ᠢᠦᠶ ᡁᠢ ᠶᠦᠩ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠲᠥᠪ ᠲᠤ ᠬᠦᠷᠴᠦ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ ᠬᠦᠯᠢᠶᠡᠨ ᠠᠪᠤᠪᠠ
ᠨᠡᠶᠢᠲᠡᠯᠡᠭᠰᠡᠨ ᠴᠠᠭ᠄
2024/7/5
      7 ᠰᠠᠷ᠎ᠠ ᠶᠢᠨ 4 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠢᠦᠢ ᡁᠢ ᠶᠦᠩ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠲᠥᠪ ᠲᠤ ᠬᠦᠷᠴᠦ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠢ ᠬᠦᠯᠢᠶᠡᠨ ᠠᠪᠤᠪᠠ᠃      ᠰᠤᠷᠪᠤᠯᠵᠢᠯᠠᠭ᠎ᠠ ᠶᠢ ᠬᠦᠯᠢᠶᠡᠨ ᠠᠪᠬᠤ ᠶᠠᠪᠤᠴᠠ ᠳᠤ᠂ ᠢᠦᠢ ᡁᠢ ᠶᠦᠩ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠬᠦ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠴᠠᠢ᠃ ᠲᠡᠷᠡ᠂ ︽ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠳᠦᠷᠢᠮ︾ ᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ᠂ ᠠᠰᠢᠭ ᠲᠤᠰᠠ ᠶᠢ ᠵᠣᠬᠢᠴᠠᠭᠤᠯᠬᠤ᠂ ᠡᠷᠬᠡ ᠠᠰᠢᠭ ᠢ ᠪᠠᠲᠤᠯᠠᠬᠤ ᠵᠠᠮ ᠢ ᠰᠠᠭᠠᠳ ᠦᠭᠡᠢ ᠨᠡᠪᠲᠡᠷᠡᠭᠦᠯᠦᠨ ᠵᠢᠷᠤᠮᠵᠢᠭᠤᠯᠵᠤ᠂ ᠬᠠᠤᠯᠢ ᠲᠣᠭᠲᠠᠭᠠᠯ ᠶᠣᠰᠣᠭᠠᠷ ᠰᠤᠷᠪᠤᠯᠵᠢᠯᠠᠭ᠎ᠠ ᠶᠢ ᠬᠦᠯᠢᠶᠡᠨ ᠠᠪᠬᠤ ᠪᠠ ᠬᠠᠷᠢᠭᠤᠯᠲᠠ ᠥᠭᠬᠦ ᠶᠢ ᠥᠷᠨᠢᠭᠦᠯᠵᠦ᠂ ᠤᠯᠠᠨ ᠲᠦᠮᠡᠨ ᠤ ᠬᠠᠤᠯᠢ ᠶᠣᠰᠣᠨ ᠤ ᠭᠤᠮᠣᠳᠠᠯ ᠱᠠᠭᠠᠷᠳᠠᠯᠭ᠎ᠠ ᠶᠢ ᠴᠠᠭ ᠲᠤᠬᠠᠢ ᠳᠤᠨᠢ ᠰᠢᠢᠳᠪᠦᠷᠢᠯᠡᠵᠦ᠂ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠡᠷᠲᠡ ᠰᠢᠢᠳᠪᠦᠷᠢᠯᠡᠵᠦ᠂ ᠪᠠᠭ᠎ᠠ ᠳᠡᠭᠡᠷ᠎ᠡ ᠨᠢ ᠰᠢᠢᠳᠪᠦᠷᠢᠯᠡᠵᠦ᠂ ᠦᠨᠳᠦᠰᠦᠨ ᠱᠠᠲᠤᠨ ᠳᠤ ᠰᠢᠢᠳᠪᠦᠷᠢᠯᠡᠬᠦ ᠬᠡᠷᠡᠭᠲᠡᠢ ᠭᠡᠵᠦ ᠬᠡᠯᠡᠪᠡ᠃ ᠬᠠᠷᠢᠭᠤᠴᠠᠯᠭ᠎ᠠ ᠪᠠᠨ ᠰᠠᠨᠠᠭᠠᠴᠢᠯᠠᠭ᠎ᠠ ᠠᠴᠠ ᠪᠠᠨ ᠭᠦᠢᠴᠡᠳᠬᠡᠵᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠠᠵᠢᠯ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠪᠦᠬᠦ ᠲᠠᠯ᠎ᠠ ᠪᠠᠷ ᠤᠢᠢᠯᠠᠭᠠᠨ ᠡᠵᠡᠮᠰᠢᠵᠦ᠂ ᠤᠯᠠᠨ ᠲᠦᠮᠡᠨ ᠤ ᠪᠣᠳᠠᠲᠠᠢ ᠬᠦᠴᠢᠷᠳᠡᠯ ᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠰᠢᠢᠳᠪᠦᠷᠢᠯᠡᠵᠦ᠂ ᠭᠡᠷ ᠲᠤᠨᠢ ᠬᠦᠷᠭᠡᠬᠦ ᠤᠯᠠᠨ ᠲᠦᠮᠡᠨ ᠤ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠢ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号