ᠪᠠᠢ ᠴᠦᠨ ᠯᠸᠢ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/7/5
      7 ᠰᠠᠷ᠎ᠠ ᠶᠢᠨ 4 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠲᠣᠭᠤᠷᠢᠭ ᠤᠨ ᠤᠳᠤᠷᠢᠳᠤᠯᠭ᠎ᠠ ᠰᠢᠤ ᠹᠠᠩ ᠣᠷᠣᠯᠴᠠᠪᠠ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠪᠠᠶ ᠴᠦᠨ ᠯᠸᠢ ᠳᠤᠮᠳᠠᠳᠤ ᠮᠣᠩᠭᠤᠯ ᠣᠷᠣᠰ ᠤᠨ ᠤᠨᠴᠠᠯᠢᠬᠳᠤ ᠠᠷᠠᠯᠵᠢᠶᠠᠨ ᠤ ᠣᠷᠣᠨ ᠤ ᠬᠦᠢᠲᠡᠨ ᠬᠥᠮᠥᠷᠭᠡ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠶᠢᠨ ᠭᠤᠸᠠᠩ ᠪᠦᠷᠢᠨ ᠪᠠᠷᠠᠭ᠎ᠠ᠂ ᠳᠤᠮᠳᠠᠳᠤ ᠮᠣᠩᠭᠤᠯ ᠣᠷᠣᠰ ᠤᠨ ᠤᠨᠴᠠᠯᠢᠬᠳᠤ ᠠᠷᠠᠯᠵᠢᠶᠠᠨ ᠤ ᠣᠷᠣᠨ ᠤ ᠣᠶᠢᠷ᠎ᠠ ᠶᠢᠨ ᠬᠤᠭᠤᠴᠠᠭᠠᠨ ᠤ ᠡᠵᠡᠩᠨᠡᠯᠲᠡ ᠶᠢᠨ ᠪᠠᠶᠢᠳᠠᠯ᠂ ᠳᠠᠪᠠᠭᠤᠯᠢᠭ ᠣᠨᠴᠠᠯᠢᠭ᠂ ᠬᠥᠭᠵᠢᠯᠲᠡ ᠶᠢᠨ ᠴᠢᠭᠯᠡᠯ᠂ ᠢᠷᠡᠭᠡᠳᠦᠶ ᠶᠢᠨ ᠲᠥᠯᠥᠪᠵᠢᠭᠦᠯᠭᠡ ᠵᠢᠴᠢ ᠣᠷᠣᠰᠢᠵᠤ ᠪᠠᠶᠢᠭ᠎ᠠ ᠬᠦᠴᠢᠷᠳᠡᠯ ᠵᠡᠷᠭᠡ ᠶᠢ ᠨᠠᠷᠢᠨ ᠣᠶᠢᠯᠠᠭᠠᠪᠠ᠃ ᠲᠡᠷᠡ᠂ ᠭᠤᠷᠪᠠᠳᠤᠭᠠᠷ ᠠᠵᠤ ᠦᠢᠯᠡᠰ ᠪᠣᠯ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠡᠮᠵᠢᠬᠦ ᠴᠢᠬᠤᠯᠠ ᠪᠡᠯᠭᠡ ᠲᠡᠮᠳᠡᠭ ᠮᠥᠨ᠂ ᠵᠠᠬ᠎ᠠ ᠳᠡᠯᠭᠡᠭᠦᠷ ᠤᠨ ᠠᠵᠤ ᠠᠬᠤᠢ ᠶᠢ ᠬᠥᠭᠵᠢᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠮᠥᠨ᠂ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ ᠴᠢᠬᠤᠯᠠ ᠬᠦᠴᠦᠨ ᠮᠥᠨ᠂ ᠪᠠᠰᠠ ᠴᠤ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠳᠣᠲᠣᠭᠠᠳᠤ ᠱᠠᠭᠠᠷᠳᠠᠯᠭ᠎ᠠ ᠮᠥᠨ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠥᠭᠵᠢᠯᠲᠡ ᠶᠢᠨ ᠤᠬᠠᠮᠰᠠᠷ ᠢᠶᠠᠨ ᠴᠢᠩᠭᠠᠳᠬᠠᠵᠤ᠂ ᠡᠷᠦᠬᠡ ᠳᠠᠷᠠᠭᠠᠯᠠᠨ ᠠᠵᠤ ᠠᠬᠤᠶᠢᠯᠠᠯ ᠳᠤ ᠭᠦᠨᠵᠡᠭᠡᠶᠢᠷᠡᠨ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠴᠠᠭ ᠲᠤᠬᠠᠢ ᠳᠤᠨᠢ ᠨᠡᠩ ᠤᠯᠠᠨ ᠬᠠᠨᠳᠤᠯᠭᠠᠲᠤ ᠴᠢᠨᠠᠷ ᠢᠶᠠᠷ ᠴᠢᠩᠭ᠎ᠠ᠂ ᠪᠣᠳᠠᠲᠠᠢ ᠶᠢ ᠡᠷᠬᠢᠮᠯᠡᠭᠰᠡᠨ ᠥᠨᠳᠥᠷ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠰᠠᠶᠢᠨ ᠰᠠᠶᠢᠬᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠴᠢᠷᠮᠠᠶᠢᠨ ᠪᠤᠢ ᠪᠣᠯᠭᠠᠬᠤ ᠬᠡᠷᠡᠭᠲᠡᠢ᠃ ᠠᠵᠤ ᠠᠬᠤᠶᠢᠯᠠᠯ ᠤᠨ ᠬᠢᠨ ᠵᠠᠬ᠎ᠠ ᠳᠡᠯᠭᠡᠭᠦᠷ ᠤᠨ ᠬᠥᠭᠵᠢᠯᠲᠡ ᠪᠣᠯᠤᠨ ᠤᠯᠠᠨ ᠲᠦᠮᠡᠨ ᠤ ᠬᠡᠷᠡᠭᠴᠡᠭᠡ ᠳᠤ ᠰᠠᠭᠤᠷᠢᠯᠠᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠤᠨᠢᠨ ᠳᠡᠭᠡᠷ᠎ᠡ ᠨᠢ ᠪᠠᠶᠢᠷᠢ ᠲᠣᠭᠲᠠᠭᠠᠯᠲᠠ ᠬᠢᠵᠦ᠂ ᠬᠤᠳᠠᠯᠳᠤᠭᠠᠨ ᠤ ᠲᠠᠯᠠᠪᠤᠷ ᠤᠨ ᠪᠠᠶᠢᠷᠢᠰᠢᠭᠤᠯᠤᠯᠲᠠ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠬᠡᠷᠡᠭᠯᠡᠭᠡᠨ ᠤ ᠡᠵᠡᠩᠨᠡᠯᠲᠡ ᠶᠢᠨ ᠬᠡᠯᠪᠡᠷᠢ ᠶᠢ ᠪᠠᠶᠠᠯᠢᠭᠵᠢᠭᠤᠯᠵᠤ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠨᠡᠩ ᠠᠯᠤᠰ ᠬᠡᠳᠤ ᠶᠢᠨ ᠬᠠᠷᠠᠴᠠ᠂ ᠨᠡᠩ ᠪᠦᠷᠢᠨ ᠲᠡᠭᠦᠯᠳᠡᠷ ᠬᠠᠩᠭᠠᠯᠭ᠎ᠠ᠂ ᠨᠡᠩ ᠳᠣᠲᠣᠨᠣ ᠦᠢᠯᠡᠴᠢᠯᠡᠭᠡ ᠪᠠᠷ ᠠᠷᠠᠳ ᠤᠯᠠᠨ ᠤ ᠬᠡᠷᠡᠭᠯᠡᠭᠡᠨ ᠤ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠲᠡᠢ᠃ ᠳᠤᠮᠳᠠᠳᠤ ᠮᠣᠩᠭᠤᠯ ᠣᠷᠣᠰ ᠤᠨ ᠤᠨᠴᠠᠯᠢᠬᠳᠤ ᠠᠷᠠᠯᠵᠢᠶᠠᠨ ᠤ ᠣᠷᠣᠨ ᠤ ᠬᠦᠢᠳᠡᠨ ᠬᠥᠮᠥᠷᠭᠡ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠲᠦᠷᠭᠡᠳᠬᠡᠨ ᠠᠬᠢᠭᠤᠯᠵᠤ᠂ ᠠᠷᠠᠯᠵᠢᠶᠠᠨ ᠤ ᠲᠣᠭᠤᠷᠢᠭ ᠤᠨ ᠢᠵᠢ ᠪᠦᠷᠢᠳᠦᠭᠰᠡᠨ ᠲᠥᠬᠦᠭᠡᠷᠦᠮᠵᠢ ᠶᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠬᠠᠶᠢᠨᠠᠨ ᠲᠣᠭᠤᠷᠢᠭ ᠤᠨ ᠤᠶᠤᠨᠲᠤ ᠪᠠᠷᠠᠭᠠᠨ ᠤ ᠭᠦᠢᠯᠭᠡᠭᠡ᠂ ᠢᠨᠲ᠋ᠧᠷ ᠰᠦᠯᠵᠢᠶᠡᠨ ᠤ ᠬᠦᠢᠳᠡᠨ ᠬᠡᠯᠬᠢᠶ᠎ᠡ᠂ ᠲᠣᠭᠠᠴᠢᠯᠠᠭᠰᠠᠨ ᠠᠷᠠᠯᠵᠢᠶ᠎ᠠ᠂ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭ᠎ᠠ ᠵᠡᠷᠭᠡ ᠲᠠᠯ᠎ᠠ ᠶᠢᠨ ᠳᠤᠲᠠᠭᠤᠳᠠᠯ ᠢ ᠨᠥᠬᠦᠪᠥᠷᠢᠯᠡᠬᠦ ᠬᠡᠷᠡᠭᠲᠡᠢ᠃
