ᠢᠦᠶ ᡁᠢ ᠶᠦᠩ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠢ ᠡᠷᠭᠢᠯᠡᠨ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/7/4
      7 ᠰᠠᠷ᠎ᠠ ᠶᠢᠨ 3 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠢᠦᠶ ᡁᠢ ᠶᠦᠩ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠢ ᠡᠷᠭᠢᠯᠡᠨ ᠬᠤᠷᠠᠯᠳᠤᠭᠤᠯᠵᠤ᠂ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠪᠠᠶᠠᠷ ᠤᠨ ᠴᠠᠬᠢᠯᠭᠠᠨ ᠪᠠ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠲᠤᠭᠤᠷᠢᠭ ᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠳᠠᠯ ᠦᠭᠡᠢ ᠬᠤᠷᠠᠯᠳᠤᠬᠤ ᠭᠡᠵᠦ ᠪᠠᠶᠢᠭ᠎ᠠ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠡᠷᠦᠩᠬᠡᠢ ᠬᠠᠷᠠᠯᠲᠠ ᠶᠢ ᠭᠦᠨᠵᠡᠭᠡᠢ ᠡᠵᠡᠮᠳᠡᠵᠦ᠂ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢᠬᠢ ᠢᠯᠠᠩᠭᠤᠶ᠎ᠠ ᠰᠢᠨ᠎ᠡ ᠴᠠᠭ ᠦᠶ᠎ᠡ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠡᠷᠬᠢᠮ ᠨᠠᠨᠳᠢᠨ ᠲᠤᠷᠰᠢᠯᠭ᠎ᠠ ᠶᠢ ᠪᠠᠷᠢᠮᠲᠠᠯᠠᠨ ᠬᠡᠷᠡᠭᠯᠡᠵᠦ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠣᠰᠣᠭᠠᠷ᠂ ᠮᠠᠨ ᠤ ᠲᠤᠭᠤᠷᠢᠭ ᠤᠨ ᠥᠭᠡᠷᠡᠴᠢᠯᠡᠯᠲᠡ ᠶᠢᠨ ᠡᠭᠦᠷᠭᠡ ᠶᠢᠨ ᠨᠠᠷᠢᠨ ᠬᠠᠭᠤᠳᠠᠰᠤ ᠶᠢ ᠴᠢᠩᠭ᠎ᠠ ᠠᠩᠬᠠᠷᠴᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠴᠠᠭ ᠤᠨ ᠠᠬᠢᠴᠠ ᠶᠢ ᠲᠣᠩᠭᠤᠷᠤᠭᠤᠯᠤᠨ ᠵᠢᠭᠰᠠᠭᠠᠵᠤ᠂ ᠮᠥᠷᠳᠡᠨ ᠰᠢᠮᠳᠠᠭᠤᠯᠬᠤ ᠪᠠᠨ ᠴᠢᠩᠭᠠᠳᠬᠠᠨ᠂ ᠲᠣᠭᠲᠠᠭᠰᠠᠨ ᠴᠠᠭ ᠬᠤᠭᠤᠴᠠᠭᠠᠨ ᠤ ᠳᠣᠲᠣᠷ᠎ᠠ ᠣᠨ ᠤ ᠥᠭᠡᠷᠡᠴᠢᠯᠡᠯᠲᠡ ᠶᠢᠨ ᠡᠭᠦᠷᠭᠡ ᠪᠠᠨ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃      ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠪᠠᠶᠠᠷ ᠤᠨ ᠴᠠᠬᠢᠯᠭᠠᠨ ᠪᠠ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠮᠠᠨ ᠤ ᠲᠤᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠶ᠃ ᠴᠢᠳᠠᠪᠤᠷᠢᠲᠠᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠰᠤᠷᠭᠠᠨ ᠬᠥᠮᠦᠵᠢᠯ᠂ ᠡᠮ ᠡᠮᠨᠡᠯᠭᠡ ᠪᠠ ᠠᠵᠤ ᠠᠬᠤᠶᠢᠯᠠᠯ ᠵᠡᠷᠭᠡ ᠬᠦᠷᠢᠶᠡᠨ ᠳᠠᠬᠢ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠢ ᠨᠢᠭᠡᠳᠦᠯᠲᠡᠶ ᠲᠥᠯᠥᠪᠯᠡᠨ᠂ ᠠᠵᠤ ᠠᠬᠤᠶᠢᠯᠠᠯ ᠤᠨ ᠠᠵᠤ ᠠᠬᠤᠶᠢᠯᠠᠯ ᠤᠨ ᠮᠡᠷᠭᠡᠵᠢᠯ ᠤᠨ ᠲᠥᠪ᠂ ᠢᠨᠵᠧᠨᠧᠷᠢᠩ ᠤᠨ ᠮᠡᠷᠭᠡᠵᠢᠯ ᠤᠨ ᠲᠥᠪ ᠵᠡᠷᠭᠡ ᠰᠤᠳᠤᠯᠤᠨ ᠨᠡᠭᠡᠭᠡᠬᠦ ᠲᠠᠪᠴᠠᠩ ᠪᠠᠶᠢᠭᠤᠯᠬᠤ ᠶᠢ ᠵᠣᠷᠢᠭᠵᠢᠭᠤᠯᠵᠤ᠂ ᠲᠥᠷᠥᠯ ᠵᠦᠢᠯ ᠢᠶᠠᠷ ᠴᠢᠳᠠᠪᠤᠷᠢᠲᠠᠨ ᠢ ᠲᠥᠪᠯᠡᠷᠡᠭᠦᠯᠬᠦ᠂ ᠴᠢᠳᠠᠪᠤᠷᠢᠲᠠᠨ ᠢᠶᠠᠷ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠠᠬᠢᠭᠤᠯᠬᠤ ᠰᠠᠶᠢᠨ ᠣᠷᠴᠢᠯ ᠢ ᠪᠡᠶᠡᠯᠡᠭᠦᠯᠬᠦ ᠬᠡᠷᠡᠭᠲᠡᠶ᠃ ᠰᠢᠨ᠎ᠡ ᠶᠢ ᠡᠭᠦᠳᠬᠦ ᠪᠣᠯ ᠬᠥᠭᠵᠢᠯᠲᠡ ᠶᠢ ᠬᠦᠳᠦᠯᠦᠨ ᠳᠠᠭᠠᠭᠤᠯᠬᠤ ᠨᠢᠭᠡᠳᠦᠭᠡᠷ ᠬᠥᠳᠡᠯᠭᠡᠬᠦ ᠬᠦᠴᠦᠨ ᠤ ᠤᠬᠠᠮᠰᠠᠷ ᠢ ᠪᠠᠲᠤ ᠪᠤᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠪᠲᠤᠯᠤᠯᠲᠠ ᠶᠢ ᠰᠢᠪᠲᠤᠯᠬᠤ︾ ᠢᠨᠵᠧᠨᠧᠷᠢᠩ ᠢ ᠬᠡᠷᠡᠭᠵᠢᠭᠦᠯᠬᠦ ᠲᠠᠢ ᠤᠶᠠᠯᠳᠤᠭᠤᠯᠵᠤ᠂ ᠦᠬᠠᠢ ᠬᠤᠳᠠ ᠶᠢᠨ BDO ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠦᠳᠦᠭᠡᠨ ᠪᠠᠶᠢᠭᠤᠯᠤᠯᠲᠠ ᠲᠠᠢ ᠢᠳᠡᠪᠬᠢᠲᠡᠢ ᠬᠠᠮᠵᠢᠯᠴᠠᠵᠤ᠂ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠪᠣᠭᠤᠮᠲᠠ ᠰᠢᠪᠲᠤᠯᠬᠤ᠂ ︽ᠬᠤᠣᠰ ᠳᠠᠬᠢᠨ ᠢᠶᠠᠷ ᠨᠡᠮᠡᠭᠳᠡᠭᠦᠯᠵᠦ ᠬᠤᠶᠠᠷ ᠢ ᠳᠡᠭᠡᠭᠰᠢᠯᠡᠭᠦᠯᠬᠦ︾ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠰᠠᠶᠢᠨ ᠰᠠᠶᠢᠬᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠮᠢ ᠠᠬᠤᠢ ᠶᠢ ᠪᠤᠢ ᠪᠣᠯᠭᠠᠬᠤ ᠬᠡᠷᠡᠭᠲᠡᠢ᠃ ᠠᠵᠤ ᠦᠢᠯᠡᠰ ᠪᠠ ᠴᠢᠳᠠᠪᠤᠷᠢᠲᠠᠨ ᠤ ᠠᠭᠤᠰᠤᠯᠴᠠᠯ ᠤᠨ ᠦᠷ᠎ᠡ ᠪᠦᠲᠦᠮᠵᠢ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠤ ᠦᠢᠯᠡᠰ ᠤᠨ ᠬᠥᠭᠵᠢᠯᠲᠡ ᠶᠢᠨ ᠬᠡᠯᠬᠢᠶ᠎ᠡ ᠶᠢ ᠲᠠᠰᠤᠷᠠᠯᠲᠠ ᠦᠭᠡᠢ ᠤᠷᠲᠤᠳᠬᠠᠵᠤ᠂ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ ᠬᠡᠯᠬᠢᠶ᠎ᠡ ᠶᠢ ᠢᠵᠢ ᠪᠦᠷᠢᠳᠦᠭᠦᠯᠬᠦ ᠬᠡᠷᠡᠭᠲᠡᠢ᠃ ᠴᠢᠳᠠᠪᠤᠷᠢᠲᠠᠨ ᠢ ᠦᠯᠡᠳᠡᠭᠡᠬᠦ ᠪᠠᠲᠤᠯᠠᠭ᠎ᠠ ᠶᠢ ᠦᠷᠭᠦᠯᠵᠢᠯᠡᠨ ᠰᠢᠯᠢᠳᠡᠭᠵᠢᠭᠦᠯᠵᠦ᠂ ᠴᠢᠳᠠᠪᠤᠷᠢᠲᠠᠨ ᠤ ᠦᠰᠦᠨ ᠪᠤᠶᠢᠵᠢᠬᠤ ᠪᠠ ᠦᠢᠯᠡᠳᠦᠯ ᠢᠶᠠᠨ ᠪᠠᠳᠠᠷᠠᠭᠤᠯᠬᠤ ᠳᠤ ᠠᠰᠢᠭᠲᠠᠢ ᠨᠡᠶᠢᠭᠡᠮ ᠤᠨ ᠣᠷᠴᠢᠨ ᠲᠣᠭᠤᠷᠢᠨ ᠪᠠ ᠠᠮᠢᠳᠤᠷᠠᠯ ᠤᠨ ᠣᠷᠴᠢᠨ ᠲᠣᠭᠤᠷᠢᠨ ᠢ ᠢᠳᠡᠪᠬᠢᠲᠡᠢ ᠪᠤᠢ ᠪᠣᠯᠭᠠᠬᠤ ᠬᠡᠷᠡᠭᠲᠡᠢ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠭᠤᠷᠪᠠᠨ ᠲᠤᠰᠬᠠᠢ ᠠᠵᠢᠯ︾᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠵᠡᠷᠭᠡ ᠲᠠᠯ᠎ᠠ ᠪᠠᠷ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠯᠤᠰ ᠲᠦᠷᠦ ᠶᠢᠨ ᠵᠢᠯᠤᠭᠤᠳᠤᠯᠭ᠎ᠠ ᠶᠢ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠵᠥᠪ ᠴᠢᠭᠯᠡᠯ ᠢ ᠪᠠᠲᠤ ᠡᠵᠡᠮᠳᠡᠵᠦ᠂ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠦᠨᠡᠨ ᠬᠦ ᠰᠠᠶᠢᠲᠤᠷ ᠠᠳᠬᠤᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠬᠠᠶᠢᠨᠠᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠵᠤ᠂ ᠴᠢᠩᠭ᠎ᠠ ᠬᠦᠭ ᠠᠶᠠᠰ ᠢ ᠢᠮᠠᠭᠲᠠ ᠰᠤᠯᠠᠷᠠᠭᠤᠯᠤᠯ ᠦᠭᠡᠢ ᠪᠠᠷᠢᠮᠲᠠᠯᠠᠵᠤ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠵᠡᠪᠰᠡᠭᠯᠡᠬᠦ ᠶᠢ ᠪᠦᠬᠦ ᠲᠠᠯ᠎ᠠ ᠪᠠᠷ ᠴᠢᠩᠭᠠᠳᠬᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠲᠠᠰᠤᠷᠠᠯᠳᠠ ᠦᠭᠡᠢ ᠴᠢᠩᠭᠠᠳᠬᠠᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠠᠬᠢᠭᠤᠯᠬᠤ ᠳᠤ ᠦᠨᠡᠨ ᠬᠦ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ ᠭᠤᠣᠯᠳᠠᠯᠭ᠎ᠠ ᠲᠠᠢ ᠵᠠᠩᠭᠢᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡ ᠴᠤᠭᠴᠠᠵᠢᠭᠤᠯᠤᠨ ᠠᠬᠢᠭᠤᠯᠬᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠵᠦᠢᠯ ᠤᠨ ᠠᠵᠢᠯ ᠢ ᠭᠤᠣᠯ ᠠᠵᠢᠯ ᠲᠠᠢ ᠤᠶᠠᠯᠳᠤᠭᠤᠯᠵᠤ᠂ ᠨᠢᠭᠡ ᠪᠦᠯᠦᠭ ᠬᠥᠭᠵᠢᠯᠲᠡ ᠶᠢᠨ ᠳᠤᠮᠳᠠᠬᠢ ᠭᠤᠣᠯᠳᠠᠯᠭ᠎ᠠ ᠲᠠᠢ ᠬᠦᠴᠢᠷ ᠲᠦᠪᠡᠭᠲᠡᠢ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ︽ᠭᠤᠷᠪᠠᠨ ᠲᠤᠰᠬᠠᠢ ᠠᠵᠢᠯ︾ ᠤᠨ ᠦᠷ᠎ᠡ ᠪᠦᠲᠦᠭᠡᠯ ᠢ ᠲᠠᠰᠤᠷᠠᠯᠲᠠ ᠦᠭᠡᠢ ᠭᠤᠣᠯ ᠠᠵᠢᠯ ᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠨᠠᠮ ᠤᠨ ᠪᠠᠶᠢᠭᠤᠯᠤᠯᠲᠠ ᠶᠢ ᠠᠳᠬᠤᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠷᠭᠦᠯᠵᠢᠯᠡᠨ ᠪᠠᠲᠤᠳᠬᠠᠵᠤ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠢᠨᠠᠯᠲᠠ ᠲᠠᠯᠪᠢᠬᠤ ᠬᠠᠷᠢᠭᠤᠴᠠᠯᠭ᠎ᠠ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠱᠦᠵᠢ ᠶᠢᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ᠂ ᠤᠳᠤᠷᠢᠳᠬᠤ ᠪᠠᠭ ᠤᠨ ᠪᠦᠷᠢᠯᠳᠦᠬᠦᠨ ᠤ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠪᠣᠯᠤᠨ ᠨᠠᠮ ᠤᠨ ᠭᠡᠰᠢᠭᠦᠨ ᠺᠠᠳ᠋ᠷ ᠤᠨ ᠪᠣᠳᠠᠲᠠᠢ ᠬᠠᠷᠢᠭᠤᠴᠠᠯᠭ᠎ᠠ ᠶᠢ ᠦᠨᠡᠨ ᠬᠦ ᠰᠠᠶᠢᠲᠤᠷ ᠨᠠᠶᠢᠳᠠᠪᠤᠷᠢᠵᠢᠭᠤᠯᠵᠤ᠂ ᠬᠠᠷᠠᠯᠲᠠ᠂ ᠴᠢᠭᠯᠡᠯ᠂ ᠡᠭᠦᠷᠭᠡ ᠪᠣᠯᠤᠨ ᠠᠷᠭ᠎ᠠ ᠵᠠᠮ ᠢᠶᠠᠨ ᠴᠢᠨᠠᠭᠰᠢᠳᠠ ᠲᠣᠳᠣᠷᠬᠠᠶᠢᠯᠠᠵᠤ᠂ ᠠᠵᠢᠯ ᠤᠨ ᠬᠤᠪᠢᠶᠠᠷᠢᠯᠠᠯ ᠢᠶᠠᠨ ᠨᠠᠷᠢᠯᠢᠬᠵᠢᠭᠤᠯᠵᠤ᠂ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠠᠬᠢᠭᠤᠯᠬᠤ ᠬᠡᠷᠡᠭᠲᠡᠢ᠃      ᠬᠤᠷᠠᠯ ᠠᠴᠠ ᠪᠠᠰᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠣᠷᠣᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ᠂ ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠠᠵᠢᠯ ᠤᠨ ᠪᠠᠶᠢᠳᠠᠯ ᠵᠢᠴᠢ ᠪᠥᠬᠦ ᠣᠷᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠪᠠᠶᠢᠳᠠᠯ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠪᠠᠶᠢᠩᠭᠤ ᠶᠢᠨ ᠴᠢᠨᠠᠷᠲᠠᠶ ᠡᠭᠦᠷᠭᠡ ᠲᠤᠰᠢᠶᠠᠯ ᠢᠶᠠᠨ ᠭᠦᠢᠴᠡᠳᠭᠡᠬᠦ ᠶᠢ ᠠᠬᠢᠭᠤᠯᠤᠭᠰᠠᠨ ᠠᠵᠢᠯ  ᠤᠨ  ᠪᠠᠶᠢᠳᠠᠯ  ᠤᠨ ᠬᠠᠷᠢᠭᠤ  ᠮᠡᠳᠡᠭᠦᠯᠦᠯᠲᠡ  ᠶᠢ  ᠰᠣᠨᠣᠰᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号