᠠ ᠬᠡᠮᠵᠢᠶ᠎ᠡ ᠬᠠᠲᠠᠭᠤ ᠠᠷᠭ᠎ᠠ ᠶᠢ ᠪᠦᠷᠢᠯᠳᠦᠭᠦᠯᠬᠦ ᠬᠡᠷᠡᠭᠲᠡᠶ᠃ ᠡᠭᠦᠨ ᠤ ᠬᠠᠮᠲᠤ ᠠᠮᠤᠷ ᠠᠮᠤᠭᠤᠯᠠᠩ ᠢᠶᠠᠷ ᠰᠠᠭᠤᠷᠢ ᠪᠣᠯᠭᠠᠬᠤ ᠶᠢ ᠢᠮᠠᠭᠲᠠ ᠪᠠᠷᠢᠮᠲᠠᠯᠠᠵᠤ᠂ ᠠᠶᠤᠯᠭᠦᠢ ᠦᠢᠯᠡᠳᠪᠦᠷᠢᠯᠡᠯ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ᠂ ᠨᠡᠶᠢᠭᠡᠮ ᠤᠨ ᠵᠠᠰᠠᠯᠲᠠ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠵᠡᠷᠭᠡ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠨᠠᠨ ᠤ ᠶᠤᠸᠠᠢ ᠶᠠᠩ ᠬᠤᠳᠠ ᠶᠢᠨ ᠬᠤᠸᠠ ᠷᠦᠩ ᠰᠢᠶᠠᠨ ᠤ ᠲᠤᠸᠠᠨ ᠵᠧᠦ ᠳᠡᠯᠠᠩ ᠨᠠᠭᠤᠷ ᠤᠨ ᠨᠢᠭᠡᠳᠦᠭᠡᠷ ᠹᠷᠣᠨᠲ ᠤᠨ ᠬᠠᠰᠢᠯᠭ᠎ᠠ ᠳᠠᠯᠠᠩ ᠤᠨ ᠭᠠᠮᠰᠢᠭ ᠡᠭᠦᠰᠬᠦ ᠦᠶ᠎ᠡ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠱᠠᠨᠰᠢ ᠶᠢᠨ ᠱᠠᠩ ᠯᠦᠸᠧ ᠬᠤᠲᠠ ᠶᠢᠨ ᠴᠠᠷᠠᠰᠤᠨ ᠰᠢᠶᠠᠨ ᠤ ᠬᠢᠯᠢ ᠳᠣᠲᠣᠷᠠᠬᠢ ᠲᠦᠷᠭᠡᠨ ᠳᠠᠪᠬᠢᠬᠤ ᠵᠠᠰᠠᠮᠠᠯ ᠵᠠᠮ ᠤᠨ ᠬᠥᠭᠦᠷᠭᠡ ᠨᠤᠷᠠᠭᠰᠠᠨ ᠪᠠᠶᠢᠳᠠᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠡᠷᠭᠡ ᠶᠢ ᠤᠯᠠᠮᠵᠢᠯᠠᠨ ᠰᠤᠷᠤᠯᠴᠠᠵᠤ᠂ ᠪᠦᠬᠦ ᠣᠷᠣᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠦᠬᠦ ᠲᠣᠭᠤᠷᠢᠭ ᠤᠨ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠭᠦᠨᠵᠡᠭᠡᠢ ᠰᠤᠷᠭᠠᠮᠵᠢ ᠠᠪᠴᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠳᠤᠮᠳᠠ ᠣᠷᠣᠰᠢᠵᠤ ᠪᠠᠶᠢᠭ᠎ᠠ ᠪᠠᠭᠤᠷᠠᠢ ᠭᠤᠭᠴᠤᠭ᠎ᠠ ᠶᠢ ᠡᠷᠭᠢᠴᠡᠭᠦᠯᠦᠨ ᠪᠣᠳᠣᠯᠬᠢᠯᠠᠵᠤ᠂ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ᠂ ᠡᠳ᠋ ᠪᠣᠳᠠᠰ ᠢ ᠨᠥᠭᠡᠴᠡᠯᠡᠬᠦ᠂ ᠪᠠᠴᠢᠮ ᠪᠠᠶᠢᠳᠠᠯ ᠢ ᠠᠷᠭᠠᠴᠠᠭᠠᠬᠤ ᠵᠡᠷᠭᠡ ᠠᠵᠢᠯ ᠢ ᠰᠠᠶᠢᠲᠤᠷ ᠬᠢᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠦᠬᠦ ᠲᠤᠭᠤᠷᠢᠭ ᠤᠨ ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠪᠠᠶᠢᠳᠠᠯ ᠤᠨ ᠵᠠᠳᠠᠯᠤᠯᠲᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠯ᠎ᠡ ᠰᠠᠯᠠᠭ᠎ᠠ ᠮᠥᠴᠢᠷ ᠤᠨ ᠬᠢᠨ ᠠᠵᠤ ᠠᠬᠤᠢ ᠶᠢ ᠶᠡᠬᠡᠪᠡᠷ ᠠᠳᠬᠤᠬᠤ᠂ ᠬᠥᠭᠵᠢᠯᠲᠡ ᠶᠢ ᠶᠡᠬᠡᠪᠡᠷ ᠠᠳᠬᠤᠬᠤ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠭᠤᠣᠯ ᠤᠶᠤᠨ ᠴᠢᠳᠠᠯ ᠢᠶᠠᠨ ᠲᠦᠷᠦᠯ ᠵᠦᠢᠯ ᠢ ᠠᠳᠬᠤᠬᠤ᠂ ᠣᠷᠣᠯᠭ᠎ᠠ ᠶᠢ ᠠᠳᠬᠤᠬᠤ ᠳᠡᠭᠡᠷ᠎ᠡ ᠲᠠᠯᠪᠢᠵᠤ᠂ ᠳᠣᠣᠷ᠎ᠠ ᠬᠠᠭᠠᠰ ᠵᠢᠯ ᠤᠨ ᠠᠵᠤ ᠠᠬᠤᠢ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ ᠪᠠᠰᠠ ᠲᠣᠭᠤᠷᠢᠭ ᠤᠨ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ᠂ ᠥᠪᠡᠷᠲᠡᠭᠡᠨ ᠵᠠᠰᠠᠬᠤ ᠣᠷᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠳᠤᠮᠳᠠ ᠬᠤᠭᠤᠴᠠᠭᠠᠨ ᠤ ᠦᠨᠡᠯᠡᠨ ᠵᠢᠱᠢᠬᠦ ᠪᠡᠯᠡᠳᠬᠡᠯ ᠠᠵᠢᠯ ᠤᠨ ᠪᠠᠶᠢᠳᠠᠯ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠦᠨᠡᠯᠡᠨ ᠵᠢᠱᠢᠬᠦ ᠪᠡᠯᠡᠳᠬᠡᠯ ᠠᠵᠢᠯ ᠤᠨ ᠪᠠᠶᠢᠳᠠᠯ᠂ ᠬᠠᠶᠢᠨᠠᠨ ᠲᠣᠭᠤᠷᠢᠭ ᠤᠨ 2024 ᠣᠨ ᠤ ᠳᠡᠭᠡᠷ᠎ᠡ ᠬᠠᠭᠠᠰ ᠵᠢᠯ ᠤᠨ ᠬᠤᠤᠷᠲᠤ ᠡᠳ᠋ ᠢ ᠴᠠᠭᠠᠵᠠᠯᠠᠬᠤ ᠠᠵᠢᠯ ᠪᠠ ᠪᠥᠬᠦ ᠤᠯᠤᠰ ᠤᠨ ᠬᠤᠤᠷᠲᠤ ᠡᠳ᠋ ᠢ ᠴᠠᠭᠠᠵᠠᠯᠠᠬᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠪᠠᠶᠢᠳᠠᠯ ᠵᠢᠴᠢ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠵᠡᠷᠭᠡ ᠶᠢᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号