ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2024 ᠣᠨ ᠤ 7 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠵᠤ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/30
      7 ᠰᠠᠷ᠎ᠠ ᠶᠢᠨ 26 ᠤ ᠡᠳᠦᠷ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠵᠣᠣ ᠸᠧᠶ ᠾᠧᠦ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2024 ᠣᠨ ᠤ 7 ᠳ᠋ᠤᠭᠠᠷ ᠤᠳᠠᠭᠠᠨ ᠤ ︵ᠥᠷᠭᠡᠳᠬᠡᠭᠰᠡᠨ︶ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠶᠠᠷᠢᠯᠴᠠᠵᠤ ᠰᠤᠳᠤᠯᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠪᠠ᠃      ᠬᠤᠷᠠᠯ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠵᠢᠴᠢ ᠨᠠᠮ ᠤᠨ ᠭᠠᠳᠠᠨᠠᠬᠢ ᠬᠥᠮᠦᠰ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠲᠦᠷᠢᠮ︾ ᠢ ᠬᠠᠮᠲᠤ ᠪᠠᠷ ᠰᠤᠷᠤᠯᠴᠠᠭᠰᠠᠨ ᠪᠥᠭᠡᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠱᠤᠭᠤᠮ ᠤᠨ ᠲᠣᠭᠤᠷᠢᠨ ᠳᠤ ᠰᠤᠷᠤᠯᠴᠠᠵᠤ ᠰᠤᠳᠤᠯᠤᠨ ᠶᠠᠷᠢᠯᠴᠠᠪᠠ᠃      ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠤᠨᠤᠯ ᠤᠨ ᠰᠤᠷᠤᠯᠴᠠᠯᠭ᠎ᠠ᠂ ᠰᠣᠯᠢᠯᠴᠠᠭ᠎ᠠ ᠬᠢᠵᠦ ᠰᠤᠳᠤᠯᠤᠨ ᠶᠠᠷᠢᠯᠴᠠᠬᠤ᠂ ᠬᠤᠪᠢᠷᠠᠭᠤᠯᠤᠨ ᠬᠡᠷᠡᠭᠯᠡᠬᠦ ᠵᠡᠷᠭᠡ ᠠᠵᠢᠯ ᠢ ᠰᠠᠶᠢᠲᠤᠷ ᠠᠳᠬᠤᠵᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠤᠰ ᠲᠦᠷᠦ ᠶᠢᠨ ᠵᠥᠪᠯᠡᠯᠭᠡᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠦᠬᠦ ᠶᠠᠪᠤᠴᠠ ᠶᠢᠨ ᠡᠯ᠎ᠡ ᠲᠠᠯ᠎ᠠ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠪᠦᠯᠬᠦᠮᠳᠡᠨ ᠨᠥᠬᠦᠷᠯᠡᠬᠦ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠷᠠᠳᠢᠦ᠋ᠰ ᠢ ᠲᠠᠰᠤᠷᠠᠯᠲᠠ ᠦᠭᠡᠢ ᠥᠷᠭᠡᠳᠬᠡᠵᠦ᠂ ᠡᠯ᠎ᠡ ᠦᠨᠳᠦᠰᠦᠲᠡᠨ ᠡᠯ᠎ᠡ ᠡᠲᠡᠭᠡᠳ ᠤᠨ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠳᠤ ᠬᠦᠴᠦᠨ ᠨᠡᠮᠡᠷᠢᠯᠡᠬᠦ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠢ ᠨᠢ ᠦᠨᠡᠨ ᠬᠦ ᠴᠢᠩᠭᠠᠳᠬᠠᠵᠤ᠂ ᠪᠦᠬᠦ ᠣᠷᠣᠨ ᠤ ᠥᠭᠡᠷᠡᠴᠢᠯᠡᠯᠲᠡ ᠶᠢᠨ ᠬᠥᠭᠵᠢᠯᠲᠡ ᠶᠢᠨ ᠳᠤᠮᠳᠠᠬᠢ ᠬᠦᠴᠢᠷᠳᠡᠯ᠂ ᠲᠦᠭᠵᠢᠷᠡᠯ᠂ ᠬᠠᠯᠠᠮᠰᠢᠯ ᠠᠰᠠᠭᠤᠳᠠᠯ ᠢ ᠴᠢᠩᠭ᠎ᠠ ᠠᠩᠬᠠᠷᠴᠤ᠂ ᠢᠳᠡᠪᠬᠢᠲᠡᠶ ᠪᠠᠷ ᠵᠥᠪᠯᠡᠯᠭᠡ ᠬᠢᠵᠦ ᠵᠠᠰᠠᠭ ᠤᠨ ᠶᠠᠪᠤᠳᠠᠯ ᠢ ᠵᠥᠪᠯᠡᠬᠦ᠂ ᠬᠢᠨᠠᠯᠲᠠ ᠲᠠᠯᠪᠢᠵᠤ ᠰᠠᠨᠠᠯ ᠵᠥᠪᠯᠡᠯᠭᠡ ᠳᠤᠷᠠᠳᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠵᠦ᠂ ᠨᠡᠩ ᠥᠨᠳᠥᠷ ᠪᠠᠷᠢᠮᠵᠢᠶ᠎ᠠ ᠪᠠ ᠨᠡᠩ ᠴᠢᠩᠭ᠎ᠠ ᠱᠠᠭᠠᠷᠳᠠᠯᠭ᠎ᠠ ᠪᠠᠷ ᠨᠠᠮ ᠤᠨ ᠪᠠᠶᠢᠭᠤᠯᠤᠯᠲᠠ ᠪᠠ ︽ᠬᠤᠶᠠᠷ ᠡᠩᠨᠡᠭᠡ︾ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠥᠪᠯᠡᠬᠦ ᠠᠷᠭ᠎ᠠ ᠲᠠᠢ᠂ ᠬᠢᠨᠠᠯᠲᠠ ᠲᠠᠯᠪᠢᠬᠤ ᠡᠷᠴᠢᠮ ᠲᠠᠢ᠂ ᠲᠦᠷᠦ ᠶᠢᠨ ᠶᠠᠪᠤᠳᠠᠯ ᠳᠤ ᠣᠷᠣᠯᠴᠠᠨ ᠠᠵᠢᠯ ᠦᠢᠯᠡᠰ ᠪᠦᠲᠦᠭᠡᠬᠦ ᠦᠷ᠎ᠡ ᠪᠦᠲᠦᠮᠵᠢ ᠪᠠᠷ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠳᠤ ᠤᠯᠤᠰ ᠲᠦᠷᠦ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃      ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号