ᠪᠠᠢ ᠴᠦᠨ ᠯᠸᠢ ᠰᠢᠨᠵᠢᠯᠡᠬᠦ ᠤᠬᠠᠭᠠᠨ ᠮᠡᠷᠭᠡᠵᠢᠯ ᠤᠨ ᠪᠦᠰᠡᠯᠡᠯᠲᠡ ᠶᠢ ᠰᠢᠪᠲᠤᠯᠬᠤ ᠢᠨᠵᠧᠨᠧᠷᠢᠩ ᠵᠢᠴᠢ ᠬᠠᠶᠢᠷ᠎ᠠ ᠬᠠᠯᠠᠮᠵᠢ ᠶᠢᠨ ᠢᠨᠵᠧᠨᠧᠷᠢᠩ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/7/30
      7 ᠰᠠᠷ᠎ᠠ ᠶᠢᠨ 29 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ᠰᠢᠨᠵᠢᠯᠡᠬᠦ ᠤᠬᠠᠭᠠᠨ ᠮᠡᠷᠭᠡᠵᠢᠯ ᠤᠨ ᠪᠦᠰᠡᠯᠡᠯᠲᠡ ᠶᠢ ᠰᠢᠪᠲᠤᠯᠬᠤ ᠢᠨᠵᠧᠨᠧᠷᠢᠩ ᠵᠢᠴᠢ ᠬᠠᠶᠢᠷ᠎ᠠ ᠬᠠᠯᠠᠮᠵᠢ ᠶᠢᠨ ᠢᠨᠵᠧᠨᠧᠷᠢᠩ ᠳᠤ ᠪᠠᠶᠢᠴᠠᠭᠠᠨ ᠰᠤᠳᠤᠯᠤᠯᠲᠠ ᠬᠢᠪᠠ᠃ ᠲᠣᠭᠤᠷᠢᠭ ᠤᠨ ᠤᠳᠤᠷᠢᠳᠤᠯᠭ᠎ᠠ ᠭᠤᠤ ᠵᠧᠨ ᠭᠠᠩ ᠣᠷᠣᠯᠴᠠᠪᠠ᠃      ᠶᠢᠨ ᠲᠠᠢ ᠢᠯᠴᠢ ᠰᠣᠯᠢᠬᠤ ᠦᠷᠳᠡᠭᠡ᠂ ᠤᠤᠯ ᠤᠨ ᠢᠯᠴᠢ ᠬᠠᠩᠭᠠᠬᠤ ᠺᠣᠮᠫᠠᠨᠢ ᠶᠢᠨ ᠦᠢᠯᠡᠳᠪᠦᠷᠢ ᠶᠢᠨ ᠲᠣᠭᠤᠷᠢᠭ ᠤᠨ ᠡᠮᠦᠨ᠎ᠡ ᠲᠠᠯ᠎ᠠ ᠳᠤ᠂ ᠪᠠᠢ ᠴᠦᠨ ᠯᠸᠢ ᠢᠯᠴᠢ ᠰᠣᠯᠢᠬᠤ ᠦᠷᠳᠡᠭᠡ ᠶᠢᠨ ᠢᠨᠵᠧᠨᠧᠷᠢᠩ ᠪᠣᠯᠤᠨ ᠳᠤᠮᠳᠠᠬᠢ ᠦᠷᠳᠡᠭᠡ ᠶᠢ ᠥᠭᠡᠷᠡᠴᠢᠯᠡᠨ ᠪᠠᠶᠢᠭᠤᠯᠬᠤ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ︽ᠳᠤᠯᠠᠭᠠᠯᠠᠭ᠎ᠠ ᠶᠢᠨ ᠢᠨᠵᠧᠨᠧᠷᠢᠩ︾ ᠢ ᠰᠠᠶᠢᠲᠤᠷ ᠬᠢᠬᠦ ᠶᠢᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠡᠵᠡᠮᠳᠡᠵᠦ᠂ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠤᠨ᠂ ᠨᠠᠷᠢᠯᠢᠭ ᠣᠨᠣᠴᠠᠲᠠᠶ ᠪᠠᠷ ᠲᠣᠬᠢᠷᠠᠭᠤᠯᠵᠤ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠲᠦᠷᠭᠡᠳᠬᠡᠨ᠂ ᠣᠯᠠᠨ ᠲᠦᠮᠡᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠶ ᠪᠠᠲᠤᠯᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠠᠵᠤ ᠠᠬᠤᠶᠢᠯᠠᠯ ᠤᠳ ᠢᠳᠡᠪᠬᠢᠲᠡᠶ ᠪᠠᠷ ᠠᠵᠢᠯ ᠶᠠᠪᠤᠳᠠᠯ ᠬᠢᠵᠦ᠂ ᠣᠷᠣᠭᠤᠯᠤᠯᠲᠠ ᠪᠠᠨ ᠨᠡᠮᠡᠭᠳᠡᠭᠦᠯᠦᠨ᠂ ᠢᠯᠴᠢ ᠴᠠᠬᠢᠯᠭᠠᠨ ᠤ ᠲᠣᠤᠷ ᠢ ᠰᠢᠨᠡᠳᠬᠡᠬᠦ᠂ ᠬᠠᠭᠤᠴᠢᠨ ᠬᠤᠭᠤᠯᠠᠶ ᠶᠢᠨ ᠲᠣᠤᠷ ᠢ ᠥᠭᠡᠷᠡᠴᠢᠯᠡᠬᠦ ᠵᠡᠷᠭᠡ ᠭᠤᠤᠯᠳᠠᠯᠭ᠎ᠠ ᠲᠠᠢ ᠡᠭᠦᠷᠭᠡ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠢᠯᠴᠢ ᠬᠠᠩᠭᠠᠬᠤ ᠶᠠᠰᠤ ᠴᠢᠨᠠᠷ ᠪᠠ ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠦᠨᠡᠨ ᠬᠦ ᠳᠡᠭᠡᠭᠰᠢᠯᠡᠭᠦᠯᠦᠨ᠂ ᠬᠠᠯᠠᠭᠤᠨ ᠳᠤᠯᠠᠭᠠᠨ ᠢᠨᠵᠧᠨᠧᠷᠢᠩ ᠢ ᠬᠡᠷᠡᠭᠵᠢᠭᠦᠯᠬᠦ ᠠᠴᠠ ᠪᠣᠯᠤᠭᠰᠠᠨ ᠬᠤᠪᠢᠷᠠᠯᠲᠠ ᠶᠢ ᠣᠯᠠᠨ ᠳᠤ ᠦᠨᠡᠨ ᠬᠦ ᠮᠡᠳᠡᠷᠡᠭᠦᠯᠵᠦ᠂ ᠬᠠᠯᠠᠭᠤᠨ ᠳᠤᠯᠠᠭᠠᠨ ᠢᠨᠵᠧᠨᠧᠷᠢᠩ ᠢ ᠦᠨᠡᠨ ᠬᠦ ᠠᠷᠠᠳ ᠤᠨ ᠰᠡᠳᠬᠢᠯ ᠤᠨ ᠢᠨᠵᠧᠨᠧᠷᠢᠩ ᠪᠣᠯᠭᠠᠬᠤ ᠬᠡᠷᠡᠭᠲᠡᠶ ᠭᠡᠵᠡᠢ᠃ ᠪᠠᠷᠢᠯᠭ᠎ᠠ ᠶᠢᠨ ᠲᠤᠬᠠᠢ ᠶᠢᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠢ ᠴᠢᠩᠭ᠎ᠠ ᠠᠩᠬᠠᠷᠴᠤ᠂ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭ᠎ᠠ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠦᠨᠡᠨᠬᠦ ᠰᠠᠶᠢᠲᠤᠷ  ᠠᠳᠬᠤᠵᠤ᠂  ᠠᠶᠤᠯᠭᠦᠢ  ᠦᠢᠯᠡᠳᠪᠦᠷᠢᠯᠡᠯ  ᠤᠨ  ᠠᠳᠡᠯ  ᠭᠠᠷᠬᠤ  ᠶᠢ  ᠡᠷᠡᠰ  ᠬᠤᠷᠢᠭᠯᠠᠬᠤ  ᠬᠡᠷᠡᠭᠲᠡᠢ᠃      ᠶᠠ ᠳ᠋ᠦᠩ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ᠂ ᠾᠸᠢ ᠮᠤᠤ ᠨᠡᠭᠦᠷᠡᠰᠦᠨ ᠬᠠᠷ᠎ᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ᠂ ᠪᠠᠢ ᠴᠦᠨ ᠯᠸᠢ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠣᠯ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠭᠤᠣᠯ ᠡᠯᠧᠮᠧᠨ᠋ᠲ ᠪᠣᠯᠤᠨ᠎ᠠ᠃ ᠠᠵᠤ ᠠᠬᠤᠶᠢᠯᠠᠯ ᠲᠤᠰ ᠪᠡᠶ᠎ᠡ ᠶᠢᠨ ᠳᠠᠪᠠᠭᠤᠯᠢᠭ ᠲᠠᠭᠠᠨ ᠰᠠᠭᠤᠷᠢᠯᠠᠵᠤ᠂ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠵᠦ᠂ ᠲᠠᠰᠤᠷᠠᠯᠲᠠ ᠦᠭᠡᠢ ᠰᠢᠪᠲᠤᠯᠤᠯᠲᠠ ᠬᠢᠵᠦ ᠰᠢᠨ᠎ᠡ ᠶᠢ ᠡᠭᠦᠳᠴᠦ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠪᠤᠶᠢᠵᠢᠭᠤᠯᠵᠤ᠂ ᠠᠵᠤ ᠦᠢᠯᠡᠰ ᠤᠨ ᠤᠶᠤᠨᠴᠢᠯᠠᠯᠲᠠ᠂ ᠳᠡᠭᠡᠳᠦ ᠲᠡᠰᠵᠢᠯᠲᠡ᠂ ᠪᠣᠬᠢᠷᠲᠤᠯ ᠦᠭᠡᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠦᠷ᠎ᠡ ᠪᠦᠲᠦᠭᠡᠯ ᠤᠨ ᠲᠣᠭᠤᠷᠢᠨ ᠳᠤ ᠤᠯᠠᠮ ᠨᠢᠭᠡ ᠠᠯᠬᠤᠮ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠴᠢᠩᠭᠠᠳᠬᠠᠬᠤ ᠶᠢ ᠰᠦᠪᠡᠭᠴᠢᠯᠡᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠠᠵᠤ ᠠᠬᠤᠶᠢᠯᠠᠯ ᠢ ᠬᠦᠳᠦᠯᠦᠨ ᠵᠢᠯᠣᠭᠤᠳᠴᠤ ᠪᠠᠶᠢᠭᠠᠳ ᠠᠮᠤᠷ ᠲᠦᠪᠰᠢᠨ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠠᠮᠤᠷ ᠲᠦᠪᠰᠢᠨ ᠬᠥᠭᠵᠢᠯᠲᠡ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠬᠦ ᠬᠡᠷᠡᠭᠲᠡᠢ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号