ᠪᠠᠢ ᠴᠦᠨ ᠯᠸᠢ ᠰᠤᠯᠠ ᠪᠠᠶᠢᠭ᠎ᠠ ᠭᠠᠵᠠᠷ ᠰᠢᠷᠣᠶ ᠶᠢ ᠰᠢᠢᠳᠪᠦᠷᠢᠯᠡᠭᠰᠡᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/7/30
      7 ᠰᠠᠷ᠎ᠠ ᠶᠢᠨ 26 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ᠰᠤᠯᠠ ᠪᠠᠶᠢᠭ᠎ᠠ ᠭᠠᠵᠠᠷ ᠰᠢᠷᠣᠶ ᠶᠢ ᠰᠢᠢᠳᠪᠦᠷᠢᠯᠡᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠲᠣᠭᠤᠷᠢᠭ ᠤᠨ ᠤᠳᠤᠷᠢᠳᠤᠯᠭ᠎ᠠ ᠴᠧᠨ ᠬᠠᠢ ᠰᠢᠶᠤᠤ ᠣᠷᠣᠯᠴᠠᠪᠠ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠪᠠᠶ ᠴᠦᠨ ᠯᠸᠢ ᠨᠠᠷ ᠤᠷᠢᠳ ᠬᠤᠵᠢᠳ ᠰᠢ ᠯᠠᠶ ᠹᠧᠩ᠂ ᠷᠠᠰᠠᠩ ᠰᠦᠮ᠎ᠡ ᠪᠠᠯᠭᠠᠰᠤᠨ ᠤ ᠣᠷᠣᠨ ᠪᠦᠰᠡ ᠳᠤ ᠬᠦᠷᠴᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠤᠯᠠ ᠪᠠᠶᠢᠭ᠎ᠠ ᠭᠠᠵᠠᠷ ᠰᠢᠷᠣᠶ ᠶᠢ ᠰᠢᠢᠳᠪᠦᠷᠢᠯᠡᠭᠰᠡᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠤᠢ ᠶᠢ ᠰᠢᠢᠳᠪᠦᠷᠢᠯᠡᠬᠦ ᠠᠵᠢᠯ ᠢ ᠥᠷᠨᠢᠭᠦᠯᠬᠦ ᠪᠣᠯ ᠬᠠᠶᠢᠨᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠦᠷᠭᠦᠯᠵᠢᠯᠡᠨ ᠬᠥᠭᠵᠢᠬᠦ ᠶᠢ ᠠᠬᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠪᠣᠯᠤᠨ᠎ᠠ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠵᠦᠪᠰᠢᠶᠡᠷᠡᠭᠰᠡᠨ ᠪᠠᠶᠢᠲᠠᠯ᠎ᠠ ᠦᠯᠦ ᠬᠠᠩᠭᠠᠭᠰᠠᠨ᠂ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠶ ᠶᠢ ᠰᠢᠢᠳᠪᠦᠷᠢᠯᠡᠬᠦ ᠠᠵᠢᠯ ᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠ ᠲᠦᠭᠰᠢᠭᠦᠷᠢᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠠᠵᠢᠯ ᠤᠨ ᠬᠤᠪᠢᠶᠠᠷᠢᠯᠠᠯ ᠢᠶᠠᠨ ᠨᠠᠷᠢᠯᠢᠬᠵᠢᠭᠤᠯᠵᠤ᠂ ᠬᠠᠮᠵᠢᠯᠴᠠᠨ ᠠᠬᠢᠭᠤᠯᠵᠤ᠂ ᠲᠣᠭᠲᠠᠭᠰᠠᠨ ᠴᠠᠭ ᠬᠤᠭᠤᠴᠠᠭ᠎ᠠ᠂ ᠠᠵᠢᠯ ᠤᠨ ᠱᠠᠭᠠᠷᠳᠠᠯᠭ᠎ᠠ ᠶᠣᠰᠣᠭᠠᠷ᠂ ᠰᠢᠢᠳᠪᠦᠷᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ ᠬᠡᠷᠡᠭᠲᠡᠶ᠃ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ᠂ ᠬᠠᠷᠢᠴᠠᠭ᠎ᠠ ᠶᠢ ᠲᠣᠳᠣᠷᠬᠠᠢ ᠪᠣᠯᠭᠠᠵᠤ᠂ ᠭᠠᠵᠠᠷ ᠰᠢᠷᠣᠢ ᠶᠢ ᠡᠷᠴᠢᠮᠵᠢᠭᠦᠯᠦᠨ ᠠᠷᠪᠢᠯᠠᠬᠤ ᠬᠠᠮᠢᠶᠠᠷᠤᠯᠲᠠ ᠶᠢᠨ ᠲᠣᠭᠲᠠᠴᠠ ᠶᠢ ᠴᠢᠩᠭᠠᠳᠬᠠᠨ ᠪᠦᠷᠢᠨᠰᠢᠬᠦᠯᠵᠦ᠂ ᠭᠠᠵᠠᠷ ᠰᠢᠷᠣᠢ ᠶᠢᠨ ᠠᠰᠢᠭᠯᠠᠯᠲᠠ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠦᠭᠡᠢ᠂ ᠰᠤᠯᠠ ᠲᠠᠯᠪᠢᠭᠰᠠᠨ ᠭᠠᠵᠠᠷ ᠰᠢᠷᠣᠢ ᠶᠢᠨ ᠡᠭᠦᠰᠬᠦ ᠶᠢ ᠡᠬᠢ ᠡᠭᠦᠰᠦᠯ ᠠᠴᠠ ᠨᠢ ᠬᠤᠷᠢᠭᠯᠠᠬᠤ ᠶᠢᠨ ᠬᠠᠮᠲᠤ ᠬᠠᠤᠯᠢ ᠲᠣᠭᠲᠠᠭᠠᠯ ᠠᠴᠠ ᠵᠥᠷᠢᠴᠡᠨ ᠭᠠᠵᠠᠷ ᠬᠡᠷᠡᠭᠯᠡᠬᠦ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠡᠷᠲᠡ ᠢᠯᠡᠷᠡᠭᠦᠯᠵᠦ᠂ ᠡᠷᠲᠡ ᠬᠤᠷᠢᠭᠯᠠᠵᠤ᠂ ᠴᠢᠩᠭ᠎ᠠ ᠪᠠᠶᠢᠴᠠᠭᠠᠨ ᠰᠢᠢᠳᠪᠦᠷᠢᠯᠡᠬᠦ︾ ᠶᠢ ᠪᠠᠷᠢᠮᠲᠠᠯᠠᠵᠤ᠂ ᠬᠠᠤᠯᠢ ᠲᠣᠭᠲᠠᠭᠠᠯ ᠠᠴᠠ ᠵᠥᠷᠢᠴᠡᠨ ᠭᠠᠵᠠᠷ ᠬᠡᠷᠡᠭᠯᠡᠬᠦ ᠠᠰᠠᠭᠤᠳᠠᠯ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号