ᠯᠢ ᠰᠢᠶᠤᠤ ᠴᠢᠩ ᠬᠠᠶᠢᠨᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ 2024 ᠣᠨ ᠤ ᠬᠤᠶᠠᠳᠤᠭᠠᠷ ᠤᠳᠠᠭᠠᠨ ᠤ ᠪᠥᠬᠦᠳᠡ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/5
      7 ᠰᠠᠷ᠎ᠠ ᠶᠢᠨ 4 ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢ ᠰᠢᠶᠤᠤ ᠴᠢᠩ ᠲᠤᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ 2024 ᠣᠨ ᠤ ᠬᠤᠶᠠᠳᠤᠭᠠᠷ ᠤᠳᠠᠭᠠᠨ ᠤ ᠪᠥᠬᠦᠳᠡ ᠬᠤᠷᠠᠯ ᠢ ᠡᠷᠭᠢᠯᠡᠨ ᠬᠤᠷᠠᠯᠳᠤᠭᠤᠯᠵᠤ᠂ 6 ᠰᠠᠷ᠎ᠠ ᠶᠢᠨ 27 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠠᠷᠪᠠᠨ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠵᠣᠷᠢᠭ ᠰᠠᠨᠠᠭ᠎ᠠ᠂ ᠲᠥᠪ ᠤᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠶᠢᠨ ᠪᠠᠶ ᠨᠡᠷ᠎ᠡ ᠪᠢᠴᠢᠭᠰᠡᠨ ᠵᠣᠬᠢᠶᠠᠯ ︽ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠣᠳᠣᠬᠢᠴᠢᠯᠠᠯᠲᠠ ᠶᠢᠨ ᠲᠤᠯᠭᠠᠭᠤᠷᠢᠯᠠᠯ ᠪᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠦᠶ᠋ᠯᠡᠴᠢᠯᠡᠬᠦ︾ ᠪᠠ ᠪᠡᠭᠡᠵᠢᠩ ᠬᠤᠲᠠ ᠶᠢᠨ ᠪᠠᠶᠢᠴᠠᠭᠠᠬᠤ ᠪᠠᠶᠢᠭᠤᠯᠭ᠎ᠠ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠯᠤᠰ ᠲᠥᠷᠥ ᠬᠠᠤᠯᠢ ᠴᠠᠭᠠᠵᠠ ᠶᠢᠨ ᠡᠯ᠎ᠡ ᠨᠢᠭᠡᠴᠡ ᠶᠢᠨ 2024 ᠣᠨ ᠤ ᠳᠡᠭᠡᠷ᠎ᠡ ᠬᠠᠭᠠᠰ ᠵᠢᠯ ᠤᠨ ᠠᠵᠢᠯ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠪᠠ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠳ ᠤᠨ ᠲᠤᠰᠢᠶᠠᠯ ᠤᠨ ᠮᠡᠳᠡᠭᠦᠯᠦᠯᠲᠡ ᠪᠠ ᠠᠷᠢᠭᠤᠨ ᠴᠢᠬᠡᠴᠢ ᠶᠢᠨ ᠮᠡᠳᠡᠭᠦᠯᠦᠯᠲᠡ ᠶᠢᠨ ᠪᠠᠶᠢᠳᠠᠯ ᠢ ᠰᠣᠨᠣᠰᠴᠤ᠂ ᠳᠣᠤᠷ᠎ᠠ ᠬᠠᠭᠠᠰ ᠵᠢᠯ ᠤᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠳᠠᠬᠢ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠪᠦᠬᠦ ᠶᠠᠪᠤᠴᠠ ᠶᠢᠨ ᠡᠯ᠎ᠡ ᠲᠠᠯ᠎ᠠ ᠳᠤ ᠲᠤᠭᠤᠰᠢᠯᠠᠭᠤᠯᠬᠤ ᠶᠢ ᠪᠠᠷᠢᠮᠲᠠᠯᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠲᠦᠷᠢᠮ︾ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠴᠢᠬᠤᠯᠠ ᠶᠡᠭᠡ ᠤᠴᠢᠷ ᠶᠠᠪᠤᠳᠠᠯ ᠤᠨ ᠲᠤᠬᠠᠢ ᠵᠢᠭᠠᠪᠤᠷᠢ ᠠᠪᠴᠤ ᠮᠡᠳᠡᠭᠦᠯᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠬᠤᠳᠠ ᠶᠢᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠤᠯᠤᠰ ᠲᠦᠷᠦ ᠶᠢᠨ ᠱᠠᠯᠠᠪᠳᠠᠭᠤᠯᠤᠨ ᠪᠠᠶᠢᠴᠠᠭᠠᠯᠲᠠ᠂ ᠰᠠᠬᠢᠯᠭ᠎ᠠ ᠪᠠᠲᠤ ᠣᠪᠣᠷ ᠰᠤᠷᠲᠠᠯ ᠤᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠬᠦ ᠲᠠᠯ᠎ᠠ ᠪᠠᠷ ᠰᠠᠶᠢᠲᠤᠷ ᠠᠳᠬᠤᠬᠤ ᠬᠡᠷᠡᠭᠲᠡᠢ᠃ ᠬᠠᠶᠢᠨᠠᠨ ᠲᠣᠭᠤᠷᠢᠭ ᠤᠨ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠨᠠᠮ ᠤᠨ ᠪᠠᠶᠢᠭᠤᠯᠤᠯᠲᠠ ᠶᠢᠨ ᠬᠤᠯᠪᠣᠭ᠎ᠠ ᠶᠢ ᠵᠣᠬᠢᠶᠠᠨ ᠪᠠᠶᠢᠭᠤᠯᠵᠤ᠂ ︽ᠲᠤᠯᠤᠭᠠᠨ ᠬᠤᠯᠪᠣᠭᠠᠯᠠᠨ ᠬᠥᠳᠡᠯᠦᠯᠴᠡᠬᠦ︾ ᠪᠠᠷ ᠭᠠᠷᠳᠠᠴᠠ ᠪᠣᠯᠭᠠᠵᠤ᠂ ᠨᠠᠮ ᠤᠨ ᠪᠠᠶᠢᠭᠤᠯᠤᠯᠲᠠ ᠪᠠ ᠲᠤᠬᠠᠶᠢᠯᠠᠭᠰᠠᠨ ᠠᠵᠢᠯ ᠤᠨ ᠬᠤᠶᠠᠷ ᠢ ᠠᠭᠤᠰᠤᠯᠴᠠᠭᠤᠯᠤᠨ ᠬᠤᠶᠠᠷ ᠢ ᠠᠬᠢᠭᠤᠯᠬᠤ ᠶᠢ ᠪᠡᠶᠡᠯᠡᠭᠦᠯᠵᠦ᠂ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠣᠳᠣᠬᠢᠴᠢᠯᠠᠯᠲᠠ ᠶᠢ ᠠᠬᠢᠭᠤᠯᠬᠤ ᠳᠤ ᠬᠦᠴᠦᠨ ᠨᠡᠮᠡᠷᠢᠯᠡᠪᠡ᠃ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠡᠷᠡᠰ ᠪᠠᠲᠤ ᠴᠣᠭᠴᠠᠯᠠᠬᠤ ᠬᠡᠷᠡᠭᠲᠡᠢ᠃ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠵᠡᠷᠭᠡ ᠴᠢᠬᠤᠯᠠ ᠠᠵᠢᠯᠯᠠᠭ᠎ᠠ᠂ ᠵᠠᠩᠭᠢᠯᠠᠭ᠎ᠠ ᠶᠢᠨ ᠴᠡᠭ ᠤᠨ ᠲᠣᠭᠲᠠᠭᠤᠨ ᠢ ᠬᠠᠮᠠᠭᠠᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠶᠢ ᠪᠦᠬᠦ ᠲᠠᠯ᠎ᠠ ᠪᠠᠷ ᠴᠢᠩᠭᠠᠳᠬᠠᠵᠤ᠂ ᠦᠨᠳᠦᠰᠦᠲᠡᠨ ᠪᠦᠯᠬᠦᠮᠳᠡᠭᠰᠡᠨ᠂ ᠨᠡᠶᠢᠭᠡᠮ ᠡᠶ᠎ᠡ ᠵᠣᠬᠢᠴᠠᠩᠭᠤᠢ᠂ ᠬᠢᠯᠢ ᠬᠢᠵᠠᠭᠠᠷ ᠠᠮᠤᠷ ᠲᠣᠭᠲᠠᠭᠤᠨ ᠪᠠᠶᠢᠬᠤ ᠰᠠᠶᠢᠨ ᠰᠠᠶᠢᠬᠠᠨ ᠪᠠᠶᠢᠳᠠᠯ ᠢ ᠬᠦᠴᠦᠯᠡᠨ ᠬᠠᠮᠠᠭᠠᠯᠠᠬᠤ ᠬᠡᠷᠡᠭᠲᠡᠢ᠃ ᠠᠮᠤᠷ ᠠᠮᠤᠭᠤᠯᠠᠩ ᠬᠠᠶᠢᠨᠠᠨ ᠤ ᠲᠡᠰ ᠳᠡᠪᠰᠢᠬᠦ ᠶᠢ ᠭᠦᠨᠵᠡᠭᠡᠢ ᠠᠬᠢᠭᠤᠯᠬᠤ ᠬᠡᠷᠡᠭᠲᠡᠢ᠃ ︽ᠠᠮᠤᠭᠤᠯᠠᠩᠲᠤ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ︾ ᠶᠢ ᠡᠭᠦᠳᠬᠦ ᠪᠠᠷ ᠭᠠᠷᠳᠠᠴᠠ ᠪᠣᠯᠭᠠᠵᠤ᠂ ︽ᠠᠮᠤᠷ ᠲᠠᠶᠢᠪᠤᠩ ᠴᠢᠳᠠᠮᠠᠭᠠᠶ ᠪᠠᠷ ᠵᠠᠰᠠᠬᠤ︾ ᠲᠦᠷᠦᠯ ᠲᠡᠮᠳᠡᠭ ᠢ ᠪᠣᠶ ᠪᠣᠯᠭᠠᠵᠤ᠂ ᠡᠯ᠎ᠡ ᠱᠠᠲᠤᠨ ᠤ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠪᠦᠬᠦ ᠲᠣᠭᠤᠷᠢᠭ ᠤᠨ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠠᠭᠤᠷᠢ ᠶᠢ ᠪᠠᠲᠤᠳᠬᠠᠨ ᠲᠠᠪᠴᠠᠩ ᠪᠣᠯᠭᠠᠨ᠎ᠠ᠃ ᠨᠡᠶᠢᠭᠡᠮ ᠤᠨ ᠵᠥᠷᠢᠴᠡᠯ ᠢ ᠪᠠᠶᠢᠴᠠᠭᠠᠨ ᠰᠢᠢᠳᠪᠦᠷᠢᠯᠡᠬᠦ ᠲᠤᠰᠬᠠᠢ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠵᠤ᠂ ︽ᠭᠤᠣᠯᠳᠠᠯᠭ᠎ᠠ ᠲᠠᠢ ᠬᠠᠮᠲᠤᠯᠢᠭ ᠢ ᠲᠣᠭᠲᠠᠭᠤᠨ ᠢᠶᠠᠷ ᠡᠵᠡᠮᠳᠡᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠶᠢ ᠪᠣᠳᠠᠲᠠᠶᠢᠵᠢᠭᠤᠯᠵᠤ᠂ ᠲᠤᠪᠤᠶᠢᠮ᠎ᠠ ᠵᠥᠷᠢᠴᠡᠯ ᠢ ᠪᠣᠳᠠᠲᠠᠢ ᠰᠢᠢᠳᠪᠦᠷᠢᠯᠡᠬᠦ︾ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠤᠯᠤᠰ ᠲᠦᠷᠦ ᠬᠠᠤᠯᠢ ᠴᠠᠭᠠᠵᠠ ᠶᠢᠨ ᠬᠦᠷᠢᠶᠡᠨ ᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠯᠠᠪᠳᠠᠭᠤᠨ ᠢᠶᠠᠷ ᠳᠡᠭᠡᠭᠰᠢᠯᠡᠭᠦᠯᠬᠦ ᠬᠡᠷᠡᠭᠲᠡᠢ᠃ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ︽ᠠᠵᠤ ᠠᠬᠤᠶᠢᠯᠠᠯ ᠳᠤ ᠣᠷᠣᠭᠤᠯᠬᠤ᠂ ᠰᠠᠨᠠᠯ ᠰᠣᠨᠣᠰᠬᠤ᠂ ᠬᠦᠴᠢᠷᠳᠡᠯ ᠢ ᠰᠢᠢᠳᠪᠦᠷᠢᠯᠡᠬᠦ︾ ᠪᠠᠶᠢᠴᠠᠭᠠᠨ ᠰᠤᠳᠤᠯᠵᠤ ᠰᠤᠷᠪᠤᠯᠵᠢᠯᠠᠬᠤ ᠠᠵᠢᠯᠯᠠᠭ᠎ᠠ ᠶᠢ ᠥᠷᠨᠢᠭᠦᠯᠦᠨ᠎ᠡ᠃ ᠤᠯᠤᠰ ᠲᠦᠷᠦ ᠬᠠᠤᠯᠢ ᠴᠠᠭᠠᠵᠠ ᠶᠢᠨ ᠬᠦᠷᠢᠶᠡᠨ ᠳᠠᠬᠢ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠭᠦᠨᠵᠡᠭᠡᠢ ᠠᠬᠢᠭᠤᠯᠵᠤ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠣᠨᠣᠪᠴᠢᠲᠠᠢ ᠨᠠᠶᠢᠳᠠᠪᠤᠷᠢᠵᠢᠭᠤᠯᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠪᠠᠶᠢᠴᠠᠭᠠᠬᠤ ᠪᠠᠶᠢᠭᠤᠯᠭ᠎ᠠ᠂ ᠰᠢᠭᠦᠨ ᠲᠠᠰᠤᠯᠬᠤ ᠪᠠᠶᠢᠭᠤᠯᠭ᠎ᠠ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠬᠠᠷᠢᠯᠴᠠᠨ ᠬᠠᠮᠵᠢᠯᠴᠠᠬᠤ᠂ ᠬᠠᠷᠢᠯᠴᠠᠨ ᠬᠢᠵᠠᠭᠠᠷᠯᠠᠬᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠬᠦ ᠶᠢ ᠠᠬᠢᠭᠤᠯᠬᠤ ᠬᠡᠷᠡᠭᠲᠡᠢ᠃ ᠪᠦᠬᠦ ᠲᠠᠯ᠎ᠠ ᠪᠠᠷ ᠪᠠᠲᠤ ᠴᠢᠩᠭ᠎ᠠ ᠤᠯᠤᠰ ᠲᠦᠷᠦ ᠬᠠᠤᠯᠢ ᠴᠠᠭᠠᠵᠠ ᠶᠢᠨ ᠲᠡᠮᠦᠷ ᠴᠡᠷᠢᠭ ᠢ ᠴᠢᠷᠮᠠᠶᠢᠨ ᠳᠠᠪᠲᠠᠨ ᠪᠣᠯᠪᠠᠰᠤᠷᠠᠭᠤᠯᠬᠤ ᠬᠡᠷᠡᠭᠲᠡᠢ᠃ ᠰᠤᠷᠭᠠᠯᠲᠠ᠂ ᠰᠤᠷᠤᠯᠴᠠᠯᠭ᠎ᠠ᠂ ᠪᠣᠯᠪᠠᠰᠤᠷᠠᠯ᠂ ᠳᠠᠢᠨ ᠤ ︽ᠳᠥᠷᠪᠡ ᠶᠢ ᠨᠢᠭᠡ ᠴᠤᠭᠴᠠᠵᠢᠭᠤᠯᠬᠤ︾ ᠬᠥᠮᠦᠵᠢᠯ ᠪᠣᠯᠪᠠᠰᠤᠷᠠᠭᠤᠯᠤᠯ ᠤᠨ ᠲᠣᠭᠲᠠᠴᠠ ᠶᠢ ᠦᠷᠭᠦᠯᠵᠢᠯᠡᠨ ᠪᠦᠷᠢᠨᠰᠢᠭᠦᠯᠵᠦ᠂ ᠤᠯᠤᠰ ᠲᠥᠷᠥ ᠬᠠᠤᠯᠢ ᠴᠠᠭᠠᠵᠠ ᠶᠢᠨ ᠬᠢᠴᠢᠶᠡᠯ ᠤᠨ ᠲᠠᠩᠬᠢᠮ᠂ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠨᠠᠷ ᠰᠠᠷ᠎ᠠ ᠪᠦᠷᠢ ᠰᠤᠷᠤᠯᠴᠠᠵᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠪᠠ ᠬᠡᠪ ᠴᠢᠨᠠᠷ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠭᠤᠯᠤᠯ ᠤᠨ ᠠᠩᠭᠢ ᠶᠢ ᠦᠷᠭᠦᠯᠵᠢᠯᠡᠨ ᠠᠬᠢᠭᠤᠯᠵᠤ᠂ ᠠᠵᠢᠯ ᠤᠨ ᠪᠠᠶᠢᠷᠢ ᠶᠢᠨ ᠶᠡᠭᠡ ᠪᠣᠯᠪᠠᠰᠤᠷᠠᠯ᠂ ᠮᠡᠷᠭᠡᠵᠢᠯ ᠤᠨ ᠮᠥᠷᠦ᠋ᠢᠴᠡᠭᠡᠨ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠭᠦᠨᠵᠡᠭᠡᠶ ᠥᠷᠨᠢᠭᠦᠯᠵᠦ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠪᠠᠷᠢᠮᠵᠢᠶᠠᠵᠢᠭᠤᠯᠤᠯᠲᠠ᠂ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠤᠨ᠎ᠠ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号