ᠬᠠᠶᠢᠨᠠᠨ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/3
      7 ᠰᠠᠷ᠎ᠠ ᠶᠢᠨ 2 ᠤᠨ ᠡᠳᠦᠷ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠳ᠋ᠢᠩ‌‍ᠸᠧᠢ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠣᠭᠤᠯᠪᠠ᠃       ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠠᠷᠠᠳ ᠤᠨ ᠬᠠᠪᠰᠤᠷᠤᠨ ᠰᠢᠭᠦᠭᠴᠢ ᠶᠢᠨ ᠬᠤᠭᠤᠴᠠᠭ᠎ᠠ ᠰᠣᠯᠢᠬᠤ ᠳᠤ ᠰᠣᠩᠭᠤᠨ ᠲᠣᠮᠢᠯᠠᠬᠤ ᠲᠤᠬᠠᠶ ᠵᠢᠭᠠᠪᠤᠷᠢ ᠠᠪᠬᠤ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ︽ᠲᠤᠯᠤᠭᠠᠨ ᠶᠡᠭᠡ ᠶᠡᠷᠦᠩᠬᠡᠶᠢᠯᠡᠨ ᠵᠠᠰᠠᠬᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ︾ ᠶᠢᠨ ᠠᠵᠢᠯ ᠤᠨ ᠪᠠᠶᠢᠳᠠᠯ ᠤᠨ ᠲᠤᠬᠠᠶ ᠮᠡᠳᠡᠭᠦᠯᠦᠯᠲᠡ᠂ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠠᠵᠢᠯ ᠤᠨ ᠪᠠᠶᠢᠳᠠᠯ ᠤᠨ ᠲᠤᠬᠠᠶ ᠮᠡᠳᠡᠭᠦᠯᠦᠯᠲᠡ᠂ ᠪᠥᠬᠦ ᠣᠷᠣᠨ ᠤ ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠢᠴᠢ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠲᠤᠬᠠᠶ ᠮᠡᠳᠡᠭᠦᠯᠦᠯᠲᠡ᠂ ᠲᠠᠷᠢᠶᠠᠯᠠᠬᠤ ᠣᠷᠣᠨ ᠤ ᠠᠷᠢᠭᠤᠨ ᠴᠡᠪᠡᠷ ᠳᠤᠯᠠᠭᠠᠯᠠᠭ᠎ᠠ ᠶᠢᠨ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠢᠨᠵᠧᠨᠧᠷᠢᠩ ᠤᠨ ᠠᠬᠢᠴᠠ ᠶᠢᠨ ᠪᠠᠶᠢᠳᠠᠯ ᠤᠨ ᠲᠤᠬᠠᠶ ᠮᠡᠳᠡᠭᠦᠯᠦᠯᠲᠡ᠂ 2024 ᠣᠨ ᠳᠤ ᠰᠢᠨ᠎ᠡ ᠪᠠᠷ ᠨᠡᠮᠡᠭᠳᠡᠭᠰᠡᠨ ᠣᠷᠣᠨ ᠨᠤᠲᠤᠭ ᠤᠨ ᠵᠠᠰᠠᠭ ᠤᠨ ᠣᠷᠳᠣᠨ ᠤ ᠡᠩ ᠤᠨ ᠥᠷᠢ ᠥᠭᠴᠡᠭᠡ ᠶᠢᠨ ᠬᠢᠵᠠᠭᠠᠷ ᠲᠤᠭ᠎ᠠ ᠵᠢᠴᠢ ᠡᠩ ᠤᠨ ᠵᠢᠭᠡᠯᠡᠯᠭᠡ ᠶᠢᠨ ᠲᠡᠮᠳᠡᠭᠲᠦ ᠶᠢ ᠳᠣᠭᠢᠷᠠᠭᠤᠯᠤᠨ ᠬᠡᠷᠡᠭᠯᠡᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢ ᠶᠢᠨ ᠠᠵᠢᠯ ᠤᠨ ᠵᠥᠪᠯᠡᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠮᠡᠳᠡᠭᠦᠯᠦᠯᠲᠡ ᠪᠠ ︽ᠬᠠᠶᠢᠨᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠭᠦᠢᠴᠡᠳᠭᠡᠬᠦ ᠶᠢ ᠬᠢᠨᠠᠨ ᠰᠢᠯᠭᠠᠬᠤ ᠬᠠᠮᠢᠶᠠᠷᠤᠯᠲᠠ ᠶᠢᠨ ᠠᠵᠢᠯ ᠤᠨ ᠠᠷᠭ᠎ᠠ ︵ᠲᠤᠷᠰᠢᠨ ᠬᠡᠷᠡᠭᠵᠢᠭᠦᠯᠬᠦ︶ ︵ᠲᠥᠰᠦᠯ︶︾ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠮᠡᠳᠡᠭᠳᠡᠯ᠃      ᠬᠤᠷᠠᠯ ᠠᠴᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠶᠠᠪᠤᠳᠠᠯ ᠢ ᠬᠤᠷᠠᠯ ᠠᠴᠠ ᠪᠠᠲᠤᠯᠠᠪᠠ᠄      ᠵᠠᠩ ᠨᠢᠩ ᠢ ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠷ ᠲᠣᠮᠢᠯᠠᠬᠤ ᠪᠠᠷ ᠲᠣᠭᠲᠠᠪᠠ᠃      ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠳ᠋ᠢᠩ ᠸᠧᠢ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠬᠥᠮᠦᠰ ᠲᠤ ᠲᠤᠰᠢᠶᠠᠯ ᠳᠤ ᠲᠣᠮᠢᠯᠠᠬᠤ ᠪᠢᠴᠢᠭ ᠣᠯᠭᠤᠭᠰᠠᠨ ᠪᠥᠭᠡᠳ ᠪᠠᠶᠠᠷ ᠬᠦᠷᠭᠡᠵᠦ ᠪᠠᠶᠢᠬᠤ ᠪᠠᠨ ᠢᠯᠡᠳᠬᠡᠵᠦ᠂ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠬᠥᠮᠦᠰ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠪᠠ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号