ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠰᠢᠶᠤᠤ ᠴᠢᠩ ᠲᠤᠭᠤᠷᠢᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ 2024 ᠣᠨ ᠤ 11 ᠳ᠋ᠤᠭᠡᠷ ᠤᠳᠠᠭᠠᠨ ᠤ ᠵᠥᠪᠯᠡᠯ ᠤᠨ ᠶᠠᠪᠤᠳᠠᠯ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/4
      7 ᠰᠠᠷ᠎ᠠ ᠶᠢᠨ 3 ᠤ ᠡᠳᠦᠷ᠂ ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠰᠢᠶᠤᠤ ᠴᠢᠩ ᠲᠤᠭᠤᠷᠢᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ 2024 ᠣᠨ ᠤ 11 ᠳ᠋ᠦ᠋ᠭᠡᠷ ᠤᠳᠠᠭ᠎ᠠ ᠶᠢᠨ ᠨᠠᠮ ᠤᠨ ᠬᠤᠷᠢᠶᠠᠨ ᠤ ᠶᠠᠪᠤᠳᠠᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠤᠯᠤᠰ ᠲᠥᠷᠥ ᠶᠢᠨ ᠱᠠᠯᠠᠪᠳᠠᠭᠤᠯᠤᠨ ᠪᠠᠶᠢᠴᠠᠭᠠᠯᠲᠠ᠂ ᠰᠠᠬᠢᠯᠭ᠎ᠠ ᠪᠠᠲᠤ ᠣᠪᠣᠷ ᠰᠤᠷᠲᠠᠯ ᠤᠨ ᠱᠠᠯᠠᠪᠳᠠᠭᠤᠯᠤᠨ ᠪᠠᠶᠢᠴᠠᠭᠠᠯᠲᠠ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢ ᠨᠠᠶᠢᠳᠠᠪᠤᠷᠢᠵᠢᠭᠤᠯᠬᠤ ᠲᠤᠬᠠᠶ ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠴᠡᠭᠴᠡᠯᠡᠨ ᠰᠠᠶᠢᠵᠢᠷᠠᠭᠤᠯᠬᠤ ᠲᠥᠰᠦᠯ︾ ᠢ ᠰᠤᠳᠤᠯᠤᠨ ᠬᠢᠨᠠᠨ ᠵᠥᠪᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠨᠠᠮ ᠳᠤ ᠲᠤᠯᠭᠠᠷᠠᠵᠤ ᠪᠠᠶᠢᠭ᠎ᠠ ︽ᠲᠦᠷᠪᠡᠨ ᠶᠡᠭᠡ ᠰᠢᠯᠭᠠᠯᠲᠠ︾ ᠪᠠ ︽ᠲᠦᠷᠪᠡᠨ ᠵᠦᠢᠯ ᠤᠨ ᠠᠶᠤᠯ ᠲᠦᠭᠰᠢᠭᠦᠷᠢ︾ ᠶᠢᠨ ᠤᠷᠳᠤ ᠬᠤᠭᠤᠴᠠᠭᠠᠲᠤ ᠴᠢᠨᠠᠷ᠂ ᠪᠡᠷᠬᠡ ᠬᠠᠲᠠᠭᠤᠵᠢᠯᠲᠤ ᠴᠢᠨᠠᠷ ᠪᠠ ᠪᠤᠳᠤᠯᠢᠶᠠᠨᠲᠤ ᠴᠢᠨᠠᠷ ᠢ ᠭᠦᠨᠵᠡᠭᠡᠢ ᠣᠶᠢᠯᠠᠭᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠡᠭᠦᠷᠢᠳᠡ ᠵᠤᠬᠰᠤᠰᠢ ᠦᠭᠡᠢ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠠᠵᠢᠯ ᠡᠭᠦᠷᠢᠳᠡ ᠵᠤᠬᠰᠤᠰᠢ ᠦᠭᠡᠢ ᠪᠠᠶᠢᠬᠤ ᠶᠢ ᠭᠦᠨᠵᠡᠭᠡᠢ ᠲᠠᠨᠢᠬᠤ ᠬᠡᠷᠡᠭᠲᠡᠢ᠃ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠭᠦᠢᠴᠡᠳᠬᠡᠵᠦ᠂ ᠴᠢᠩᠭ᠎ᠠ ᠬᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ ᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠬᠠᠮᠢᠶᠠᠷᠴᠤ ᠴᠠᠭᠳᠠᠭ᠎ᠠ ᠶᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃      