ᠪᠠᠶᠠᠨᠲᠤᠬᠤᠢ ᠪᠠᠯᠭᠠᠰᠤᠨ ᠤ ᠰᠧ ᠰᠢᠨ ᠲᠣᠰᠬᠤᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠤᠬᠠᠭᠤᠯᠤᠨ ᠳᠠᠶᠢᠴᠢᠯᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/5
      ᠪᠠᠶᠠᠨᠲᠤᠬᠤᠢ ᠪᠠᠯᠭᠠᠰᠤᠨ ᠤ ᠰᠧ ᠰᠢᠨ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠭᠦᠨᠵᠡᠭᠡᠢ ᠠᠬᠢᠭᠤᠯᠵᠤ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠶᠢᠨ ᠲᠥᠯᠥᠭᠡ᠂ 7 ᠰᠠᠷ᠎ᠠ ᠶᠢᠨ 4 ᠤ ᠡᠳᠦᠷ᠂ ᠰᠧ ᠰᠢᠨ᠎ᠡ ᠲᠣᠰᠬᠤᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠤᠬᠠᠭᠤᠯᠤᠨ ᠳᠠᠶᠢᠴᠢᠯᠠᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠲᠣᠰ ᠤᠳᠠᠭᠠᠨ ᠤ ᠬᠤᠷᠠᠯ ᠨᠢ ᠥᠷᠭᠡᠨ ᠣᠯᠠᠨ ᠲᠣᠰᠬᠤᠨ ᠤ ᠠᠷᠠᠳ ᠲᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠤᠬᠠᠭᠤᠯᠵᠤ᠂ ᠲᠣᠰᠬᠤᠨ ᠤ ᠠᠷᠠᠳ ᠤᠨ ᠴᠡᠭᠴᠡᠯᠡᠨ ᠵᠠᠰᠠᠬᠤ ᠠᠵᠢᠯᠯᠠᠭ᠎ᠠ ᠳᠤ ᠣᠷᠣᠯᠴᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠬᠥᠭᠵᠢᠭᠡᠬᠦ ᠶᠢᠨ ᠲᠥᠯᠥᠭᠡ ᠶᠤᠮ᠃      ᠬᠤᠷᠠᠯ ᠠᠴᠠ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠨᠢ ᠲᠣᠰᠬᠤᠨ ᠤ ᠠᠷᠠᠳ ᠤᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠦᠵᠡᠭᠦᠯᠬᠦ ᠴᠢᠬᠤᠯᠠ ᠴᠢᠨᠠᠷ᠂ ᠰᠠᠶᠢᠨ ᠰᠠᠶᠢᠬᠠᠨ ᠣᠷᠣᠰᠢᠨ ᠰᠠᠭᠤᠬᠤ ᠣᠷᠴᠢᠨ ᠲᠣᠭᠤᠷᠢᠨ ᠪᠣᠯ ᠬᠥᠳᠡᠭᠡ ᠲᠣᠰᠬᠤᠨ ᠤ ᠬᠥᠭᠵᠢᠯᠲᠡ ᠶᠢᠨ ᠰᠠᠭᠤᠷᠢ ᠪᠣᠯᠤᠨ᠎ᠠ᠂ ᠲᠣᠰᠬᠤᠨ ᠤ ᠠᠷᠠᠳ ᠤᠨ ᠣᠷᠣᠰᠢᠨ ᠰᠠᠭᠤᠬᠤ ᠨᠥᠬᠦᠴᠡᠯ ᠢ ᠰᠠᠶᠢᠵᠢᠷᠠᠭᠤᠯᠵᠤ ᠴᠢᠳᠠᠬᠤ ᠪᠠᠷ ᠪᠠᠷᠠᠬᠤ ᠦᠭᠡᠢ᠂ ᠪᠠᠰᠠ ᠨᠡᠩ ᠤᠯᠠᠨ ᠪᠡᠯᠡ ᠣᠷᠣᠭᠤᠯᠤᠯᠲᠠ ᠪᠣᠯᠤᠨ ᠴᠢᠳᠠᠪᠤᠷᠢᠲᠠᠨ ᠢ ᠲᠠᠲᠠᠵᠤ᠂ ᠬᠥᠳᠡᠭᠡ ᠲᠣᠰᠬᠤᠨ ᠤ ᠠᠵᠤ ᠠᠬᠤᠢ ᠶᠢᠨ ᠬᠥᠭᠵᠢᠯ ᠴᠡᠴᠡᠭᠯᠡᠯ ᠢ ᠠᠬᠢᠭᠤᠯᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠪᠣᠳᠠᠲᠠᠢ ᠠᠭᠤᠯᠭ᠎ᠠ ᠪᠣᠯᠤᠨ ᠬᠠᠷᠠᠯᠲᠠ ᠶᠢ ᠨᠠᠷᠢᠨ ᠲᠠᠨᠢᠯᠴᠠᠭᠤᠯᠵᠠᠢ᠃      ᠲᠣᠰᠬᠤᠨ ᠤ ᠠᠷᠠᠳ ᠲᠤ ᠴᠡᠭᠴᠡᠯᠡᠨ ᠵᠠᠰᠠᠬᠤ ᠠᠵᠢᠯ ᠢ ᠨᠠᠩ ᠰᠠᠶᠢᠲᠤᠷ ᠣᠶᠢᠯᠠᠭᠠᠭᠤᠯᠤᠨ ᠳᠡᠮᠵᠢᠬᠦ ᠶᠢᠨ ᠲᠥᠯᠥᠭᠡ᠂ ᠬᠤᠷᠠᠯ ᠳᠡᠭᠡᠷ᠎ᠡ ᠪᠠᠰᠠ ᠴᠡᠭᠴᠡᠯᠡᠨ ᠵᠠᠰᠠᠬᠤ ᠠᠵᠢᠯ ᠳᠤ ᠢᠳᠡᠪᠬᠢᠲᠡᠶ ᠣᠷᠣᠯᠴᠠᠭᠰᠠᠨ ᠬᠡᠳᠦᠨ ᠲᠣᠰᠬᠤᠨ ᠤ ᠠᠷᠠᠳ ᠤᠨ ᠲᠥᠯᠥᠭᠡᠯᠡᠭᠴᠢ ᠶᠢ ᠤᠷᠢᠵᠤ ᠲᠡᠳᠡᠨ ᠤ ᠲᠤᠷᠰᠢᠯᠭ᠎ᠠ ᠪᠠ ᠲᠥᠷᠥᠭᠳᠡᠯ ᠢᠶᠠᠨ ᠬᠤᠪᠢᠶᠠᠯᠴᠠᠭᠤᠯᠬᠤ ᠶᠢᠨ ᠲᠥᠯᠥᠭᠡ᠂ ᠲᠡᠳᠡ ᠴᠡᠭᠴᠡᠯᠡᠨ ᠵᠠᠰᠠᠬᠤ ᠪᠠᠷ ᠳᠠᠮᠵᠢᠭᠤᠯᠤᠨ ᠲᠣᠰᠬᠤᠨ ᠢ ᠨᠠᠩ ᠴᠡᠪᠡᠷ ᠴᠡᠮᠴᠡᠭᠡᠷ᠂ ᠦᠵᠡᠰᠬᠦᠯᠡᠩᠲᠦ ᠰᠠᠶᠢᠬᠠᠨ᠂ ᠬᠥᠷᠰᠢ ᠵᠡᠷᠭᠡᠯᠡᠳᠡᠭᠡ ᠶᠢᠨ ᠬᠠᠷᠢᠴᠠᠭ᠎ᠠ ᠶᠢ ᠨᠠᠩ ᠡᠶ᠎ᠡ ᠵᠣᠬᠢᠴᠠᠯ ᠲᠠᠢ ᠪᠣᠯᠭᠠᠵᠤ᠂ ᠣᠯᠠᠨ ᠤ ᠠᠮᠢᠳᠤᠷᠠᠯ ᠢ ᠨᠠᠩ ᠲᠠᠭᠠᠯᠠᠮᠵᠢᠲᠠᠶ ᠪᠣᠯᠭᠠᠵᠤ ᠪᠠᠶᠢᠨ᠎ᠠ ᠭᠡᠵᠦ ᠢᠯᠡᠳᠬᠡᠪᠡ᠃      ᠲᠣᠰ ᠤᠳᠠᠭᠠᠨ ᠤ ᠤᠬᠠᠭᠤᠯᠤᠨ ᠳᠠᠶᠢᠴᠢᠯᠠᠬᠤ ᠬᠤᠷᠠᠯ ᠢ ᠬᠤᠷᠠᠯᠳᠤᠭᠤᠯᠤᠭᠰᠠᠨ ᠨᠢ ᠰᠧ ᠰᠢᠨ ᠲᠣᠰᠬᠤᠨ ᠤ ᠠᠷᠠᠳ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠲᠤᠬᠠᠶ ᠨᠠᠩ ᠭᠦᠨᠵᠡᠭᠡᠶ ᠣᠶᠢᠯᠠᠭᠠᠯᠲᠠ ᠪᠠ ᠲᠠᠨᠢᠯᠲᠠ ᠲᠠᠢ ᠪᠣᠯᠵᠤ᠂ ᠲᠣᠰᠬᠤᠨ ᠤ ᠠᠷᠠᠳ ᠤᠨ ᠴᠡᠭᠴᠡᠯᠡᠨ ᠵᠠᠰᠠᠬᠤ ᠠᠵᠢᠯᠯᠠᠭ᠎ᠠ ᠳᠤ ᠣᠷᠣᠯᠴᠠᠬᠤ ᠬᠠᠯᠠᠭᠤᠨ ᠰᠡᠳᠬᠢᠯᠭᠡ ᠶᠢ ᠲᠦᠢᠯ ᠤᠨ ᠶᠡᠭᠡ ᠪᠠᠷ ᠬᠥᠭᠵᠢᠭᠡᠪᠡ᠃ ᠪᠦᠬᠦ ᠲᠣᠰᠬᠤᠨ ᠤ ᠠᠷᠠᠳ ᠤᠨ ᠬᠠᠮᠲᠤ ᠶᠢᠨ ᠬᠠᠮᠵᠢᠯᠴᠠᠭ᠎ᠠ ᠳᠣᠣᠷ᠎ᠠ᠂ ᠰᠧ ᠰᠢᠨ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢᠯᠡᠳᠲᠡ ᠰᠠᠶᠢᠵᠢᠷᠠᠵᠤ᠂ ᠬᠠᠮᠲᠤᠪᠠᠷ ᠴᠢᠷᠮᠠᠶᠢᠵᠤ ᠣᠷᠣᠰᠢᠨ ᠰᠠᠭᠤᠬᠤ ᠳᠤ ᠲᠣᠬᠢᠷᠠᠮᠵᠢᠲᠠᠢ ᠬᠥᠳᠡᠭᠡ ᠲᠣᠰᠬᠤᠨ ᠤ ᠦᠯᠢᠭᠡᠷ ᠳᠠᠭᠤᠷᠢᠶᠠᠯ ᠪᠣᠯᠬᠤ ᠶᠢ ᠢᠲᠡᠭᠡᠵᠦ ᠪᠠᠶᠢᠨ᠎ᠠ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号