ᠷᠠᠰᠠᠩ ᠰᠦᠮ᠎ᠡ ᠪᠠᠯᠭᠠᠰᠤ ᠳᠥᠷᠪᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ 95 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/30
      7 ᠰᠠᠷ᠎ᠠ ᠶᠢᠨ 26 ᠤ ᠡᠳᠦᠷ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠠᠩ ᠶᠤᠸᠠᠢ ᠯᠦᠩ ᠷᠠᠰᠠᠩ ᠰᠦᠮ᠎ᠡ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ 95 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠤᠳᠠᠭᠠᠨ ᠤ ᠬᠤᠷᠠᠯ ᠤᠨ ᠠᠯᠪᠠᠨ ᠮᠡᠳᠡᠭᠡᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ︽ᠦᠨᠡᠨ︾ ᠰᠡᠳᠬᠦᠯ ᠳᠡᠭᠡᠷ᠎ᠡ ᠨᠡᠶᠢᠲᠡᠯᠡᠭᠰᠡᠨ ᠨᠡᠷ᠎ᠡ ᠪᠢᠴᠢᠭᠰᠡᠨ ᠵᠣᠬᠢᠶᠠᠯ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ ︵ᠬᠡᠰᠡᠭ ᠰᠣᠩᠭᠤᠬᠤ ᠠᠷᠪᠠᠨ ᠨᠢᠭᠡᠳᠦᠭᠡᠷ ᠪᠦᠯᠦᠭ︶︾ ᠢ ᠰᠤᠷᠤᠯᠴᠠᠵᠤ᠂ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠯᠪᠠᠨ ᠬᠡᠷ ᠤᠨ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠤᠨ ᠲᠤᠬᠠᠢ ᠠᠵᠢᠯ ᠤᠨ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠠ ︽ᠨᠠᠮ ᠤᠨ ᠪᠠᠶᠢᠭᠤᠯᠤᠯᠲᠠ ᠶᠢ ᠢᠯᠡ ᠪᠣᠯᠭᠠᠬᠤ᠂ ᠠᠮᠵᠢᠯᠲᠠ ᠪᠦᠲᠦᠮᠵᠢ ᠶᠢ ᠢᠯᠡ ᠪᠣᠯᠭᠠᠬᠤ︾ ᠦᠷ᠎ᠡ ᠠᠰᠢᠭ ᠢ ᠨᠡᠮᠡᠭᠳᠡᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢᠨ ᠲᠤᠬᠠᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠷᠠᠰᠠᠩ ᠰᠦᠮ᠎ᠡ ᠪᠠᠯᠭᠠᠰᠤᠨ ᠤ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠶᠢᠨ ᠳᠡᠭᠡᠷ᠎ᠡ ᠬᠠᠭᠠᠰ ᠵᠢᠯ ᠤᠨ ᠠᠵᠢᠯ ᠤᠨ ᠬᠠᠷᠢᠭᠤ ᠮᠡᠳᠡᠭᠦᠯᠦᠯᠲᠡ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢ ᠰᠣᠨᠣᠰᠴᠤ᠂ ᠮᠠᠨ ᠤ ᠪᠠᠯᠭᠠᠰᠤᠨ ᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠶᠤᠯᠭᠦᠢ ᠦᠢᠯᠡᠳᠪᠦᠷᠢᠯᠡᠯ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠠᠮᠤᠷ ᠠᠮᠤᠭᠤᠯᠠᠩ ᠤᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠭᠦᠨᠵᠡᠭᠡᠢ ᠲᠥᠯᠥᠪᠵᠢᠭᠦᠯᠦᠨ ᠪᠣᠳᠠᠲᠠᠢ ᠠᠳᠬᠤᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠶᠢ ᠦᠨᠡᠨ ᠬᠦ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠨᠢᠭᠡ ᠵᠦᠢᠯ ᠤᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠪᠠᠷ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠠᠢ ᠤᠶᠠᠯᠳᠤᠭᠤᠯᠤᠨ ᠨᠢᠭᠡ ᠴᠤᠬᠴᠠᠵᠢᠭᠤᠯᠤᠨ ᠠᠬᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ ᠶᠢ ᠬᠦᠳᠦᠯᠦᠨ ᠵᠢᠯᠣᠭᠤᠳᠴᠤ᠂ ᠦᠵᠡᠯ ᠰᠠᠨᠠᠭᠠᠨ ᠤ ᠲᠠᠯ᠎ᠠ ᠠᠴᠠ ᠦᠨᠳᠦᠰᠦ ᠠᠴᠠ ᠨᠢ ᠴᠡᠭᠴᠡᠯᠡᠨ ᠵᠠᠰᠠᠬᠤ᠂ ᠦᠨᠳᠦᠰᠦ ᠠᠴᠠ ᠨᠢ ᠪᠠᠬᠢᠵᠢᠭᠦᠯᠬᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠠᠰᠠᠭᠤᠳᠠᠯ ᠡᠭᠦᠰᠬᠦ ᠶᠢ ᠰᠡᠷᠭᠡᠶᠢᠯᠡᠬᠦ ᠬᠡᠷᠡᠭᠲᠡᠢ᠃ ︽ᠬᠤᠶᠠᠷ ᠢ ᠢᠯᠠ ᠪᠣᠯᠭᠠᠬᠤ︾ ᠪᠠᠷ ᠭᠠᠷᠳᠠᠴᠠ ᠪᠣᠯᠭᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠪᠦᠬᠦ ᠶᠠᠪᠤᠴᠠ ᠳᠤ ᠲᠤᠤᠱᠯᠠᠭᠤᠯᠵᠤ᠂ ᠤᠯᠠᠨ ᠲᠦᠮᠡᠨ ᠤ ᠪᠤᠳᠤᠵᠤ ᠪᠠᠶᠢᠭ᠎ᠠ ᠬᠦᠰᠡᠯ ᠡᠷᠡᠮᠡᠯᠵᠡᠯ ᠢ ᠮᠠᠨ ᠤ ᠠᠵᠢᠯ ᠤᠨ ᠴᠢᠭᠯᠡᠯ ᠪᠣᠯᠭᠠᠨ ᠬᠤᠪᠢᠷᠠᠭᠤᠯᠵᠤ᠂ ᠦᠢᠯᠡᠴᠢᠯᠡᠭᠡᠨ ᠤ ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠵᠦ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ᠃      ᠬᠤᠷᠠᠯ ᠠᠴᠠ᠂ ᠭᠤᠣᠯᠳᠠᠯᠭ᠎ᠠ ᠲᠠᠢ ᠠᠵᠢᠯ ᠢ ᠠᠬᠢᠭᠤᠯᠬᠤ ᠳᠤᠮᠳᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ ᠤᠳᠤᠷᠢᠳᠬᠤ ᠺᠠᠳ᠋ᠷ ᠤᠶᠤᠨ ᠰᠠᠨᠠᠭᠠᠨ ᠤ ᠳᠦᠷᠰᠦ ᠪᠠᠶᠢᠳᠠᠯ ᠢᠶᠠᠨ ᠳᠡᠭᠡᠭᠰᠢᠯᠡᠭᠦᠯᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠲᠡᠮᠡᠴᠡᠯ ᠤᠨ ᠵᠣᠷᠢᠭ ᠰᠠᠨᠠᠭ᠎ᠠ᠂ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠠᠵᠢᠯᠯᠠᠬᠤ ᠣᠪᠣᠷ ᠪᠣᠯᠤᠨ ᠨᠠᠷᠢᠨ ᠬᠢᠨᠠᠮᠠᠭᠠᠢ ᠠᠵᠢᠯ ᠶᠠᠪᠤᠳᠠᠯ ᠡᠷᠬᠢᠯᠡᠬᠦ ᠬᠡᠪ ᠨᠠᠮᠪᠠ ᠪᠠᠨ ᠦᠷᠭᠦᠯᠵᠢᠯᠡᠨ ᠪᠠᠲᠤᠯᠠᠵᠤ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠶᠢ ᠪᠠᠷᠢᠮᠲᠠᠯᠠᠵᠤ᠂ ᠭᠤᠭᠴᠤᠭ᠎ᠠ ᠨᠢᠭᠡᠪᠦᠷᠢ ᠶᠢ ᠰᠠᠶᠢᠲᠤᠷ ᠡᠵᠡᠮᠳᠡᠵᠦ᠂ ᠪᠣᠭᠤᠮᠲᠠ ᠨᠢᠭᠡᠪᠦᠷᠢ ᠶᠢ ᠪᠠᠲᠤ ᠰᠠᠬᠢᠵᠤ᠂ ᠤᠯᠠᠨ ᠲᠦᠮᠡᠨ ᠳᠤ ᠦᠢᠯᠡᠴᠢᠯᠡᠬᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠴᠢᠳᠠᠪᠤᠷᠢ ᠶᠢᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠦᠢᠯᠡᠴᠢᠯᠡᠭᠡᠨ ᠤ ᠪᠠᠲᠤᠯᠠᠭ᠎ᠠ ᠶᠢᠨ ᠳᠤᠮᠳᠠ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠪᠥᠬᠦ ᠪᠠᠯᠭᠠᠰᠤᠨ ᠤ ᠭᠤᠤᠯ ᠠᠵᠢᠯ ᠪᠠ ᠡᠩ ᠤᠨ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠩ ᠣᠷᠭᠢᠯᠤᠮ᠎ᠠ ᠬᠠᠯᠠᠭᠤᠨ ᠰᠡᠳᠬᠢᠯᠭᠡ᠂ ᠨᠠᠩ ᠰᠢᠨ᠎ᠡ ᠶᠢ ᠡᠭᠦᠳᠬᠦ ᠰᠡᠳᠬᠢᠴᠡ᠂ ᠨᠠᠩ ᠪᠣᠳᠠᠲᠠᠶ ᠶᠢ ᠡᠷᠬᠢᠮᠯᠡᠬᠦ ᠠᠷᠭ᠎ᠠ ᠬᠡᠮᠵᠢᠶ᠎ᠡ ᠪᠠᠷ ᠪᠠᠯᠭᠠᠰᠤᠨ ᠤ ᠨᠠᠮ ᠤᠨ ᠬᠤᠷᠢᠶ᠎ᠠ ᠪᠠᠯᠭᠠᠰᠤᠨ ᠤ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠤᠨ ᠲᠣᠬᠢᠷᠠᠭᠤᠯᠤᠯᠲᠠ ᠶᠢ ᠯᠠᠪᠳᠠᠭᠤᠨ ᠪᠠᠲᠤᠲᠠᠶ ᠨᠠᠶᠢᠳᠠᠪᠤᠷᠢᠵᠢᠭᠤᠯᠬᠤ ᠬᠡᠷᠡᠭᠲᠡᠶ᠃ ᠰᠠᠬᠢᠯᠭ᠎ᠠ ᠪᠠᠲᠤ ᠶᠢᠨ ᠤᠬᠠᠮᠰᠠᠷ ᠢ ᠴᠢᠩᠭᠠᠳᠬᠠᠬᠤ ᠳᠤᠮᠳᠠ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠨᠠᠷᠢᠨ ᠬᠢᠨᠠᠮᠠᠭᠠᠢ ᠭᠦᠢᠴᠡᠳᠬᠡᠵᠦ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠵᠤ᠂ ᠪᠣᠳᠠᠲᠠᠢ ᠶᠢ ᠡᠷᠬᠢᠮᠯᠡᠨ ᠰᠢᠨ᠎ᠡ ᠶᠢ ᠡᠭᠦᠳᠬᠦ᠂ ᠴᠢᠩᠭ᠎ᠠ ᠨᠢᠮᠪᠠᠢ᠂ ᠨᠢᠭᠲᠠ ᠠᠴᠠ ᠨᠢᠭᠲᠠ ᠠᠵᠢᠯ ᠤᠨ ᠰᠤᠷᠲᠠᠯ ᠢ ᠪᠠᠷᠢᠮᠲᠠᠯᠠᠵᠤ᠂ ᠬᠠᠷᠠᠯᠲᠠ ᠪᠠᠨ ᠲᠣᠭᠲᠠᠭᠠᠵᠤ᠂ ᠦᠷᠭᠦᠯᠵᠢᠯᠡᠨ ᠬᠦᠴᠦᠯᠡᠵᠦ᠂ ᠪᠦᠬᠦ ᠵᠢᠯ ᠤᠨ ᠲᠣᠭᠲᠠᠭᠰᠠᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠡᠢ᠃  
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号