ᠢᠦᠢ ᡁᠢ ᠶᠦᠩ ᠬᠠᠶᠢᠨᠠᠨ ᠲᠣᠭᠤᠷᠢᠭ ᠤᠨ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠦᠷᠦᠯ ᠵᠦᠢᠯ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠦᠷᠦᠯ ᠵᠦᠢᠯ᠂ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠵᠡᠷᠭᠡ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/7/30
      7 ᠰᠠᠷ᠎ᠠ ᠶᠢᠨ 26 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠢᠦᠢ ᡁᠢ ᠶᠦᠩ ᠬᠠᠶᠢᠨᠠᠨ ᠲᠣᠭᠤᠷᠢᠭ ᠤᠨ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠦᠷᠦᠯ ᠵᠦᠢᠯ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠦᠷᠦᠯ ᠵᠦᠢᠯ᠂ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠵᠡᠷᠭᠡ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃ ᠲᠣᠭᠤᠷᠢᠭ ᠤᠨ ᠤᠳᠤᠷᠢᠳᠤᠯᠭ᠎ᠠ ᠵᠠᠩ ᠽᠧ ᠢᠦᠢ᠂ ᠸᠠᠩ ᠶᠦᠩ ᠱᠧᠩ ᠣᠷᠣᠯᠴᠠᠪᠠ᠃      ᠪᠠᠶᠠᠨᠲᠤᠬᠤᠢ ᠪᠠᠯᠭᠠᠰᠤᠨ ᠤ ᠳ᠋ᠦᠩ ᠰᠢᠩ ᠲᠣᠰᠬᠤᠨ ᠳᠤ᠂ ᠢᠦᠢ ᡁᠢ ᠶᠦᠩ ᠠᠷᠠᠳ ᠲᠤ ᠠᠰᠢᠭ ᠬᠦᠷᠲᠡᠭᠡᠬᠦ ᠢᠳᠡᠰᠢᠨ ᠨᠣᠭᠤᠭ᠎ᠠ ᠶᠢᠨ ᠬᠠᠩᠭᠠᠯᠭ᠎ᠠ ᠶᠢᠨ ᠲᠦᠷᠦᠯ ᠵᠦᠢᠯ ᠤᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠂ ᠲᠡᠷᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠦᠢᠯᠡᠴᠢᠯᠡᠭᠡ ᠪᠠᠨ ᠰᠢᠯᠢᠳᠡᠭᠵᠢᠭᠦᠯᠵᠦ᠂ ᠤᠯᠠᠨ ᠲᠦᠮᠡᠨ ᠤ ᠬᠡᠷᠡᠭᠴᠡᠭᠡ ᠶᠢ ᠣᠶᠢᠯᠠᠭᠠᠵᠤ᠂ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢ ᠰᠠᠶᠢᠲᠤᠷ ᠰᠤᠳᠤᠯᠤᠨ ᠨᠠᠶᠢᠳᠠᠪᠤᠷᠢᠵᠢᠭᠤᠯᠵᠤ᠂ ︽ᠢᠳᠡᠰᠢᠨ ᠨᠣᠭᠤᠭ᠎ᠠ︾ ᠶᠢᠨ ᠦᠨ᠎ᠡ ᠬᠠᠩᠰᠢ ᠶᠢ ᠲᠤᠬᠢᠷᠠᠭᠤᠯᠬᠤ᠂ ᠢᠳᠡᠭᠡᠨ ᠤ ᠠᠮᠤᠷ ᠲᠦᠪᠰᠢᠨ ᠵᠡᠷᠭᠡ ᠠᠵᠢᠯ ᠢ ᠰᠠᠶᠢᠲᠤᠷ ᠬᠢᠵᠦ᠂ ᠡᠨᠡᠬᠦ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠦᠨᠡᠨᠬᠦ ᠪᠣᠳᠠᠲᠠᠢ ᠰᠠᠶᠢᠲᠤᠷ ᠬᠢᠬᠦ ᠬᠡᠷᠡᠭᠲᠡᠢ᠃      ᠪᠠᠶᠠᠨᠲᠤᠬᠤᠢ ᠪᠠᠯᠭᠠᠰᠤᠨ ᠤ ᠭᠠᠭᠴᠠᠮᠣᠳᠣ ᠲᠣᠰᠬᠤᠨ ᠳᠤ᠂ ᠢᠦᠢ ᡁᠢ ᠶᠦᠩ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠭᠰᠠᠨ ᠪᠠᠶᠢᠳᠠᠯ ᠪᠣᠯᠤᠨ ᠵᠢᠮᠢᠰ ᠲᠡᠭᠦᠬᠦ ᠬᠦᠷᠢᠶᠡᠯᠡᠩ ᠤᠨ ᠲᠦᠷᠦᠯ ᠵᠦᠢᠯ ᠤᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠰᠡᠳᠬᠢᠴᠡ ᠶᠢ ᠢᠯᠡᠭᠦᠬᠡᠨ ᠰᠦᠪᠡᠭᠴᠢᠯᠡᠵᠦ᠂ ᠲᠡᠭᠦᠬᠦ ᠬᠦᠷᠢᠶᠡᠯᠡᠩ ᠤᠨ ᠡᠯ᠎ᠡ ᠵᠦᠢᠯ ᠤᠨ ᠰᠠᠭᠤᠷᠢ ᠲᠥᠬᠦᠭᠡᠷᠦᠮᠵᠢ ᠶᠢ ᠨᠥᠬᠦᠪᠥᠷᠢᠯᠡᠵᠦ᠂ ᠵᠤᠭᠠᠴᠠᠯ᠂ ᠲᠣᠭᠤᠷᠢᠨ ᠦᠵᠡᠬᠦ᠂ ᠲᠡᠭᠦᠬᠦ᠂ ᠪᠣᠷᠣᠯᠠᠭᠤᠯᠬᠤ ᠶᠢ ᠨᠢᠭᠡ ᠴᠤᠬᠴᠠᠵᠢᠭᠤᠯᠤᠬᠰᠠᠨ ᠪᠦᠷᠢᠨ ᠪᠦᠲᠦᠨ ᠠᠵᠤ ᠦᠢᠯᠡᠰ ᠤᠨ ᠬᠡᠯᠬᠢᠶ᠎ᠡ ᠶᠢ ᠴᠢᠨᠠᠭᠰᠢᠳᠠ ᠲᠡᠭᠦᠯᠳᠡᠷᠵᠢᠭᠦᠯᠵᠦ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠨ ᠪᠤᠵᠠᠭᠠᠢᠢᠷᠠᠬᠤ ᠶᠢ ᠦᠨᠡᠨ ᠬᠦ ᠠᠬᠢᠭᠤᠯᠵᠤ᠂ ᠲᠣᠰᠬᠤᠨ ᠤ ᠠᠷᠠᠳ ᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ᠃      ᠢᠦᠢ ᡁᠢ ᠶᠦᠩ ᠪᠠᠰᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠂ ᠲᠡᠷᠡ ᠬᠡᠯᠡᠬᠦ ᠳᠡᠭᠡᠨ᠂ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠠᠵᠢᠯ ᠤᠨ ᠬᠤᠭᠤᠴᠠᠭ᠎ᠠ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠤᠬᠢᠷᠠᠭᠤᠯᠵᠤ᠂ ᠶᠠᠰᠤ ᠴᠢᠨᠠᠷ ᠪᠣᠯᠤᠨ ᠪᠠᠷᠢᠯᠭ᠎ᠠ ᠶᠢᠨ ᠠᠵᠢᠯ ᠤᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠪᠦᠳᠦᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠬᠦ ᠶᠢᠨ ᠬᠠᠮᠲᠤ ᠬᠤᠭᠤᠯᠠᠢ ᠳᠡᠪᠢᠰᠬᠦ᠂ ᠲᠠᠯᠠᠪᠤᠷ ᠭᠠᠵᠠᠷ ᠲᠡᠭᠰᠢᠯᠡᠬᠦ᠂ ᠲᠠᠷᠢᠶᠠᠨ ᠭᠠᠵᠠᠷ ᠤᠨ ᠵᠠᠮ ᠵᠢᠴᠢ ᠲᠠᠷᠢᠶᠠᠨ ᠭᠠᠵᠠᠷ ᠤᠨ ᠬᠠᠯᠬᠠᠪᠴᠢ ᠤᠢ ᠲᠠᠷᠢᠬᠤ ᠵᠡᠷᠭᠡ ᠲᠠᠷᠢᠶᠠᠨ ᠭᠠᠵᠠᠷ ᠤᠨ ᠢᠨᠵᠧᠨᠧᠷᠢᠩ ᠢ ᠤᠷᠢᠳᠴᠢᠯᠠᠨ ᠲᠥᠯᠥᠪᠵᠢᠭᠦᠯᠵᠦ᠂ ᠪᠦᠳᠦᠭᠡᠨ ᠪᠠᠶᠢᠭᠤᠯᠤᠯᠲᠠ ᠶᠢᠨ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠡᠢ
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号