ᠬᠠᠶᠢᠨᠠᠨ ᠲᠣᠭᠤᠷᠢᠭ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/26
      ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠡᠯ᠎ᠡ ᠵᠦᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠ ᠬᠤᠭᠤᠴᠠᠭᠠᠨ ᠤ ᠦᠨᠡᠯᠡᠨ ᠵᠢᠱᠢᠬᠦ ᠪᠡᠯᠡᠳᠬᠡᠯ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ᠂ 7 ᠰᠠᠷ᠎ᠠ ᠶᠢᠨ 17 ᠤ ᠡᠳᠦᠷ᠂ ᠬᠠᠶᠢᠨᠠᠨ ᠲᠣᠭᠤᠷᠢᠭ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠬᠤ ᠬᠤᠷᠠᠯ ᠬᠤᠷᠠᠯᠳᠤᠭᠤᠯᠪᠠ᠃ ᠬᠤᠷᠠᠯ ᠢ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠤᠨ ᠳᠡᠳ᠋ ᠡᠷᠬᠢᠯᠡᠭᠴᠢ᠂ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠳᠠᠷᠤᠭ᠎ᠠ ᠯᠢ ᠵᠢᠶᠦ᠋ᠨ ᠸᠧᠨ ᠡᠷᠭᠢᠯᠡᠵᠦ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠬᠠᠶᠢᠨᠠᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠳᠠᠷᠤᠭ᠎ᠠ ᠯᠢᠦ ᠵᠢᠶᠠᠨ ᠫᠢᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠡᠯ᠎ᠡ ᠬᠠᠷᠢᠭᠤᠴᠠᠯᠭᠠᠲᠤ ᠨᠢᠭᠡᠴᠡ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ ᠣᠷᠣᠯᠴᠠᠵᠠᠶ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ᠂ ᠦᠬᠠᠢ ᠬᠤᠳᠠ ᠶᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠭᠤᠷᠪᠠᠳᠤᠭᠠᠷ ᠤᠳᠠᠭ᠎ᠠ ᠶᠢᠨ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠶᠢᠨᠠᠨ ᠲᠣᠭᠤᠷᠢᠭ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠳᠤᠮᠳᠠ ᠬᠤᠭᠤᠴᠠᠭᠠᠨ ᠤ ᠦᠨᠡᠯᠡᠨ ᠵᠢᠱᠢᠬᠦ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠢ ᠮᠡᠳᠡᠭᠳᠡᠵᠦ᠂ ᠲᠦᠷᠪᠡᠨ ᠬᠦᠷᠢᠶᠡᠨ ᠤ ᠲᠤᠰᠬᠠᠢ ᠠᠬᠢᠭᠤᠯᠬᠤ ᠳᠤᠭᠤᠶᠢᠯᠠᠩ ᠤᠨ ᠳᠤᠮᠳᠠ ᠬᠤᠭᠤᠴᠠᠭᠠᠨ ᠤ ᠦᠨᠡᠯᠡᠨ ᠵᠢᠱᠢᠬᠦ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠥᠪᠡᠷᠲᠡᠭᠡᠨ ᠵᠠᠰᠠᠬᠤ ᠣᠷᠣᠨ ᠤ ᠳᠤᠮᠳᠠ ᠬᠤᠭᠤᠴᠠᠭᠠᠨ ᠤ ᠦᠨᠡᠯᠡᠨ ᠵᠢᠱᠢᠬᠦ ᠠᠵᠢᠯ ᠢ ᠤᠭᠲᠤᠬᠤ ᠲᠤᠬᠠᠢ ᠪᠠᠶᠢᠷᠢᠯᠠᠭᠤᠯᠤᠯᠲᠠ ᠬᠢᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠳᠤᠮᠳᠠ ᠬᠤᠭᠤᠴᠠᠭᠠᠨ ᠤ ᠦᠨᠡᠯᠡᠨ ᠵᠢᠱᠢᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠣᠰ ᠤᠳᠠᠭᠠᠨ ᠤ ᠥᠪᠡᠷᠲᠡᠭᠡᠨ ᠵᠠᠰᠠᠬᠤ ᠣᠷᠣᠨ ᠤ ᠳᠤᠮᠳᠠ ᠬᠤᠭᠤᠴᠠᠭᠠᠨ ᠤ ᠦᠨᠡᠯᠡᠨ ᠵᠢᠱᠢᠯᠲᠡ ᠪᠠᠷ ᠴᠢᠬᠤᠯᠠ ᠠᠵᠠ ᠲᠣᠬᠢᠶᠠᠯ ᠪᠣᠯᠭᠠᠵᠤ᠂ ᠮᠠᠨ ᠤ ᠣᠷᠣᠨ ᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ ᠪᠠ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃      ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠴᠢᠨᠠᠭᠰᠢᠳᠠ ᠨᠢᠭᠲᠠᠷᠠᠭᠤᠯᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠰᠬᠠᠢ ᠲᠦᠷᠦᠯ ᠤᠨ ᠠᠯᠪᠠᠨ ᠭᠡᠷ᠂ ᠲᠦᠷᠪᠡᠨ ᠬᠦᠷᠢᠶᠡᠨ ᠤ ᠲᠦᠷᠦᠭᠦᠯᠡᠨ ᠬᠢᠬᠦ ᠰᠠᠯᠠᠭ᠎ᠠ ᠮᠥᠴᠢᠷ ᠤᠨ ᠬᠢᠨ ᠤᠯᠤᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠳᠤ ᠴᠢᠭᠯᠡᠭᠦᠯᠦᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠬᠠᠮᠲᠤᠪᠠᠷ ᠨᠠᠶᠢᠳᠠᠪᠤᠷᠢᠵᠢᠭᠤᠯᠤᠨ ᠰᠢᠢᠳᠪᠦᠷᠢᠯᠡᠵᠦ᠂ ᠦᠨᠡᠯᠡᠨ ᠵᠢᠱᠢᠬᠦ ᠭᠦᠢᠴᠡᠳᠬᠡᠯ ᠲᠤᠭ᠎ᠠ ᠶᠢᠨ ᠡᠯ᠎ᠡ ᠵᠦᠢᠯ ᠤᠨ ᠠᠭᠤᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠠᠢ ᠬᠡᠷᠡᠭᠵᠢᠭᠦᠯᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠡᠯ᠎ᠡ ᠬᠠᠷᠢᠭᠤᠴᠠᠯᠭᠠᠲᠤ ᠨᠢᠭᠡᠴᠡ ᠨᠦᠭᠦᠳ ᠰᠢᠯᠭᠠᠯᠲᠠ ᠲᠤᠰᠢᠶᠠᠬᠤ ᠤᠬᠠᠮᠰᠠᠷ ᠢ ᠪᠣᠶ ᠪᠣᠯᠭᠠᠵᠤ᠂ ᠳᠤᠮᠳᠠ ᠬᠤᠭᠤᠴᠠᠭᠠᠨ ᠤ ᠦᠨᠡᠯᠡᠨ ᠵᠢᠱᠢᠬᠦ ᠡᠯ᠎ᠡ ᠵᠦᠢᠯ ᠤᠨ ᠭᠦᠢᠴᠡᠳᠭᠡᠯ ᠲᠤᠭ᠎ᠠ ᠶᠢᠨ ᠠᠭᠤᠯᠭ᠎ᠠ ᠲᠠᠢ ᠬᠠᠷᠢᠴᠠᠭᠤᠯᠤᠨ ᠰᠠᠨᠠᠭᠠᠴᠢᠯᠠᠭ᠎ᠠ ᠠᠴᠠ ᠪᠠᠨ ᠡᠭᠦᠷᠭᠡ ᠪᠠᠨ ᠭᠥᠯᠢᠶᠡᠨ ᠠᠪᠴᠤ᠂ ᠠᠵᠢᠯ ᠢᠶᠠᠨ ᠪᠡᠶᠡᠯᠡᠭᠦᠯᠦᠭᠰᠡᠨ ᠪᠠᠶᠢᠳᠠᠯ ᠢᠶᠠᠨ ᠵᠦᠢᠯ ᠳᠠᠷᠠᠭᠠᠯᠠᠨ ᠡᠮᠬᠢᠯᠡᠬᠦ ᠬᠡᠷᠡᠭᠲᠡᠶ᠃ ᠡᠯ᠎ᠡ ᠰᠠᠯᠠᠭ᠎ᠠ ᠮᠥᠴᠢᠷ ᠠᠽᠢᠶ᠎ᠠ ᠲᠢᠪ ᠤᠨ ᠬᠢᠨ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠲᠤᠷᠰᠢᠯᠭ᠎ᠠ ᠠᠷᠭ᠎ᠠ ᠬᠢᠳᠡᠯ ᠢ ᠪᠥᠬᠦ ᠲᠠᠯ᠎ᠠ ᠪᠠᠷ ᠳ᠋ᠦᠩᠨᠡᠨ ᠪᠣᠯᠪᠠᠰᠤᠷᠠᠭᠤᠯᠵᠤ᠂ ᠠᠵᠢᠯ ᠤᠨ ᠣᠨᠴᠠᠯᠢᠭ ᠲᠠᠢ ᠬᠢᠯᠠᠰ ᠴᠡᠭ ᠢ ᠠᠭᠤᠳᠠᠯᠤᠨ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠡᠯ᠎ᠡ ᠵᠦᠢᠯ ᠤᠨ ᠠᠵᠢᠯ ᠳᠤ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠪᠠ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号