ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ 2024 ᠣᠨ ᠤ 11 ᠳ᠋ᠤᠭᠡᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ︽ᠱᠠᠲᠤ ᠬᠤᠪᠢᠶᠠᠨ ᠰᠤᠭᠤᠴᠢᠨ ᠪᠠᠶᠢᠴᠠᠭᠠᠵᠤ ᠬᠠᠷᠢᠭᠤᠴᠠᠯᠭ᠎ᠠ ᠲᠣᠭᠠᠴᠢᠬᠤ ᠤᠯᠤᠰ ᠲᠥᠷᠥ ᠶᠢᠨ ᠶᠠᠷᠢᠯᠴᠠᠭ᠎ᠠ︾ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/30
      7 ᠰᠠᠷ᠎ᠠ ᠶᠢᠨ 26 ᠤ ᠡᠳᠦᠷ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠵᠣᠣ ᠸᠧᠶ ᠾᠧᠦ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ 11 ᠳ᠋ᠦ᠋ᠭᠡᠷ ᠤᠳᠠᠭᠠᠨ ᠤ ︵ᠥᠷᠭᠡᠳᠬᠡᠭᠰᠡᠨ︶ ᠬᠤᠷᠠᠯ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ︽ᠱᠠᠲᠤ ᠬᠤᠪᠢᠶᠠᠨ ᠰᠤᠭᠤᠴᠢᠨ ᠪᠠᠶᠢᠴᠠᠭᠠᠵᠤ ᠬᠠᠷᠢᠭᠤᠴᠠᠯᠭ᠎ᠠ ᠲᠣᠭᠠᠴᠢᠬᠤ ᠤᠯᠤᠰ ᠲᠥᠷᠥ ᠶᠢᠨ ᠶᠠᠷᠢᠯᠴᠠᠭ᠎ᠠ︾ ᠶᠢᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠦ ᠶᠦᠩ᠂ ᠶᠦᠨ ᠰᠢᠶᠤᠤ ᠵᠢᠶᠦ᠋ᠨ᠂ ᠶᠢᠨ ᡁᠢ ᠶᠦᠩ᠂ ᠠᠯᠪᠠᠨ ᠭᠡᠷ ᠵᠢᠴᠢ ᠡᠯ᠎ᠡ ᠲᠤᠰᠬᠠᠢ ᠵᠥᠪᠯᠡᠯ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠤᠰᠬᠠᠢ ᠠᠩᠬᠢ ᠶᠢᠨ ᠵᠢᠯᠣᠭᠤᠳᠬᠤ ᠳᠤᠭᠤᠶᠢᠯᠠᠩ ᠤᠨ ᠱᠠᠯᠠᠪᠳᠠᠭᠤᠯᠤᠨ ᠵᠢᠯᠣᠭᠤᠳᠴᠤ ᠬᠠᠷᠢᠭᠤ ᠲᠤᠰᠬᠠᠭᠰᠠᠨ ᠠᠰᠠᠭᠤᠳᠠᠯ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠬᠤᠯᠪᠣᠭᠳᠠᠯ ᠪᠦᠬᠦᠢ ᠱᠠᠭᠠᠷᠳᠠᠯᠭ᠎ᠠ ᠶᠢ ᠮᠡᠳᠡᠭᠳᠡᠵᠦ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠳ᠋ᠦᠩᠨᠡᠯᠲᠡ ᠶᠢ ᠰᠤᠳᠤᠯᠤᠨ ᠶᠠᠷᠢᠯᠴᠠᠵᠤ᠂ ᠡᠯ᠎ᠡ ᠲᠤᠰᠬᠠᠢ ᠵᠥᠪᠯᠡᠯ ᠤᠨ ᠠᠵᠢᠯ ᠤᠨ ᠲᠣᠪᠴᠢ ᠲᠦᠷᠢᠮ ᠪᠣᠯᠤᠨ ᠡᠲᠡᠭᠡᠳ ᠤᠨ ᠢᠯᠭᠠᠯ ᠤᠨ ᠨᠠᠮ ᠪᠦᠯᠦᠭ ᠤᠨ ᠭᠡᠰᠢᠭᠦᠳ ᠤᠨ ᠤᠨᠴᠠᠯᠢᠭᠳᠤ ᠠᠵᠢᠯ ᠤᠨ ᠲᠠᠰᠤᠭ᠂ ᠭᠡᠰᠢᠭᠦᠳ ᠤᠨ ᠭᠡᠷ ᠪᠦᠯᠢ ᠶᠢᠨ ᠬᠤᠯᠪᠣᠭᠳᠠᠯ ᠪᠦᠬᠦᠢ ᠲᠦᠷᠢᠮ ᠢ ᠰᠤᠳᠤᠯᠤᠨ ᠬᠢᠨᠠᠨ ᠵᠥᠪᠯᠡᠵᠦ᠂ ᠠᠯᠪᠠᠨ ᠭᠡᠷ᠂ ᠡᠯ᠎ᠡ ᠲᠤᠰᠬᠠᠢ ᠵᠥᠪᠯᠡᠯ ᠤᠨ 2024 ᠣᠨ ᠤ ᠳᠡᠭᠡᠷ᠎ᠡ ᠬᠠᠭᠠᠰ ᠵᠢᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠡᠰᠡᠭ ᠪᠠᠭ ᠤᠨ ᠪᠦᠷᠢᠯᠳᠦᠬᠦᠨ ᠪᠣᠯᠤᠨ ᠲᠤᠰᠬᠠᠢ ᠵᠥᠪᠯᠡᠯ ᠤᠨ ᠬᠠᠷᠢᠭᠤᠴᠠᠯᠭᠠᠲᠠᠨ ᠨᠥᠬᠦᠳ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠪᠠᠶᠢᠳᠠᠯ ᠢ ᠰᠣᠩᠭᠤᠨ ᠪᠠᠶᠢᠴᠠᠭᠠᠵᠤ᠂ ᠵᠤᠤ ᠸᠧᠢ ᠡᡁᠸᠥ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ  ᠤ  ᠨᠠᠮ ᠤᠨ  ᠤᠳᠤᠷᠢᠳᠬᠤ  ᠳᠤᠭᠤᠶᠢᠯᠠᠩ ᠢ  ᠲᠥᠯᠥᠭᠡᠯᠡᠨ  ᠤᠯᠤᠰ  ᠲᠦᠷᠦ  ᠶᠢᠨ  ᠶᠠᠷᠢᠯᠴᠠᠭ᠎ᠠ  ᠥᠷᠨᠢᠭᠦᠯᠪᠡ᠃      ᠬᠤᠷᠠᠯ ᠠᠴᠠ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠷ ᠭᠤᠣᠯ ᠪᠣᠯᠭᠠᠵᠤ᠂ ᠨᠠᠮ ᠤᠨ ᠰᠤᠷᠲᠠᠯ ᠴᠢᠬᠡᠴᠢ ᠵᠠᠰᠠᠭ ᠪᠣᠯᠤᠨ ᠦᠵᠡᠯ ᠤᠬᠠᠮᠰᠠᠷ ᠤᠨ ᠬᠡᠯᠪᠡᠷᠢ ᠶᠢᠨ ᠪᠠᠶᠢᠭᠤᠯᠤᠯᠲᠠ ᠶᠢ ᠴᠥᠬᠦᠷᠡᠰᠢ ᠦᠭᠡᠢ ᠰᠠᠶᠢᠲᠤᠷ ᠠᠳᠬᠤᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠷ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠬᠦᠳᠦᠯᠦᠨ ᠳᠠᠭᠠᠭᠤᠯᠬᠤ ᠪᠠ ᠠᠬᠢᠭᠤᠯᠬᠤ ᠬᠡᠷᠡᠭᠲᠡᠢ᠃ ᠰᠤᠷᠲᠠᠯ ᠤᠨ ᠪᠠᠶᠢᠭᠤᠯᠤᠯᠲᠠ ᠪᠠᠷ ᠵᠠᠩᠭᠢᠯᠠᠭ᠎ᠠ ᠪᠣᠯᠭᠠᠵᠤ᠂ ︽ᠭᠤᠷᠪᠠᠨ ᠲᠤᠰᠬᠠᠢ ᠠᠵᠢᠯ︾ ᠢ ᠭᠦᠨᠵᠡᠭᠡᠶᠢᠷᠡᠭᠦᠯᠦᠨ ᠠᠬᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠦᠨᠡᠨ ᠬᠦ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠢᠯᠡᠷᠡᠭᠦᠯᠬᠦ ᠬᠡᠷᠡᠭᠲᠡᠢ᠃ ᠴᠢᠳᠠᠪᠤᠷᠢ ᠶᠢᠨ ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠵᠤ᠂ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠠᠵᠢᠯ ᠤᠨ ᠬᠠᠷᠢᠭᠤᠴᠠᠯᠭ᠎ᠠ ᠶᠢ ᠴᠢᠩᠭᠠᠳᠬᠠᠵᠤ᠂ ᠵᠥᠪᠯᠡᠯᠭᠡ ᠬᠢᠵᠦ ᠵᠠᠰᠠᠭ ᠤᠨ ᠶᠠᠪᠤᠳᠠᠯ ᠢ ᠵᠥᠪᠯᠡᠬᠦ᠂ ᠪᠠᠶᠢᠴᠠᠭᠠᠨ ᠰᠤᠳᠤᠯᠤᠯᠲᠠ ᠬᠢᠵᠦ ᠪᠠᠶᠢᠴᠠᠭᠠᠨ ᠦᠵᠡᠬᠦ᠂ ᠭᠡᠰᠢᠭᠦᠳ ᠤᠨ ᠡᠲᠡᠭᠡᠳ ᠤᠨ ᠢᠯᠭᠠᠯ ᠤᠨ ᠤᠯᠠᠨ ᠲᠦᠮᠡᠨ ᠲᠠᠢ ᠬᠠᠷᠢᠯᠴᠠᠬᠤ ᠵᠡᠷᠭᠡ ᠠᠵᠢᠯ ᠢ ᠴᠢᠨᠠᠷ ᠰᠠᠶᠢᠲᠠᠢ ᠪᠡᠶᠡᠯᠡᠭᠦᠯᠵᠦ᠂ ᠬᠠᠶᠢᠨᠠᠨ ᠲᠣᠭᠤᠷᠢᠭ ᠲᠤ ᠬᠦᠴᠦᠨ ᠨᠡᠮᠡᠷᠢᠯᠡᠬᠦ ︽ᠬᠤᠶᠠᠷ ᠶᠡᠭᠡ ᠶᠠᠪᠤᠳᠠᠯ︾ ᠢ ᠰᠠᠶᠢᠲᠤᠷ ᠪᠡᠶᠡᠯᠡᠭᠦᠯᠬᠦ ᠳᠤᠮᠳᠠ ᠤᠯᠤᠰ ᠲᠦᠷᠦ ᠶᠢᠨ ᠵᠥᠪᠯᠡᠯᠭᠡᠨ ᠤ ᠡᠭᠦᠷᠭᠡᠯᠡᠯ ᠢ ᠦᠨᠡᠨ ᠬᠦ ᠢᠯᠡᠷᠡᠭᠦᠯᠬᠦ ᠬᠡᠷᠡᠭᠲᠡᠢ ᠭᠡᠵᠡᠢ᠃       ᠬᠤᠷᠠᠯ ᠠᠴᠠ ᠪᠠᠰᠠ ᠠᠵᠢᠯᠳᠠᠨ ᠤ ᠶᠠᠪᠤᠳᠠᠯ ᠤᠨ ᠲᠤᠬᠠᠢ ᠰᠤᠳᠤᠯᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号