ᠪᠠᠶᠠᠨᠲᠤᠬᠤᠢ ᠪᠠᠯᠭᠠᠰᠤᠨ ᠤ ᠳ᠋ᠦ᠋ ᠺᠧᠦ ᠲᠣᠰᠬᠤᠨ ᠤ ᠨᠠᠮ ᠤᠨ ᠬᠤᠷᠢᠶ᠎ᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/4
      ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠬᠤ ᠨᠢ ᠨᠢᠭᠡ ᠲᠠᠯ᠎ᠠ ᠪᠠᠷ ᠠᠮᠤ ᠪᠤᠳᠠᠭᠠᠨ ᠤ ᠠᠮᠤᠷ ᠲᠦᠪᠰᠢᠨ ᠲᠠᠢ ᠬᠤᠯᠪᠣᠯᠳᠤᠵᠤ᠂ ᠨᠥᠭᠦᠭᠡ ᠲᠠᠯ᠎ᠠ ᠪᠠᠷ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠲᠠᠢ ᠬᠤᠯᠪᠣᠯᠳᠤᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠬᠦ ᠴᠢᠬᠤᠯᠠ ᠶᠡᠭᠡ ᠠᠷᠭ᠎ᠠ ᠬᠡᠮᠵᠢᠶ᠎ᠡ ᠪᠣᠯᠤᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠠᠷ ᠳᠥᠯᠭᠢᠨ ᠠᠬᠢᠭᠤᠯᠬᠤ ᠶᠢᠨ ᠲᠥᠯᠥᠭᠡ᠂ 7 ᠰᠠᠷ᠎ᠠ ᠶᠢᠨ 3 ᠤ ᠡᠳᠦᠷ᠂ ᠪᠠᠶᠠᠨᠲᠣᠬᠤᠶ ᠪᠠᠯᠭᠠᠰᠤᠨ ᠤ ᠳ᠋ᠦ᠋ ᠺᠸᠦ ᠲᠣᠰᠬᠤᠨ ᠤ ᠨᠠᠮ ᠤᠨ ᠬᠤᠷᠢᠶ᠎ᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠬᠤᠷᠠᠯ ᠬᠤᠷᠠᠯᠳᠤᠭᠤᠯᠵᠤ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠯᠢ ᠬᠠᠶ ᠾᠧ ᠬᠤᠷᠠᠯ ᠳᠤ ᠣᠷᠣᠯᠴᠠᠵᠤ᠂ ᠲᠣᠰᠬᠤᠨ ᠤ ︽ᠬᠤᠶᠠᠷ ᠵᠥᠪᠯᠡᠯ︾᠂ ᠶᠢᠩ ᠾᠧ᠂ ᠰᠧ ᠳ᠋ᠤᠤ ᠴᠢᠤᠸᠠᠨ᠂ ᠨᠣᠭᠤᠭᠠᠷᠠᠭᠤᠯᠤᠭᠰᠠᠨ ᠲᠣᠰᠬᠤᠨ ᠤ ᠠᠷᠠᠳ ᠤᠨ ᠳᠤᠭᠤᠶᠢᠯᠠᠩ ᠤᠨ ᠨᠠᠮ ᠤᠨ ᠡᠭᠦᠷ ᠤᠨ ᠱᠦᠵᠢ᠂ ᠳᠤᠭᠤᠶᠢᠯᠠᠩ ᠤᠨ ᠳᠠᠷᠤᠭ᠎ᠠ ᠣᠷᠣᠯᠴᠠᠵᠠᠶ᠃      ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠪᠠᠶᠠᠨᠲᠣᠬᠤᠶ ᠪᠠᠯᠭᠠᠰᠤᠨ ᠤ ᠬᠤᠷᠢᠶᠠᠨ ᠤ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠪᠠᠶᠠᠨᠲᠣᠬᠤᠶ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ︽ᠪᠠᠶᠠᠨᠲᠣᠬᠤᠶ ᠪᠠᠯᠭᠠᠰᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠭᠠᠵᠠᠷ ᠰᠢᠷᠣᠶ ᠶᠢ ᠡᠮᠬᠢᠯᠡᠨ ᠨᠡᠶᠢᠯᠡᠭᠦᠯᠬᠦ ᠵᠢᠴᠢ ᠡᠷᠭᠢᠯᠲᠡ ᠳᠤ ᠣᠷᠣᠭᠤᠯᠬᠤ ᠶᠢ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ ᠢ ᠤᠯᠠᠮᠵᠢᠯᠠᠨ ᠰᠤᠷᠤᠯᠴᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠭᠠᠵᠠᠷ ᠰᠢᠷᠣᠶ ᠶᠢ ᠡᠮᠬᠢᠯᠡᠨ ᠨᠡᠶᠢᠯᠡᠭᠦᠯᠬᠦ ᠵᠢᠴᠢ ᠡᠷᠭᠢᠯᠲᠡ ᠳᠤ ᠣᠷᠣᠭᠤᠯᠬᠤ ᠶᠢ ᠬᠡᠷᠡᠭᠵᠢᠭᠦᠯᠬᠦ ᠲᠥᠰᠦᠯ ᠤᠨ ᠲᠤᠬᠠᠶ ᠲᠣᠳᠣᠷᠬᠠᠶᠢᠯᠠᠯᠲᠠ ᠬᠢᠵᠦ᠂ ᠭᠠᠵᠠᠷ ᠰᠢᠷᠣᠶ ᠶᠢ ᠪᠠᠶᠢᠴᠠᠭᠠᠨ ᠭᠠᠷᠭᠠᠬᠤ ᠵᠢᠴᠢ ᠦᠷᠭᠦᠯᠵᠢᠯᠡᠨ ᠡᠷᠭᠢᠯᠳᠦᠭᠦᠯᠬᠦ ᠳᠤᠮᠳᠠ ᠲᠣᠬᠢᠶᠠᠯᠳᠤᠵᠤ ᠮᠡᠳᠡᠬᠦ ᠠᠰᠠᠭᠤᠳᠠᠯ ᠤᠨ ᠲᠤᠬᠠᠶ ᠰᠤᠳᠤᠯᠤᠨ ᠶᠠᠷᠢᠯᠴᠠᠪᠠ᠃      ᠬᠤᠷᠠᠯ ᠠᠴᠠ ᠳ᠋ᠦ᠋ ᠺᠸᠦ ᠲᠣᠰᠬᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠡᠭᠦᠷᠭᠡ ᠪᠣᠯᠤᠨ ᠡᠯ᠎ᠡ ᠱᠠᠲᠤ ᠦᠶ᠎ᠡ ᠶᠢᠨ ᠴᠠᠭ ᠤᠨ ᠬᠢᠵᠠᠭᠠᠷ ᠤᠨ ᠬᠦᠰᠦᠨᠦᠭᠲᠦ ᠶᠢ ᠲᠣᠳᠣᠷᠬᠠᠶᠢᠯᠠᠵᠤ᠂ ᠬᠤᠷᠠᠯ ᠠᠴᠠ ᠡᠯ᠎ᠡ ᠲᠣᠰᠬᠤᠨ ᠤ ᠠᠷᠠᠳ ᠤᠨ ᠳᠤᠭᠤᠶᠢᠯᠠᠩ ᠲᠡᠷᠡ ᠳᠠᠷᠤᠶ ᠳᠤᠨᠢ ᠲᠣᠰᠬᠤᠨ ᠤ ᠠᠷᠠᠳ ᠤᠨ ᠲᠥᠯᠥᠭᠡᠯᠡᠭᠴᠢᠳ ᠤᠨ ᠬᠤᠷᠠᠯ ᠬᠤᠷᠠᠯᠳᠤᠭᠤᠯᠵᠤ ᠲᠣᠰ ᠲᠣᠰᠬᠤᠨ ᠤ ᠠᠷᠠᠳ ᠤᠨ ᠳᠤᠭᠤᠶᠢᠯᠠᠩ ᠤᠨ ᠭᠠᠵᠠᠷ ᠰᠢᠷᠣᠶ ᠶᠢᠨ ᠪᠠᠶᠢᠳᠠᠯ ᠢ ᠰᠠᠶᠢᠨ ᠮᠡᠳᠡᠬᠦ ᠪᠥᠭᠡᠳ ᠵᠣᠬᠢᠬᠤ ᠨᠡᠷ᠎ᠡ ᠬᠦᠨᠳᠦ ᠲᠠᠢ ᠲᠣᠰᠬᠤᠨ ᠤ ᠠᠷᠠᠳ ᠢ ᠰᠣᠩᠭᠤᠨ ᠭᠠᠷᠭᠠᠵᠤ ᠠᠵᠢᠯ ᠤᠨ ᠳᠤᠭᠤᠶᠢᠯᠠᠩ ᠪᠠᠶᠢᠭᠤᠯᠵᠤ᠂ ᠪᠠᠯᠭᠠᠰᠤ ᠲᠣᠰᠬᠤᠨ ᠬᠤᠶᠠᠷ ᠱᠠᠲᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶ᠋ᠯ ᠤᠨ ᠣᠷᠣᠨ ᠪᠦᠰᠡ ᠶᠢᠨ ᠳᠣᠲᠣᠷ᠎ᠠ ᠨᠢᠭᠡᠨᠲᠡ ᠡᠷᠬᠡ ᠶᠢ ᠨᠤᠲᠠᠯᠠᠨ ᠲᠣᠭᠲᠠᠭᠠᠭᠰᠠᠨ ᠭᠠᠵᠠᠷ ᠰᠢᠷᠣᠶ᠂ ᠬᠠᠭᠠᠯᠪᠤᠷᠢᠯᠠᠭᠰᠠᠨ ᠭᠠᠵᠠᠷ ᠰᠢᠷᠣᠶ ᠶᠢᠨ ᠮᠥ ᠶᠢ ᠤᠶᠢᠯᠠᠭᠠᠨ ᠪᠠᠶᠢᠴᠠᠭᠠᠵᠤ ᠪᠦᠷᠢᠳᠬᠡᠬᠦ ᠲᠠᠢ ᠬᠠᠮᠵᠢᠯᠴᠠᠨ᠂ 7 ᠰᠠᠷ᠎ᠠ ᠶᠢᠨ 15 ᠤ ᠡᠳᠦᠷ ᠠᠴᠠ ᠡᠮᠦᠨ᠎ᠡ ᠠᠩᠬ᠎ᠠ ᠠᠯᠬᠤᠮ ᠪᠠᠶᠢᠴᠠᠭᠠᠨ ᠭᠠᠷᠭᠠᠬᠤ ᠶᠢ ᠪᠡᠶᠡᠯᠡᠭᠦᠯᠬᠦ ᠪᠠᠷ ᠴᠢᠷᠮᠠᠶᠢᠵᠤ᠂ ᠪᠠᠶᠢᠴᠠᠭᠠᠨ ᠭᠠᠷᠭᠠᠬᠤ ᠶᠠᠪᠤᠴᠠ ᠳᠤ ᠣᠯᠵᠤ ᠮᠡᠳᠡᠭᠰᠡᠨ ᠲᠣᠪᠤᠶᠢᠮ᠎ᠠ ᠠᠰᠠᠭᠤᠳᠠᠯ ᠳᠤ ᠴᠢᠭᠯᠡᠭᠦᠯᠦᠨ ᠴᠠᠭ ᠲᠤᠬᠠᠶ ᠳᠤᠨᠢ ᠬᠠᠷᠢᠭᠤ ᠲᠤᠰᠬᠠᠵᠤ᠂ ᠪᠤᠳᠤᠯᠢᠶᠠᠨᠲᠠᠶ ᠮᠠᠷᠭᠤᠯᠳᠤᠭᠠᠨ ᠤ ᠠᠰᠠᠭᠤᠳᠠᠯ ᠳᠤ ᠴᠢᠭᠯᠡᠭᠦᠯᠦᠨ ᠣᠯᠠᠨ ᠲᠠᠯ᠎ᠠ ᠶᠢᠨ ᠬᠦᠴᠦᠨ ᠢ ᠲᠥᠪᠯᠡᠷᠡᠭᠦᠯᠦᠨ ᠨᠢᠭᠡᠳᠦᠯᠲᠡᠶ ᠵᠥᠪᠳᠡᠯᠴᠡᠨ ᠰᠢᠢᠳᠪᠦᠷᠢᠯᠡᠨ᠎ᠡ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号