4.png
      ᠰᠢᠨ ᠢᠦᠢ ᠪᠠᠷᠠᠭᠠᠨ ᠤ ᠭᠦᠢᠯᠭᠡᠭᠡᠨ ᠤ ᠬᠢᠵᠠᠭᠠᠷᠲᠤ ᠺᠣᠮᠫᠠᠨᠢ᠂ ᠴᠠᠩ ᠳ᠋ᠠ ᠠᠵᠤ ᠦᠢᠯᠡᠰ ᠤᠨ ᠬᠢᠵᠠᠭᠠᠷᠲᠤ ᠺᠣᠮᠫᠠᠨᠢ᠂ ᠮᠧᠩ ᠵᠧᠩ ᠪᠠᠷᠠᠭᠠᠨ ᠤ ᠭᠦᠢᠯᠭᠡᠭᠡᠨ ᠤ ᠬᠢᠵᠠᠭᠠᠷᠲᠤ ᠺᠣᠮᠫᠠᠨᠢ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠪᠠᠢ ᠴᠦᠨ ᠯᠸᠢ ᠪᠠᠷᠠᠭᠠᠨ ᠤ ᠭᠦᠢᠯᠭᠡᠭᠡᠨ ᠤ ᠺᠣᠮᠫᠠᠨᠢ ᠶᠢᠨ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠯ᠎ᠡ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠦᠨᠳᠦᠰᠦᠨ ᠪᠠᠶᠢᠳᠠᠯ ᠢ ᠭᠦᠨᠵᠡᠭᠡᠢ ᠣᠶᠢᠯᠠᠭᠠᠵᠤ᠂ ᠲᠡᠭᠦᠨ ᠤ ᠲᠤᠬᠠᠶᠢᠯᠠᠭᠰᠠᠨ ᠠᠵᠢᠯ ᠤᠨ ᠬᠡᠮᠵᠢᠶ᠎ᠡ ᠪᠣᠯᠤᠨ ᠲᠠᠯᠠᠪᠤᠷ ᠭᠠᠵᠠᠷ ᠤᠨ ᠬᠡᠷᠡᠭᠴᠡᠭᠡ ᠶᠢᠨ ᠬᠡᠮᠵᠢᠶ᠎ᠡ ᠶᠢ ᠨᠠᠷᠢᠨ ᠬᠢᠨᠠᠮᠠᠭᠠᠢ ᠵᠠᠳᠠᠯᠵᠤ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ ᠭᠤᠣᠯᠳᠠᠯᠭ᠎ᠠ ᠲᠠᠢ ᠬᠦᠷᠢᠶᠡᠨ ᠤ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠪᠠᠷᠠᠭᠠᠨ ᠤ ᠭᠦᠢᠯᠭᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠵᠢᠷᠤᠮᠵᠢᠭᠤᠯᠤᠨ ᠲᠡᠭᠦᠯᠳᠡᠷᠵᠢᠭᠦᠯᠵᠦ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ ᠲᠥᠪᠯᠡᠷᠡᠯᠲᠡ᠂ ᠤᠶᠤᠨᠴᠢᠯᠠᠯᠲᠠ᠂ ᠲᠣᠭᠠᠴᠢᠯᠠᠭᠰᠠᠨ ᠲᠦᠪᠰᠢᠨ ᠢ ᠦᠨᠡᠨᠬᠦ ᠳᠡᠭᠡᠭᠰᠢᠯᠡᠭᠦᠯᠵᠦ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠰᠢᠨ᠎ᠡ ᠬᠥᠳᠡᠯᠭᠡᠬᠦ ᠬᠦᠴᠦᠨ ᠢ ᠲᠦᠷᠭᠡᠨ ᠪᠤᠶᠢᠵᠢᠭᠤᠯᠵᠤ᠂ ᠪᠠᠷᠠᠭᠠᠨ ᠤ ᠭᠦᠢᠯᠭᠡᠭᠡᠨ ᠤ ᠲᠣᠭᠲᠠᠭᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠬᠡᠯᠡᠪᠡ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠭᠤᠷᠪᠠᠳᠤᠭᠠᠷ ᠠᠵᠤ ᠦᠢᠯᠡᠰ ᠤᠨ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号