ᠬᠠᠶᠢᠨᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠠᠵᠢᠯ ᠤᠨ ᠪᠠᠶᠢᠳᠠᠯ ᠤᠨ ᠲᠤᠰᠬᠠᠶ ᠰᠡᠳᠦᠪᠲᠦ ᠠᠰᠠᠭᠤᠨ ᠯᠠᠪᠯᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/4
      7 ᠰᠠᠷ᠎ᠠ ᠶᠢᠨ 2 ᠤᠨ ᠡᠳᠦᠷ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠠᠵᠢᠯ ᠤᠨ ᠪᠠᠶᠢᠳᠠᠯ ᠤᠨ ᠲᠤᠰᠬᠠᠶ ᠰᠡᠳᠦᠪᠲᠦ ᠠᠰᠠᠭᠤᠨ ᠯᠠᠪᠯᠠᠬᠤ ᠬᠤᠷᠠᠯ ᠬᠤᠷᠠᠯᠳᠤᠭᠤᠯᠵᠤ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠳ᠋ᠢᠩ ᠬᠤᠷᠠᠯ ᠳᠤ ᠣᠷᠣᠯᠴᠠᠭᠰᠠᠨ ᠥᠬᠡᠶ ᠪᠥᠭᠡᠳ ᠶᠠᠷᠢᠶ᠎ᠠ ᠲᠠᠯᠪᠢᠵᠤ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ ᠵᠢᠶᠦ᠋ᠨ ᠫᠢᠩ᠂ ᠵᠧᠤ ᠬᠤᠤ᠂ ᠵᠣᠣ ᠬᠠᠶ ᠪᠢᠨ᠂ ᠪᠠᠶᠠᠷ ᠵᠢᠴᠢ ᠪᠠᠶᠢᠩᠭᠤ ᠶᠢᠨ ᠬᠤᠷᠢᠶᠠᠨ ᠤ ᠭᠡᠰᠢᠭᠦᠨ 25 ᠬᠥᠮᠦᠨ ᠬᠤᠷᠠᠯ ᠳᠤ ᠣᠷᠣᠯᠴᠠᠵᠠᠶ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᠲᠢᠶᠠᠨ ᠴᠢᠩ ᠵᠢᠴᠢ ᠬᠡᠰᠡᠭ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃ ᠬᠤᠷᠠᠯ ᠳᠡᠭᠡᠷ᠎ᠡ᠂ ᠪᠠᠶᠢᠩᠭᠤ ᠶᠢᠨ ᠬᠤᠷᠢᠶᠠᠨ ᠤ ᠬᠡᠰᠡᠭ ᠪᠦᠷᠢᠯᠳᠦᠬᠦᠨ ᠨᠡᠷ ᠬᠤᠲᠠ ᠶᠢᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ᠂ ᠬᠤᠲᠠ ᠶᠢᠨ ᠳᠦᠷᠰᠦ ᠪᠠᠶᠢᠳᠠᠯ᠂ ᠵᠠᠮ ᠬᠠᠷᠢᠯᠴᠠᠭᠠᠨ ᠤ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠵᠡᠷᠭᠡ ᠲᠠᠯ᠎ᠠ ᠪᠠᠷ ᠮᠠᠨ ᠤ ᠲᠣᠭᠤᠷᠢᠭ ᠤᠨ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠠᠵᠢᠯ ᠤᠨ ᠪᠠᠶᠢᠳᠠᠯ ᠢ ᠯᠠᠪᠯᠠᠨ ᠠᠰᠠᠭᠤᠵᠤ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠨᠡᠶᠢᠲᠡ ᠶᠢᠨ ᠦᠢᠯᠡᠰ ᠤᠨ ᠬᠥᠭᠵᠢᠯᠲᠡ ᠶᠢᠨ ᠲᠥᠪ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤ ᠰᠢᠭᠤᠳ ᠬᠠᠷᠢᠭᠤ ᠠᠰᠠᠭᠤᠳᠠᠯ ᠳᠤ ᠪᠤᠰᠤᠳᠴᠢ ᠪᠠᠷ ᠨᠠᠷᠢᠨ ᠪᠣᠳᠠᠲᠠᠶ ᠬᠠᠷᠢᠭᠤᠯᠲᠠ ᠥᠭᠴᠦ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᠲᠢᠶᠠᠨ ᠴᠢᠩ ᠣᠪᠣᠷ ᠢᠶᠠᠨ ᠢᠯᠡᠳᠬᠡᠬᠦ ᠦᠭᠡ ᠬᠡᠯᠡᠪᠡ᠃      ᠬᠤᠷᠠᠯ ᠠᠴᠠ ᠱᠠᠭᠠᠷᠳᠠᠭᠰᠠᠨ ᠨᠢ᠂ ᠲᠣᠭᠤᠷᠢᠭ ᠤᠨ ᠵᠠᠰᠠᠭ ᠤᠨ ᠣᠷᠳᠣᠨ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠤᠯᠢᠵᠢᠯ ᠤᠨ ᠰᠡᠳᠬᠢᠬᠦᠢ ᠪᠠᠨ ᠴᠢᠩᠭᠠᠳᠬᠠᠵᠤ᠂ ᠬᠤᠳᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠠᠵᠢᠯ ᠢ ᠨᠡᠩ ᠲᠤᠪᠤᠶᠢᠮ᠎ᠠ ᠪᠠᠶᠢᠷᠢᠨ ᠳᠤ ᠲᠠᠯᠪᠢᠵᠤ᠂ ᠬᠤᠳᠠ ᠶᠢᠨ ᠬᠠᠮᠢᠶᠠᠷᠤᠯᠲᠠ ᠶᠢᠨ ᠲᠦᠷᠦ ᠶᠢᠨ ᠪᠤᠳᠤᠯᠭ᠎ᠠ ᠶᠢᠨ ᠬᠦᠴᠢᠷᠳᠡᠯ᠂ ᠵᠠᠰᠠᠯᠲᠠ ᠶᠢᠨ ᠲᠦᠭᠵᠢᠷᠡᠯ᠂ ᠦᠢᠯᠡᠴᠢᠯᠡᠭᠡᠨ ᠤ ᠡᠪᠡᠷᠰᠢᠶᠡᠯ ᠳᠤ ᠭᠦᠨᠵᠡᠭᠡᠢ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠲᠦᠷᠭᠡᠨ ᠬᠤᠪᠢᠷᠠᠭᠤᠯᠵᠤ᠂ ᠠᠵᠢᠯ ᠤᠨ ᠠᠷᠭ᠎ᠠ ᠬᠡᠯᠪᠡᠷᠢ ᠪᠠᠨ ᠰᠢᠯᠢᠳᠡᠭᠵᠢᠭᠦᠯᠬᠦ ᠬᠡᠷᠡᠭᠲᠡᠢ᠃ ᠤᠨᠤᠯ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠴᠤᠭᠯᠠᠭᠤᠯᠬᠤ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠵᠡᠷᠭᠡ ᠠᠵᠢᠯ ᠢ ᠥᠷᠭᠡᠨ ᠢᠶᠠᠷ ᠥᠷᠨᠢᠭᠦᠯᠵᠦ᠂ ︽ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ᠂ ᠬᠥᠮᠦᠨ ᠪᠦᠬᠦᠨ ᠣᠷᠣᠯᠴᠠᠬᠤ︾ ᠬᠤᠳᠠ ᠶᠢᠨ ᠬᠠᠮᠢᠶᠠᠷᠤᠯᠲᠠ ᠶᠢᠨ ᠠᠵᠢᠯ ᠤᠨ ᠪᠠᠶᠢᠷᠢᠰᠢᠯ ᠢ ᠪᠠᠶᠢᠭᠤᠯᠬᠤ ᠬᠡᠷᠡᠭᠲᠡᠶ᠃ ᠲᠣᠰ ᠤᠳᠠᠭᠠᠨ ᠤ ᠲᠤᠰᠬᠠᠶ ᠰᠡᠳᠦᠪᠲᠦ ᠠᠰᠠᠭᠤᠨ ᠯᠠᠪᠯᠠᠬᠤ ᠪᠠᠷ ᠠᠵᠠ ᠲᠣᠬᠢᠶᠠᠯ ᠪᠣᠯᠭᠠᠵᠤ᠂ ᠲᠤᠭᠤᠷᠢᠭ ᠤᠨ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠣᠳᠠᠲᠠᠶ ᠠᠷᠭ᠎ᠠ ᠪᠤᠳᠤᠵᠤ᠂ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠬᠤᠲᠠ ᠶᠢᠨ ᠬᠠᠮᠢᠶᠠᠷᠤᠯᠲᠠ ᠶᠢᠨ ᠦᠢᠯᠡᠰ ᠤᠨ ᠨᠠᠩ ᠴᠢᠨᠠᠷ ᠰᠠᠶᠢᠲᠠᠶ᠂ ᠨᠠᠩ ᠦᠷ᠎ᠡ ᠪᠦᠲᠦᠮᠵᠢ ᠲᠠᠢ᠂ ᠨᠠᠩ ᠦᠷᠭᠦᠯᠵᠢᠯᠡᠬᠦ᠂ ᠨᠠᠩ ᠠᠮᠤᠷ ᠲᠦᠪᠰᠢᠨ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号