ᠬᠤᠷᠠᠯ ᠠᠴᠠ᠂ ᠦᠳᠲᠡᠷ ᠲᠦᠷᠭᠡᠨ ᠬᠥᠳᠡᠯᠦᠯᠴᠡᠬᠦ ᠬᠡᠷᠡᠭᠲᠡᠢ᠃ ᠲᠤᠭᠤᠷᠢᠭ ᠤᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠤᠳᠤᠷᠢᠳᠬᠤ ᠪᠠᠭ ᠤᠨ ᠬᠢᠨ ᠤᠬᠠᠮᠰᠠᠷ ᠠᠴᠠ ᠪᠠᠨ ᠤᠯᠤᠰ ᠲᠦᠷᠦ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠬᠤ ᠠᠵᠢᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠰᠠᠭᠤᠳᠠᠯ ᠢ ᠰᠢᠢᠳᠪᠦᠷᠢᠯᠡᠬᠦ᠂ ᠠᠵᠢᠯ ᠢᠶᠠᠨ ᠰᠠᠶᠢᠵᠢᠷᠠᠭᠤᠯᠬᠤ ᠬᠦᠴᠦᠲᠡᠢ ᠵᠢᠯᠤᠭᠤᠳᠤᠯᠭ᠎ᠠ ᠪᠣᠯᠭᠠᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠴᠠᠭ ᠤᠨ ᠳᠠᠷᠠᠭᠠᠯᠠᠯ ᠶᠣᠰᠣᠭᠠᠷ ᠠᠬᠢᠭᠤᠯᠵᠤ᠂ ᠶᠠᠪᠤᠳᠠᠯ ᠪᠦᠬᠦᠨ ᠳᠤ ᠠᠳᠬᠤᠬᠤ ᠬᠥᠮᠦᠨ ᠲᠠᠢ᠂ ᠶᠠᠪᠤᠳᠠᠯ ᠪᠦᠬᠦᠨ ᠳᠤ ᠨᠠᠶᠢᠳᠠᠪᠤᠷᠢᠵᠢᠭᠤᠯᠤᠯᠲᠠ ᠲᠠᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠲᠤᠰ ᠲᠤᠰ ᠤᠨ ᠬᠠᠷᠢᠭᠤᠴᠠᠯᠭ᠎ᠠ ᠪᠠᠨ ᠴᠢᠩᠭ᠎ᠠ ᠭᠦᠢᠴᠡᠳᠭᠡᠵᠦ᠃ ᠥᠪᠡᠷ ᠢ ᠪᠠᠨ ᠣᠷᠣᠭᠤᠯᠵᠤ᠂ ᠠᠵᠢᠯ ᠢᠶᠠᠨ ᠣᠷᠣᠭᠤᠯᠵᠤ᠂ ᠡᠭᠦᠷᠭᠡ ᠬᠠᠷᠢᠭᠤᠴᠠᠯᠭ᠎ᠠ ᠪᠠᠨ ᠣᠷᠣᠭᠤᠯᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠲᠠᠨᠢᠵᠤ᠂ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠬᠥᠮᠦᠨ ᠪᠦᠬᠦᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠴᠠᠭ ᠲᠤᠬᠠᠶ ᠳᠤᠨᠢ ᠲᠠᠩᠰᠠ ᠲᠤᠰᠢᠶᠠᠵᠤ ᠲᠠᠩᠰᠠ ᠮᠡᠳᠡᠭᠦᠯᠵᠦ᠂ ᠨᠢᠭᠡ ᠶᠢ ᠪᠡᠶᠡᠯᠡᠭᠦᠯᠵᠦ᠂ ᠨᠢᠭᠡ ᠶᠢ ᠬᠠᠰᠤᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠪᠢᠲᠡᠭᠦᠦ ᠴᠠᠭᠠᠷᠢᠭ ᠢ ᠪᠦᠷᠢᠯᠳᠦᠭᠦᠯᠬᠦ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠠᠵᠢᠯ ᠤᠨ ᠶᠠᠪᠤᠴᠠ ᠶᠢᠨ ᠴᠢᠨᠠᠷᠲᠠᠶ ᠭᠡᠷᠡᠴᠢ ᠮᠠᠲ᠋ᠧᠷᠢᠶᠠᠯ ᠪᠠ ᠪᠣᠳᠠᠲᠠᠶ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢᠨ ᠭᠡᠷᠡᠴᠢ ᠪᠠᠷᠢᠮᠲᠠ ᠶᠢ ᠴᠠᠭ ᠲᠤᠬᠠᠶ ᠳᠤᠨᠢ ᠴᠤᠭᠯᠠᠭᠤᠯᠤᠨ ᠡᠮᠬᠢᠳᠬᠡᠵᠦ᠂ ᠠᠰᠠᠭᠤᠳᠠᠯ ᠤᠨ ᠳ᠋ᠤᠭᠠᠷᠯᠠᠯ ᠶᠣᠰᠣᠭᠠᠷ ᠲᠥᠷᠥᠯ ᠬᠤᠪᠢᠶᠠᠨ ᠡᠮᠬᠢᠯᠡᠵᠦ᠂ ᠴᠠᠭ ᠲᠤᠬᠠᠶ ᠳᠤᠨᠢ ᠲᠠᠩᠰᠠ ᠡᠪᠬᠡᠮᠡᠯ ᠳᠤ ᠣᠷᠣᠭᠤᠯᠵᠤ ᠪᠠᠶᠢᠴᠠᠭᠠᠬᠤ ᠳᠤ ᠪᠡᠯᠡᠳᠬᠡᠬᠦ ᠬᠡᠷᠡᠭᠲᠡᠶ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号